ᠰᠢ ᠶᠢᠨ ᠫᠢᠩ ᠠᠮᠧᠷᠢᠺᠠ ᠶᠢᠨ ᠦᠢᠯᠡᠳᠪᠦᠷᠢ ᠬᠤᠳᠠᠯᠳᠤᠭᠠᠨ ᠤ ᠡᠲᠡᠭᠡᠳ ᠪᠣᠯᠣᠨ ᠪᠠᠶᠢᠯᠳᠤᠬᠤ ᠪᠣᠳᠣᠯᠭ᠎ᠠ ᠶᠢᠨ ᠡᠷᠳᠡᠮ ᠰᠢᠨᠵᠢᠯᠡᠭᠡᠨ ᠤ ᠡᠲᠡᠭᠡᠳ ᠤᠨ ᠲᠥᠯᠥᠭᠡᠯᠡᠭᠴᠢᠳ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/1
      ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 27 ᠤ ᠴᠠᠭᠢᠯᠭᠠᠨ ᠮᠡᠳᠡᠭᠡ 3 ᠰᠠᠷ᠎ᠠ ᠶᠢᠨ 27 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠠᠮᠧᠷᠢᠺᠠ ᠶᠢᠨ ᠦᠢᠯᠡᠳᠪᠦᠷᠢ ᠬᠤᠳᠠᠯᠳᠤᠭᠠᠨ ᠤ ᠡᠲᠡᠭᠡᠳ ᠪᠣᠯᠣᠨ ᠪᠠᠶᠢᠯᠳᠤᠬᠤ ᠪᠣᠳᠣᠯᠭ᠎ᠠ ᠶᠢᠨ ᠡᠷᠳᠡᠮ ᠰᠢᠨᠵᠢᠯᠡᠭᠡᠨ ᠤ ᠡᠲᠡᠭᠡᠳ ᠤᠨ ᠲᠥᠯᠥᠭᠡᠯᠡᠭᠴᠢᠳ ᠲᠠᠢ ᠬᠠᠮᠲᠤ ᠠᠭᠤᠯᠵᠠᠪᠠ᠃  
     3 ᠰᠠᠷ᠎ᠠ ᠶᠢᠨ 27 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠠᠮᠧᠷᠢᠺᠠ ᠶᠢᠨ ᠦᠢᠯᠡᠳᠪᠦᠷᠢ ᠬᠤᠳᠠᠯᠳᠤᠭᠠᠨ ᠤ ᠡᠲᠡᠭᠡᠳ ᠪᠣᠯᠣᠨ ᠪᠠᠶᠢᠯᠳᠤᠬᠤ ᠪᠣᠳᠣᠯᠭ᠎ᠠ ᠶᠢᠨ ᠡᠷᠳᠡᠮ ᠰᠢᠨᠵᠢᠯᠡᠭᠡᠨ ᠤ ᠡᠲᠡᠭᠡᠳ ᠤᠨ ᠲᠥᠯᠥᠭᠡᠯᠡᠭᠴᠢᠳ ᠲᠠᠢ ᠠᠭᠤᠯᠵᠠᠪᠠ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠱᠧᠨ ᠬᠤᠩ ᠰᠡᠭᠦᠳᠡᠷᠯᠡᠪᠡ            ᠰᠢ ᠶᠢᠨ ᠫᠢᠩ ᠠᠮᠧᠷᠢᠺᠠ ᠶᠢᠨ ᠦᠢᠯᠡᠳᠪᠦᠷᠢ ᠬᠤᠳᠠᠯᠳᠤᠭᠠᠨ ᠤ ᠡᠲᠡᠭᠡᠳ ᠪᠣᠯᠣᠨ ᠪᠠᠶᠢᠯᠳᠤᠬᠤ ᠪᠣᠳᠣᠯᠭ᠎ᠠ ᠶᠢᠨ ᠡᠷᠳᠡᠮ ᠰᠢᠨᠵᠢᠯᠡᠭᠡᠨ ᠤ ᠡᠲᠡᠭᠡᠳ ᠤᠨ ᠬᠢᠨ ᠤ ᠳᠡᠯᠭᠡᠷᠡᠬᠦ ᠬᠠᠪᠤᠷ ᠢᠶᠠᠷ ᠳᠤᠮᠳᠠᠳᠤ ᠤᠯᠤᠰ ᠲᠤ ᠠᠶᠢᠯᠴᠢᠯᠠᠬᠰᠠᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠰᠢ ᠶᠢᠨ ᠫᠢᠩ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠪᠣᠯ ᠳᠡᠯᠡᠬᠡᠢ ᠳᠡᠭᠡᠷᠡᠬᠢ ᠬᠠᠮᠤᠭ ᠤᠨ ᠴᠢᠬᠤᠯᠠ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠨᠢᠭᠡ ᠪᠣᠯᠣᠨ᠎ᠠ᠃ ᠳᠤᠮᠳᠠᠳᠤ ᠠᠮᠧᠷᠢᠺᠠ ᠬᠤᠶᠠᠷ ᠤᠯᠤᠰ ᠬᠠᠮᠲᠤᠷᠠᠯᠴᠠᠬᠤ ᠶᠤᠮ ᠦᠦ ᠡᠰᠡᠬᠦᠯ᠎ᠡ ᠡᠰᠡᠷᠭᠦᠴᠡᠯᠳᠦᠬᠦ ᠶᠤᠮ ᠦᠦ ᠭᠡᠳᠡᠭ ᠨᠢ ᠬᠤᠶᠠᠷ ᠤᠯᠤᠰ ᠤᠨ ᠠᠷᠠᠳ ᠲᠦᠮᠡᠨ ᠤ ᠪᠤᠶᠠᠨ ᠵᠢᠷᠭᠠᠯ ᠪᠣᠯᠣᠨ ᠬᠥᠮᠥᠨ ᠲᠥᠷᠥᠯᠬᠢᠲᠡᠨ ᠤ ᠢᠷᠡᠭᠡᠳᠦᠢ ᠬᠤᠪᠢ ᠵᠠᠶᠠᠭ᠎ᠠ ᠲᠠᠢ ᠬᠤᠯᠪᠣᠭᠳᠠᠨ᠎ᠠ᠃ ᠳᠤᠮᠳᠠᠳᠤ ᠠᠮᠧᠷᠢᠺᠠ ᠶᠢᠨ ᠲᠤᠰ ᠲᠤᠰ ᠤᠨ ᠠᠮᠵᠢᠯᠲᠠ ᠪᠣᠯ ᠬᠠᠷᠢᠯᠴᠠᠨ ᠠᠵᠠ ᠲᠣᠭᠢᠶᠠᠯ ᠪᠤᠯᠳᠠᠭ᠃ ᠬᠤᠶᠠᠷ ᠲᠠᠯ᠎ᠠ ᠪᠠᠷ ᠢᠶᠠᠨ ᠴᠥᠮ ᠨᠦᠭᠦᠭᠡ ᠡᠲᠡᠭᠡᠳ ᠢᠶᠠᠨ ᠬᠠᠨᠢᠲᠠᠨ ᠢᠶᠠᠷ ᠦᠵᠡᠵᠦ᠂ ᠬᠠᠷᠢᠯᠴᠠᠨ ᠭᠦᠨᠳᠦᠳᠭᠡᠵᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠵᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠭᠦᠷᠳᠡᠪᠡᠯ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠠᠷᠤᠢ ᠰᠠᠶᠢᠵᠢᠷᠠᠬᠤ ᠶᠤᠮ᠃ ᠡᠨᠡ ᠵᠢᠯ ᠪᠣᠯ ᠳᠤᠮᠳᠠᠳᠤ ᠠᠮᠧᠷᠢᠺᠠ ᠶᠢᠨ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠤᠢ ᠪᠣᠯᠣᠨ᠎ᠠ᠃ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠲᠡᠦᠬᠡ ᠪᠣᠯ ᠬᠤᠶᠠᠷ ᠤᠯᠤᠰ ᠤᠨ ᠠᠷᠠᠳ ᠲᠦᠮᠡᠨ ᠤ ᠨᠥᠭᠦᠷᠰᠡᠭ ᠶᠠᠪᠤᠯᠴᠠᠭᠠᠨ ᠤ ᠲᠡᠦᠬᠡ ᠮᠥᠨ᠂ ᠥᠩᠭᠡᠷᠡᠭᠰᠡᠨ ᠳᠤ ᠠᠷᠠᠳ ᠲᠦᠮᠡᠨ ᠳᠤ ᠲᠦᠰᠢᠭᠯᠡᠨ ᠪᠢᠴᠢᠭᠯᠡᠵᠦ᠂ ᠢᠷᠡᠭᠡᠳᠦᠢ ᠳᠤ ᠨᠡᠩ ᠴᠤ ᠠᠷᠠᠳ ᠲᠦᠮᠡᠨ ᠳᠤ ᠲᠦᠰᠢᠭᠯᠡᠨ ᠡᠭᠦᠳᠦᠨ ᠪᠦᠲᠦᠭᠡᠬᠦ ᠬᠡᠷᠡᠭᠲᠡᠢ᠃ ᠳᠤᠮᠳᠠᠳᠤ ᠤᠯᠤᠰ ᠲᠤ ᠰᠠᠶᠢᠨ ᠢ ᠰᠤᠷᠬᠤᠶ᠎ᠠ ᠤᠷᠭᠢᠯ ᠳᠤ ᠠᠪᠠᠷᠢᠬᠤ ᠮᠡᠲᠦ ᠪᠡᠷᠬᠡ᠂ ᠮᠠᠭᠤ ᠶᠢ ᠰᠤᠷᠬᠤᠶ᠎ᠠ ᠴᠠᠰᠤᠨ ᠢᠪᠡᠷᠡᠬᠦ ᠮᠡᠲᠦ ᠭᠢᠯᠪᠠᠷ ᠭᠡᠳᠡᠭ ᠦᠭᠡ ᠪᠠᠶᠢᠳᠠᠭ᠃ ᠬᠤᠶᠠᠷ ᠤᠯᠤᠰ ᠤᠨ ᠡᠯ᠎ᠡ ᠡᠲᠡᠭᠡᠳ ᠤᠨ ᠬᠥᠮᠥᠰ ᠢᠯᠡᠭᠦᠬᠡᠨ ᠶᠠᠪᠤᠯᠴᠠᠵᠤ᠂ ᠢᠯᠡᠭᠦᠬᠡᠨ ᠰᠣᠯᠢᠯᠴᠠᠵᠤ᠂ ᠲᠠᠰᠤᠷᠠᠯᠲᠠ ᠦᠭᠡᠢ ᠬᠠᠮᠲᠤ ᠶᠢᠨ ᠲᠠᠨᠢᠯᠲᠠ ᠪᠠᠨ ᠬᠤᠷᠠᠮᠳᠤᠭᠤᠯᠵᠤ᠂ ᠢᠲᠡᠭᠡᠯᠴᠡᠭᠡ ᠪᠠᠨ ᠨᠡᠮᠡᠭᠳᠡᠭᠦᠯᠵᠦ᠂ ᠡᠯ᠎ᠡ ᠵᠦᠢᠯ ᠤᠨ ᠬᠠᠷᠰᠢ ᠰᠠᠭᠠᠳ ᠢ ᠠᠷᠢᠯᠭᠠᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠦᠨᠡᠨ ᠪᠣᠳᠠᠲᠠᠢ ᠪᠤᠶᠠᠨ ᠦᠢᠯᠡᠳᠴᠦ᠂ ᠳᠡᠯᠡᠬᠡᠢ ᠳ᠋ᠠᠬᠢᠨ ᠳᠤ ᠨᠡᠩ ᠤᠯᠠᠨ ᠲᠣᠭᠲᠠᠭᠤᠨ ᠴᠢᠨᠠᠷ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃      ᠰᠢ ᠶᠢᠨ ᠫᠢᠩ ᠠᠮᠧᠷᠢᠺᠠ ᠶᠢᠨ ᠲᠠᠯ᠎ᠠ ᠶᠢᠨ ᠲᠥᠯᠥᠭᠡᠯᠡᠭᠴᠢᠳ ᠤᠨ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠳᠡᠳᠡᠨ ᠤ ᠬᠠᠯᠠᠮᠵᠢᠯᠠᠵᠤ ᠪᠠᠶᠢᠭ᠎ᠠ ᠠᠰᠠᠭᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠪᠡ᠃      ᠰᠢ ᠶᠢᠨ ᠫᠢᠩ᠂ ᠳᠤᠮᠳᠠᠳᠤ ᠤᠯᠤᠰ ᠤᠨ ᠠᠵᠤ ᠠᠬᠤᠢ ᠪᠣᠯ ᠡᠷᠡᠭᠦᠯ ᠪᠥᠭᠡᠳ ᠦᠷᠭᠦᠯᠵᠢᠯᠡᠬᠦ ᠴᠢᠨᠠᠷᠲᠠᠢ ᠶᠤᠮ᠃ ᠨᠢᠳᠤᠨᠤᠨ ᠳᠤᠮᠳᠠᠳᠤ ᠤᠯᠤᠰ ᠤᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠳᠡᠯᠡᠬᠡᠢ ᠶᠢᠨ ᠭᠤᠣᠯ ᠪᠤᠯᠬᠤ ᠠᠵᠤ ᠠᠬᠤᠢ ᠶᠢᠨ ᠴᠣᠭᠴᠠ ᠶᠢᠨ ᠳᠣᠲᠣᠷ᠎ᠠ ᠡᠮᠦᠨ᠎ᠡ ᠡᠩᠨᠡᠭᠡᠨ ᠳᠤ ᠣᠷᠣᠵᠤ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ ᠦᠷᠭᠦᠯᠵᠢᠯᠡᠨ 30% ᠶᠢ ᠳᠠᠪᠠᠪᠠ᠂ ᠡᠭᠦᠨ ᠢ ᠳᠤᠮᠳᠠᠳᠤ ᠤᠯᠤᠰ ᠤᠨ ᠠᠷᠠᠳ ᠲᠦᠮᠡᠨ ᠬᠢᠵᠦ ᠪᠦᠲᠦᠭᠡᠭᠰᠡᠨ ᠪᠥᠭᠡᠳ ᠤᠯᠠᠨ ᠤᠯᠤᠰ ᠤᠨ ᠬᠠᠮᠲᠤᠷᠠᠯᠴᠠᠭ᠎ᠠ ᠠᠴᠠ ᠰᠠᠯᠵᠤ ᠴᠢᠳᠠᠬᠤ ᠦᠭᠡᠢ ᠶᠤᠮ᠃ ᠳᠤᠮᠳᠠᠳᠤ ᠤᠯᠤᠰ ᠤᠨ ᠬᠥᠭᠵᠢᠯᠲᠡ ᠡᠯ᠎ᠡ ᠵᠦᠢᠯ ᠤᠨ ᠬᠦᠴᠢᠷ ᠪᠡᠷᠬᠡᠰᠢᠶᠡᠯ ᠥᠷᠢᠰᠦᠯᠳᠦᠭᠡᠨ ᠢ ᠥᠩᠭᠡᠷᠡᠭᠡᠭᠡᠳ ᠰᠠᠶ᠋ᠢ ᠥᠨᠥᠳᠥᠷ ᠲᠤ ᠬᠦᠷᠴᠡᠢ᠂ ᠥᠩᠭᠡᠷᠡᠭᠰᠡᠨ ᠳᠤ ︽ᠳᠤᠮᠳᠠᠳᠤ ᠤᠯᠤᠰ ᠰᠦᠢᠷᠡᠬᠦ ᠤᠨᠤᠯ︾ ᠠᠴᠠ ᠪᠣᠯᠵᠤ ᠰᠦᠢᠷᠡᠭᠰᠡᠨ ᠦᠭᠡᠢ᠂ ᠤᠳᠤ ᠴᠤ ︽ᠳᠤᠮᠳᠠᠳᠤ ᠤᠯᠤᠰ ᠤᠷᠭᠢᠯ ᠳᠠᠭᠠᠨ ᠲᠤᠯᠤᠭᠰᠠᠨ ᠤᠨᠤᠯ︾ ᠠᠴᠠ ᠪᠣᠯᠵᠤ ᠤᠷᠭᠢᠯ ᠳᠠᠭᠠᠨ ᠲᠤᠯᠬᠤ ᠶᠤᠮ ᠪᠢᠰᠢ᠃ ᠪᠢᠳᠡ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠢ ᠲᠠᠰᠤᠷᠠᠯᠲᠠ ᠦᠭᠡᠢ ᠨᠠᠩ ᠰᠠᠶᠢᠨ ᠠᠮᠢᠳᠤᠷᠠᠭᠤᠯᠬᠤ ᠪᠥᠭᠡᠳ ᠪᠠᠰᠠ ᠳᠡᠯᠡᠬᠡᠢ ᠶᠢᠨ ᠦᠷᠭᠦᠯᠵᠢᠯᠡᠬᠦ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃ ᠳᠤᠮᠳᠠᠳᠤ ᠤᠯᠤᠰ ᠤᠨ ᠬᠥᠭᠵᠢᠯᠲᠡ ᠶᠢᠨ ᠢᠷᠡᠭᠡᠳᠦᠢ ᠪᠣᠯ ᠭᠡᠭᠡᠨ ᠰᠠᠷᠠᠭᠤᠯ ᠶᠤᠮ᠂ ᠪᠢᠳᠡ ᠢᠲᠡᠭᠡᠯ ᠲᠡᠭᠦᠯᠳᠡᠷ ᠪᠠᠶᠢᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠲᠣᠮᠣ ᠠᠯᠬᠤᠮ ᠢᠶᠠᠷ ᠴᠠᠭ ᠦᠶ᠎ᠡ ᠶᠢ ᠬᠥᠭᠡᠭᠡᠵᠦ ᠭᠦᠢᠴᠡᠬᠦ ᠴᠢᠬᠤᠯᠠ ᠡᠷᠳᠡᠨᠢ ᠮᠥᠨ᠃ ᠳᠤᠮᠳᠠᠳᠤ ᠤᠯᠤᠰ ᠤᠨ ᠥᠭᠡᠷᠡᠴᠢᠯᠡᠯᠲᠡ ᠵᠣᠭᠰᠣᠰᠢ ᠦᠭᠡᠢ ᠶᠤᠮ᠂ ᠨᠡᠭᠡᠭᠡᠯᠲᠡ ᠵᠣᠭᠰᠣᠰᠢ ᠦᠭᠡᠢ ᠶᠤᠮ᠃ ᠪᠢᠳᠡ ᠶᠠᠭ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠠᠯᠢ ᠤᠯᠠᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠲᠥᠯᠥᠪᠵᠢᠭᠦᠯᠦᠨ ᠬᠡᠷᠡᠭᠵᠢᠭᠦᠯᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠪᠠᠶᠢᠭᠤᠯᠵᠤ᠂ ᠠᠮᠧᠷᠢᠺᠠ ᠶᠢᠨ ᠠᠵᠤ ᠠᠬᠤᠶᠢᠯᠠᠯ ᠢ ᠪᠠᠭᠲᠠᠭᠠᠭᠰᠠᠨ ᠡᠯ᠎ᠡ ᠤᠯᠤᠰ ᠤᠨ ᠠᠵᠤ ᠠᠬᠤᠶᠢᠯᠠᠯ ᠳᠤ ᠨᠡᠩ ᠥᠷᠭᠡᠨ ᠠᠭᠤᠳᠠᠮ ᠬᠥᠭᠵᠢᠯᠲᠡ ᠶᠢᠨ ᠣᠷᠣᠨ ᠵᠠᠢ ᠬᠠᠩᠭᠠᠵᠤ ᠪᠠᠶᠢᠨ᠎ᠠ᠃ ᠳᠤᠮᠳᠠᠳᠤ ᠠᠮᠧᠷᠢᠺᠠ ᠶᠢᠨ ᠠᠵᠤ ᠠᠬᠤᠢ ᠠᠷᠠᠯᠵᠢᠶᠠᠨ ᠤ ᠬᠠᠷᠢᠯᠴᠠᠭ᠎ᠠ ᠶᠢᠨ ᠣᠶᠢᠷ᠎ᠠ ᠶᠢᠨ ᠵᠢᠯ ᠳᠤ ᠢᠯᠡᠷᠡᠭᠰᠡᠨ ᠰᠢᠨ᠎ᠡ ᠪᠠᠶᠢᠳᠠᠯ ᠰᠢᠨ᠎ᠡ ᠬᠤᠪᠢᠷᠠᠯᠲᠠ ᠶᠢᠨ ᠡᠮᠦᠨ᠎ᠡ᠂ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠬᠤ᠂ ᠡᠷᠬᠡ ᠲᠡᠭᠰᠢ ᠪᠠᠷ ᠵᠥᠪᠳᠡᠯᠴᠡᠬᠦ ᠶᠢ ᠪᠠᠷᠢᠮᠲᠠᠯᠠᠵᠤ᠂ ᠠᠵᠤ ᠠᠬᠤᠢ ᠶᠢᠨ ᠵᠢᠮ᠎ᠡ ᠶᠣᠰᠣ ᠪᠣᠯᠣᠨ ᠵᠠᠬ᠎ᠠ ᠳᠡᠯᠭᠡᠭᠦᠷ ᠤᠨ ᠳᠦᠷᠢᠮ ᠶᠣᠰᠣᠭᠠᠷ ᠠᠵᠢᠯᠯᠠᠵᠤ᠂ ᠠᠵᠤ ᠠᠬᠤᠢ ᠠᠷᠠᠯᠵᠢᠶᠠᠨ ᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠨ ᠭᠦᠨᠵᠡᠭᠡᠶᠢᠷᠡᠭᠦᠯᠵᠦ᠂ ᠲᠤᠰ ᠲᠤᠰ ᠤᠨ ᠢᠶᠠᠨ ᠬᠥᠭᠵᠢᠯᠲᠡ ᠶᠢᠨ ᠡᠷᠬᠡ ᠶᠢ ᠭᠦᠨᠳᠦᠳᠭᠡᠵᠦ᠂ ᠳᠤᠮᠳᠠᠳᠤ ᠠᠮᠧᠷᠢᠺᠠ ᠶᠢᠨ ᠬᠠᠮᠲᠤ ᠪᠠᠷ ᠠᠰᠢᠭ ᠭᠦᠷᠳᠡᠭᠦ ᠪᠠ ᠳᠡᠯᠡᠬᠡᠢ ᠳ᠋ᠠᠬᠢᠨ ᠤ ᠬᠠᠮᠲᠤ ᠪᠠᠷ ᠠᠰᠢᠭ ᠭᠦᠷᠳᠡᠭᠦ ᠶᠢ ᠬᠥᠭᠡᠭᠡᠴᠡᠯᠳᠦᠬᠦ ᠬᠡᠷᠡᠭᠲᠡᠢ᠃ ᠠᠮᠧᠷᠢᠺᠠ ᠶᠢᠨ ᠠᠵᠤ ᠠᠬᠤᠶᠢᠯᠠᠯ ᠤᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ᠂ ᠳᠤᠮᠳᠠᠳᠤ ᠤᠯᠤᠰ ᠤᠨ ᠣᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠵᠡᠷᠭᠡ ᠲᠣᠮᠣ ᠭᠡᠯᠪᠡᠷᠢ ᠶᠢᠨ ᠠᠵᠤ ᠠᠬᠤᠢ ᠠᠷᠠᠯᠵᠢᠶᠠᠨ ᠤ ᠠᠵᠢᠯᠯᠠᠭ᠎ᠠ ᠳᠤ ᠨᠠᠩ ᠣᠯᠠᠨ ᠣᠷᠣᠯᠴᠠᠵᠤ᠂ ᠦᠷᠭᠦᠯᠵᠢᠯᠡᠨ ᠳᠤᠮᠳᠠᠳᠤ ᠤᠯᠤᠰ ᠲᠤ ᠪᠡᠯᠡ ᠣᠷᠣᠭᠤᠯᠵᠤ᠂ ᠳᠤᠮᠳᠠᠳᠤ ᠤᠯᠤᠰ ᠲᠤ ᠦᠨᠳᠦᠰᠦᠯᠡᠵᠦ᠂ ᠳᠤᠮᠳᠠᠳᠤ ᠤᠯᠤᠰ ᠲᠤ ᠠᠰᠢᠭ ᠭᠦᠷᠳᠡᠭᠦ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠡᠨᠡ ᠬᠡᠳᠦᠨ ᠵᠢᠯ ᠳᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠴᠥᠭᠡᠨ ᠪᠤᠰᠤ ᠨᠤᠭᠤᠷᠠᠯ ᠪᠦᠳᠦᠷᠢᠯ ᠢ ᠥᠩᠭᠡᠷᠡᠭᠦᠯᠵᠦ᠂ ᠪᠠᠰᠠ ᠬᠦᠨᠳᠦ ᠨᠣᠴᠢᠲᠠᠢ ᠥᠷᠢᠰᠦᠯᠳᠦᠭᠡᠨ ᠳᠤ ᠲᠤᠯᠭᠠᠷᠠᠵᠤ ᠥᠩᠭᠡᠷᠡᠪᠡ᠂ ᠡᠭᠦᠨ ᠤ ᠰᠤᠷᠭᠠᠮᠵᠢ ᠶᠢ ᠰᠢᠩᠭᠡᠬᠡᠨ ᠠᠪᠤᠭᠤᠰᠢᠲᠠᠢ ᠶᠤᠮ᠃ ᠳᠤᠮᠳᠠᠳᠤ ᠠᠮᠧᠷᠢᠺᠠ ᠶᠢᠨ ᠬᠠᠷᠢᠯᠴᠠᠭ᠎ᠠ ᠥᠩᠭᠡᠷᠡᠭᠰᠡᠨ ᠳᠡᠭᠡᠨ ᠪᠤᠴᠠᠵᠤ ᠳᠡᠶᠢᠯᠭᠦ ᠦᠭᠡᠢ ᠪᠤᠯᠪᠠᠴᠤ ᠨᠡᠩ ᠰᠠᠶᠢᠨ ᠰᠠᠶᠢᠬᠠᠨ ᠢᠷᠡᠭᠡᠳᠦᠢ ᠲᠠᠢ ᠪᠤᠯᠬᠤ ᠶᠤᠮ᠃ ᠨᠢᠳᠤᠨᠤᠨ ᠪᠢ ᠶᠡᠷᠦᠩᠬᠡᠶᠢᠯᠡᠭᠴᠢ ᠪᠠᠶᠢᠳᠧᠨ ᠲᠠᠢ ᠰᠠᠨ ᠹᠷᠠᠨᠰᠢᠰᠺᠤ ᠳᠤ ᠠᠭᠤᠯᠵᠠᠭᠰᠠᠨ ᠤ ᠬᠠᠮᠤᠭ ᠤᠨ ᠶᠡᠭᠡ ᠬᠠᠮᠲᠤ ᠶᠢᠨ ᠲᠠᠨᠢᠯᠲᠠ ᠪᠣᠯ ᠳᠤᠮᠳᠠᠳᠤ ᠠᠮᠧᠷᠢᠺᠠ ᠶᠢᠨ ᠬᠠᠷᠢᠴᠠᠭ᠎ᠠ ᠶᠢ ᠲᠣᠭᠲᠠᠪᠤᠷᠢᠵᠢᠭᠤᠯᠵᠤ᠂ ᠰᠠᠶᠢᠵᠢᠷᠠᠭᠤᠯᠬᠤ ᠶᠠᠪᠤᠳᠠᠯ ᠪᠣᠯᠣᠨ᠎ᠠ᠃ ᠥᠩᠭᠡᠷᠡᠭᠰᠡᠨ ᠬᠡᠳᠦᠨ ᠰᠠᠷ᠎ᠠ ᠳᠤ᠂ ᠬᠤᠶᠠᠷ ᠲᠠᠯ᠎ᠠ ᠶᠢᠨ ᠪᠦᠯᠭᠦᠮ ᠮᠢᠨᠤ ᠶᠡᠷᠦᠩᠬᠡᠶᠢᠯᠡᠭᠴᠢ ᠪᠠᠶᠢᠳᠧᠨ ᠲᠠᠢ ᠲᠣᠬᠢᠷᠠᠯᠴᠠᠭᠰᠠᠨ ᠬᠠᠮᠲᠤ ᠶᠢᠨ ᠲᠠᠨᠢᠯᠲᠠ ᠶᠢᠨ ᠲᠣᠭᠤᠷᠢᠨ ᠳᠤ᠂ ᠤᠯᠤᠰ ᠲᠦᠷᠦ ᠶᠢᠨ ᠭᠠᠳᠠᠭᠠᠳᠤ ᠬᠠᠷᠢᠯᠴᠠᠭ᠎ᠠ᠂ ᠠᠵᠤ ᠠᠬᠤᠢ ᠠᠷᠠᠯᠵᠢᠶ᠎ᠠ ᠡᠳ᠋ ᠤᠨ ᠵᠠᠰᠠᠭ ᠮᠥᠩᠭᠦᠨ ᠭᠦᠢᠯᠭᠡᠭᠡ᠂ ᠬᠠᠤᠯᠢ ᠬᠡᠷᠡᠭᠵᠢᠭᠦᠯᠵᠦ ᠬᠤᠣᠷ ᠴᠠᠭᠠᠵᠠᠯᠠᠬᠤ᠂ ᠠᠭᠤᠷ ᠠᠮᠢᠰᠬᠤᠯ ᠤᠨ ᠬᠤᠪᠢᠷᠠᠯᠲᠠ᠂ ᠰᠣᠶᠣᠯ ᠢᠷᠭᠡᠨᠰᠢᠯ ᠤᠨ ᠰᠣᠯᠢᠯᠴᠠᠭ᠎ᠠ ᠵᠡᠷᠭᠡ ᠡᠯ᠎ᠡ ᠬᠦᠷᠢᠶᠡᠨ ᠳᠤ ᠣᠯᠣᠯᠴᠠᠭ᠎ᠠ ᠪᠠᠨ ᠪᠠᠲᠤᠯᠠᠵᠤ᠂ ᠠᠬᠢᠴᠠ ᠲᠠᠢ ᠪᠣᠯᠪᠠ᠃ ᠣᠳᠣᠬᠠᠨ ᠤ ᠪᠠᠶᠢᠳᠠᠯ ᠳᠣᠣᠷ᠎ᠠ ᠳᠤᠮᠳᠠᠳᠤ ᠠᠮᠧᠷᠢᠺᠠ ᠶᠢᠨ ᠬᠠᠮᠲᠤ ᠶᠢᠨ ᠠᠰᠢᠭ ᠲᠤᠰᠠ ᠪᠠᠭᠠᠰᠤᠭᠰᠠᠨ ᠪᠢᠰᠢ ᠬᠠᠷᠢᠨ ᠨᠡᠩ ᠤᠯᠠᠨ ᠪᠣᠯᠤᠭᠰᠠᠨ ᠪᠠᠶᠢᠨ᠎ᠠ᠃ ᠠᠵᠤ ᠠᠬᠤᠢ ᠠᠷᠠᠯᠵᠢᠶ᠎ᠠ᠂ ᠬᠥᠳᠡᠭᠡ ᠠᠵᠤ ᠠᠬᠤᠢ ᠵᠡᠷᠭᠡ ᠤᠯᠠᠮᠵᠢᠯᠠᠯᠲᠤ ᠬᠦᠷᠢᠶ᠎ᠡ ᠭᠡᠰᠡᠨ ᠴᠦ᠂ ᠡᠰᠡᠬᠦᠯ᠎ᠡ ᠠᠭᠤᠷ ᠠᠮᠢᠰᠬᠤᠯ ᠤᠨ ᠬᠤᠪᠢᠷᠠᠯᠲᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠪᠠᠷ ᠮᠠᠨᠳᠤᠭᠰᠠᠨ ᠬᠦᠷᠢᠶ᠎ᠡ ᠭᠡᠰᠡᠨ ᠴᠦ᠂ ᠳᠤᠮᠳᠠᠳᠤ ᠠᠮᠧᠷᠢᠺᠠ ᠨᠦᠭᠦᠭᠡ ᠲᠠᠯ᠎ᠠ ᠶᠢᠨ ᠢᠶᠠᠨ ᠬᠥᠭᠵᠢᠯᠲᠡ ᠶᠢᠨ ᠬᠦᠴᠦᠨ ᠪᠤᠯᠬᠤ ᠶᠣᠰᠣᠲᠠᠢ᠂ ᠬᠠᠷᠢᠨ ᠬᠠᠷᠰᠢ ᠰᠠᠭᠠᠳ ᠪᠣᠯᠵᠤ ᠪᠤᠯᠬᠤ ᠦᠭᠡᠢ᠃ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠶᠢ ᠠᠬᠢᠭᠤᠯᠵᠤ᠂ ᠳᠡᠯᠡᠬᠡᠢ ᠶᠢᠨ ᠪᠠ ᠭᠠᠵᠠᠷ ᠣᠷᠣᠨ ᠤ ᠬᠠᠯᠠᠮᠰᠢᠯ ᠠᠰᠠᠭᠤᠳᠠᠯ ᠢ ᠰᠢᠢᠳᠪᠦᠷᠢᠯᠡᠬᠦ ᠳᠤ ᠴᠥᠮ ᠳᠤᠮᠳᠠᠳᠤ ᠠᠮᠧᠷᠢᠺᠠ ᠶᠢᠨ ᠵᠣᠬᠢᠴᠠᠭᠤᠯᠭ᠎ᠠ ᠬᠠᠮᠲᠤᠷᠠᠯᠴᠠᠭ᠎ᠠ ᠶᠢ ᠱᠠᠭᠠᠷᠳᠠᠵᠤ᠂ ᠲᠣᠮᠣ ᠤᠯᠤᠰ ᠤᠨ ᠬᠡᠬᠦᠳᠡᠭ ᠴᠡᠭᠡᠵᠢ ᠲᠠᠢ ᠪᠠᠶᠢᠵᠤ᠂ ᠲᠣᠮᠣ ᠤᠯᠤᠰ ᠤᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠠᠮᠧᠷᠢᠺᠠ ᠶᠢᠨ ᠲᠠᠯ᠎ᠠ ᠶᠢᠨ ᠬᠢᠨ ᠳᠤᠮᠳᠠᠳᠤ ᠤᠯᠤᠰ ᠲᠠᠢ ᠠᠳᠠᠯᠢ ᠴᠢᠭᠯᠡᠯ ᠢᠶᠠᠷ ᠤᠷᠤᠭᠰᠢᠯᠠᠵᠤ᠂ ᠵᠥᠪ ᠪᠠᠶᠢᠯᠳᠤᠬᠤ ᠪᠣᠳᠣᠯᠭ᠎ᠠ ᠶᠢᠨ ᠲᠠᠨᠢᠯᠲᠠ ᠶᠢ ᠪᠤᠢ ᠪᠤᠯᠭᠠᠵᠤ᠂ ᠰᠡᠷᠭᠡᠭ ᠠᠰᠠᠭᠤᠳᠠᠯ ᠢ ᠵᠣᠬᠢᠰᠲᠠᠢ ᠰᠢᠢᠳᠪᠦᠷᠢᠯᠡᠵᠦ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠪᠠᠭᠤᠷᠠᠯᠲᠠ ᠶᠢ ᠵᠣᠭᠰᠣᠭᠠᠵᠤ ᠲᠣᠭᠲᠠᠭᠤᠨ ᠪᠠᠶᠢᠬᠤ ᠬᠠᠨᠳᠤᠰᠢ ᠶᠢ ᠪᠠᠲᠤᠯᠠᠵᠤ᠂ ᠵᠥᠪ ᠢᠶᠠᠷ ᠬᠠᠷᠢᠯᠴᠠᠬᠤ ᠵᠠᠮ ᠢ ᠢᠳᠡᠪᠬᠢᠲᠡᠢ ᠰᠦᠪᠡᠭᠴᠢᠯᠡᠵᠦ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠦᠷᠭᠦᠯᠵᠢᠯᠡᠨ ᠲᠣᠭᠲᠠᠭᠤᠨ ᠡᠷᠡᠭᠦᠯ ᠢᠶᠠᠷ ᠬᠥᠭᠵᠢᠬᠦ ᠶᠢ ᠠᠬᠢᠭᠤᠯᠪᠠᠯ ᠵᠣᠬᠢᠨ᠎ᠠ ᠭᠡᠵᠦ ᠴᠢᠬᠤᠯᠠᠴᠢᠯᠠᠪᠠ᠃      ᠠᠮᠧᠷᠢᠺᠠ ᠳᠤᠮᠳᠠᠳᠤ ᠶᠢᠨ ᠬᠠᠷᠢᠯᠴᠠᠭᠠᠨ ᠤ ᠪᠦᠭᠦ ᠤᠯᠤᠰ ᠤᠨ ᠵᠥᠪᠯᠡᠯ ᠤᠨ ᠬᠡᠷᠡᠭ ᠮᠡᠳᠡᠭᠴᠢᠳ ᠤᠨ ᠬᠤᠷᠠᠯ ᠤᠨ ᠲᠡᠷᠢᠭᠦᠯᠡᠭᠴᠢ ᠭᠧᠯᠢᠨᠪᠦᠭᠧ᠂ ᠾᠧᠢ ᠱᠢ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠪᠥᠭᠡᠳ ᠲᠡᠷᠢᠭᠦᠨ ᠭᠦᠢᠴᠡᠳᠭᠡᠭᠴᠢ ᠲᠤᠰᠢᠶᠠᠯᠲᠠᠨ ᠰᠦ᠋ ᠱᠢ ᠮᠢᠨ᠂ ᠭᠤᠤ ᠲᠦᠩ ᠺᠤᠮᠫᠠᠨᠢ ᠶᠢᠨ ᠶᠡᠷᠦᠩᠬᠡᠢ ᠵᠠᠬᠢᠷᠤᠭᠴᠢ ᠪᠥᠭᠡᠳ ᠲᠡᠷᠢᠭᠦᠨ ᠭᠦᠢᠴᠡᠳᠭᠡᠭᠴᠢ ᠲᠤᠰᠢᠶᠠᠯᠲᠠᠨ ᠠᠨᠮᠧᠩ᠂ ᠬᠠᠹᠧᠷᠳ᠋ ᠶᠡᠭᠡ ᠰᠤᠷᠭᠠᠭᠤᠯᠢ ᠶᠢᠨ ᠺᠧᠨᠨᠢᠳᠢ ᠵᠠᠰᠠᠭ ᠤᠨ ᠣᠷᠳᠣᠨ ᠤ ᠳᠡᠭᠡᠳᠦ ᠰᠤᠷᠭᠠᠭᠤᠯᠢ ᠶᠢᠨ ᠡᠭᠦᠰᠬᠡᠨ ᠪᠠᠶᠢᠭᠤᠯᠤᠭᠰᠠᠨ ᠵᠠᠬᠢᠷᠤᠯ ᠠᠶᠢᠯᠢᠰᠧᠨ᠂ ᠠᠮᠧᠷᠢᠺᠠ ᠳᠤᠮᠳᠠᠳᠤ ᠶᠢᠨ ᠠᠷᠠᠯᠵᠢᠶᠠᠨ ᠤ ᠪᠦᠭᠦ ᠤᠯᠤᠰ ᠤᠨ ᠵᠥᠪᠯᠡᠯ ᠤᠨ ᠳᠠᠷᠤᠭ᠎ᠠ ᠠᠶᠢᠯᠦᠨ ᠵᠡᠷᠭᠡ ᠠᠮᠧᠷᠢᠺᠠ ᠶᠢᠨ ᠲᠠᠯ᠎ᠠ ᠶᠢᠨ ᠲᠥᠯᠥᠭᠡᠯᠡᠭᠴᠢ ᠶᠠᠷᠢᠶᠠᠨ ᠳᠠᠭᠠᠨ ᠲᠡᠷᠢᠭᠦᠯᠡᠭᠴᠢ ᠰᠢ ᠶᠢᠨ ᠫᠢᠩ ᠤᠨ ᠴᠠᠭ ᠭᠠᠷᠭᠠᠵᠤ ᠠᠭᠤᠯᠵᠠᠭᠰᠠᠨ ᠳᠤ ᠲᠠᠯᠠᠷᠬᠠᠪᠠ᠃ ᠲᠡᠳᠡ᠂ ᠥᠩᠭᠡᠷᠡᠭᠰᠡᠨ ᠬᠡᠳᠦᠨ ᠠᠷᠪᠠᠨ ᠵᠢᠯ ᠤᠨ ᠲᠤᠷᠰᠢ᠂ ᠳᠤᠮᠳᠠᠳᠤ ᠤᠯᠤᠰ ᠶᠡᠷᠦ ᠪᠤᠰᠤ ᠶᠢᠨ ᠠᠵᠤ ᠠᠬᠤᠢ ᠶᠢᠨ ᠨᠡᠮᠡᠭᠳᠡᠯ ᠪᠣᠯᠣᠨ ᠭᠡᠯᠪᠡᠷᠢ ᠶᠢ ᠬᠤᠪᠢᠷᠠᠭᠤᠯᠬᠤ ᠶᠢ ᠪᠡᠶᠡᠯᠡᠭᠦᠯᠵᠦ᠂ ᠬᠦᠴᠦᠷᠬᠡᠭ ᠶᠡᠭᠡ ᠤᠶᠠᠨ ᠬᠠᠳᠠᠨ ᠴᠢᠨᠠᠷ ᠪᠣᠯᠣᠨ ᠠᠮᠢᠵᠢᠷᠠᠯ ᠤᠨ ᠬᠦᠴᠦᠨ ᠢ ᠢᠯᠡᠷᠡᠭᠦᠯᠪᠡ᠃ ᠲᠡᠷᠢᠭᠦᠯᠡᠭᠴᠢ ᠰᠢ ᠶᠢᠨ ᠫᠢᠩ ᠤᠨ ᠭᠠᠷᠮᠠᠭᠠᠢ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠᠷ ᠴᠢᠷᠮᠠᠶᠢᠵᠤ᠂ ᠨᠡᠩ ᠦᠷᠭᠦᠯᠵᠢᠯᠡᠬᠦ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠪᠡ᠃ ᠳᠤᠮᠳᠠᠳᠤ ᠤᠯᠤᠰ ᠤᠨ ᠠᠷᠠᠳ ᠲᠦᠮᠡᠨ ᠤ ᠬᠥᠭᠵᠢᠯᠲᠡ ᠶᠢᠨ ᠡᠷᠬᠡ ᠬᠦᠨᠳᠦᠳᠬᠡᠭᠳᠡᠬᠦ ᠶᠣᠰᠣᠲᠠᠢ᠃ ᠳᠤᠮᠳᠠᠳᠤ ᠤᠯᠤᠰ ᠲᠤᠰ ᠪᠡᠶ᠎ᠡ ᠶᠢᠨ ᠬᠥᠭᠵᠢᠯᠲᠡ ᠶᠢᠨ ᠬᠠᠷᠠᠯᠲᠠ ᠪᠠᠨ ᠪᠡᠶᠡᠯᠡᠭᠦᠯᠵᠦ᠂ ᠳᠡᠯᠡᠬᠡᠢ ᠶᠢᠨ ᠠᠵᠤ ᠠᠬᠤᠢ ᠶᠢᠨ ᠬᠥᠭᠵᠢᠯᠲᠡ ᠪᠣᠯᠣᠨ ᠠᠭᠤᠰᠤᠯᠴᠠᠯ ᠢ ᠠᠬᠢᠭᠤᠯᠬᠤ ᠶᠢ ᠢᠲᠡᠭᠡᠵᠦ ᠪᠠᠶᠢᠨ᠎ᠠ᠃ ᠬᠦᠴᠦᠷᠬᠡᠭ ᠶᠡᠭᠡ᠂ ᠴᠡᠴᠡᠭᠯᠡᠨ ᠬᠥᠭᠵᠢᠭᠰᠡᠨ ᠳᠤᠮᠳᠠᠳᠤ ᠤᠯᠤᠰ ᠪᠣᠯ ᠳᠡᠯᠡᠬᠡᠢ ᠳ᠋ᠠᠬᠢᠨ ᠤ ᠢᠳᠡᠪᠬᠢ ᠬᠦᠴᠦᠨ ᠮᠥᠨ᠃ ᠠᠮᠧᠷᠢᠺᠠ ᠳᠤᠮᠳᠠᠳᠤ ᠶᠢᠨ ᠠᠵᠤ ᠠᠬᠤᠢ ᠶᠢᠨ ᠬᠠᠷᠢᠯᠴᠠᠭ᠎ᠠ ᠨᠢᠭᠲᠠ ᠲᠦᠰᠢᠯᠴᠡᠨ ᠣᠷᠣᠰᠢᠵᠤ᠂ ᠬᠤᠶᠠᠷ ᠤᠯᠤᠰ ᠭᠠᠭᠴᠠ ᠬᠦ ᠨᠠᠶᠢᠷᠠᠮᠳᠠᠯ ᠢᠶᠠᠷ ᠵᠡᠷᠭᠡᠴᠡᠨ ᠣᠷᠣᠰᠢᠪᠠᠯ ᠰᠠᠶ᠋ᠢ ᠲᠤᠰ ᠲᠤᠰ ᠤᠨ ᠬᠥᠭᠵᠢᠯ ᠴᠡᠴᠡᠭᠯᠡᠯ ᠢᠶᠠᠨ ᠪᠡᠶᠡᠯᠡᠭᠦᠯᠵᠦ ᠴᠢᠳᠠᠨ᠎ᠠ᠃ ︽ᠰᠢᠦᠺᠢᠳᠢᠳ ᠤᠨ ᠤᠨᠠᠭᠤᠯᠢ︾ ᠨᠢ ᠵᠠᠶᠢᠯᠠᠰᠢ ᠦᠭᠡᠢ ᠪᠢᠰᠢ᠃ ᠠᠮᠧᠷᠢᠺᠠ ᠶᠢᠨ ᠠᠵᠤ ᠠᠬᠤᠶᠢᠯᠠᠯ ᠤᠨ ᠬᠢᠨ ᠣᠶᠢᠷ᠎ᠠ ᠶᠢᠨ ᠬᠤᠭᠤᠴᠠᠭᠠᠨ ᠳᠤ ᠳᠤᠮᠳᠠᠳᠤ ᠤᠯᠤᠰ ᠤᠨ ᠲᠣᠭᠲᠠᠭᠠᠭᠰᠠᠨ ᠤᠯᠠᠮ ᠴᠢᠨᠠᠭᠰᠢᠳᠠ ᠥᠭᠡᠷᠡᠴᠢᠯᠡᠯᠲᠡ ᠨᠡᠭᠡᠭᠡᠯᠲᠡ ᠬᠢᠬᠦ ᠠᠯᠢ ᠤᠯᠠᠨ ᠴᠢᠬᠤᠯᠠ ᠠᠷᠭ᠎ᠠ ᠬᠡᠮᠵᠢᠶ᠎ᠡ ᠶᠢ ᠮᠠᠭᠲᠠᠨ ᠰᠠᠶᠢᠰᠢᠶᠠᠵᠤ᠂ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠠᠯᠤᠰ ᠢᠷᠡᠭᠡᠳᠦᠢ ᠳᠤ ᠢᠲᠡᠭᠡᠯ ᠲᠠᠢ ᠪᠠᠶᠢᠵᠤ᠂ ᠡᠷᠡᠰ ᠭᠤᠶᠢᠪᠢᠰᠢ ᠦᠭᠡᠢ ᠪᠠᠷ ᠳᠤᠮᠳᠠᠳᠤ ᠤᠯᠤᠰ ᠲᠤ ᠦᠷᠭᠦᠯᠵᠢᠯᠡᠨ ᠦᠨᠳᠦᠰᠦᠯᠡᠵᠦ᠂ ᠳᠤᠮᠳᠠᠳᠤ ᠤᠯᠤᠰ ᠯᠤᠭ᠎ᠠ ᠤᠷᠳᠤ ᠬᠤᠭᠤᠴᠠᠭᠠᠨ ᠤ ᠨᠢᠭᠲᠠ ᠬᠠᠮᠲᠤᠷᠠᠯᠴᠠᠭᠠᠨ ᠤ ᠬᠠᠷᠢᠯᠴᠠᠭ᠎ᠠ ᠶᠢ ᠬᠥᠭᠵᠢᠭᠦᠯᠦᠨ᠎ᠡ᠃ ᠲᠡᠷᠢᠭᠦᠯᠡᠭᠴᠢ ᠰᠢ ᠶᠢᠨ ᠫᠢᠩ ᠶᠡᠷᠦᠩᠬᠡᠶᠢᠯᠡᠭᠴᠢ ᠪᠠᠶᠢᠳᠧᠨ ᠲᠠᠢ ᠨᠢᠳᠤᠨᠤᠨ ᠤ 11 ᠰᠠᠷ᠎ᠠ ᠳᠤ ᠰᠠᠨ ᠹᠷᠠᠨᠰᠢᠰᠺᠦ ᠳᠤ ᠠᠮᠵᠢᠯᠲᠠ ᠲᠠᠢ ᠠᠭᠤᠯᠵᠠᠯᠲᠠ ᠬᠢᠵᠦ᠂ ᠠᠮᠧᠷᠢᠺᠠ ᠶᠢᠨ ᠡᠯ᠎ᠡ ᠡᠲᠡᠭᠡᠳ ᠪᠣᠯᠣᠨ ᠳᠡᠯᠡᠬᠡᠢ ᠶᠢᠨ ᠠᠮᠧᠷᠢᠺᠠ ᠳᠤᠮᠳᠠᠳᠤ ᠶᠢᠨ ᠬᠠᠷᠢᠯᠴᠠᠭᠠᠨ ᠤ ᠢᠷᠡᠭᠡᠳᠦᠢ ᠶᠢᠨ ᠲᠤᠬᠠᠢ ᠵᠢᠱᠢᠯᠲᠡ ᠪᠣᠯᠣᠨ ᠢᠲᠡᠭᠡᠯ ᠢ ᠬᠥᠪᠴᠢᠯᠡᠪᠡ᠃ ᠠᠮᠧᠷᠢᠺᠠ ᠶᠢᠨ ᠦᠢᠯᠡᠳᠪᠦᠷᠢ ᠬᠤᠳᠠᠯᠳᠤᠭᠠᠨ ᠤ ᠡᠲᠡᠭᠡᠳ ᠪᠣᠯᠣᠨ ᠪᠠᠶᠢᠯᠳᠤᠬᠤ ᠪᠣᠳᠣᠯᠭ᠎ᠠ ᠶᠢᠨ ᠡᠷᠳᠡᠮ ᠰᠢᠨᠵᠢᠯᠡᠭᠡᠨ ᠤ ᠡᠲᠡᠭᠡᠳ ᠠᠮᠧᠷᠢᠺᠠ ᠳᠤᠮᠳᠠᠳᠤ ᠬᠤᠶᠠᠷ ᠲᠠᠯ᠎ᠠ ᠶᠢᠨ ᠬᠢᠨ ᠡᠯ᠎ᠡ ᠲᠡᠰ ᠳᠠᠪᠬᠤᠷᠭ᠎ᠠ ᠶᠢᠨ ᠶᠠᠪᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠬᠤ ᠶᠢ ᠲᠡᠮᠵᠢᠵᠤ᠂ ᠣᠶᠢᠯᠠᠭᠠᠯᠴᠠᠭ᠎ᠠ᠂ ᠢᠲᠡᠭᠡᠯᠴᠡᠭᠡ ᠪᠣᠯᠣᠨ ᠬᠠᠮᠲᠤᠷᠠᠯᠴᠠᠭ᠎ᠠ ᠪᠠᠨ ᠨᠡᠮᠡᠭᠳᠡᠭᠦᠯᠵᠦ᠂ ᠭᠠᠷ ᠬᠤᠯᠪᠣᠨ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠠᠷᠭᠠᠴᠠᠭᠠᠵᠤ᠂ ᠲᠣᠭᠲᠠᠭᠤᠨ᠂ ᠦᠷᠭᠦᠯᠵᠢᠯᠡᠬᠦ᠂ ᠦᠷ᠎ᠡ ᠪᠦᠲᠦᠮᠵᠢᠳᠠᠢ ᠠᠮᠧᠷᠢᠺᠠ ᠳᠤᠮᠳᠠᠳᠤ ᠶᠢᠨ ᠬᠠᠷᠢᠯᠴᠠᠭ᠎ᠠ ᠪᠠᠶᠢᠭᠤᠯᠬᠤ ᠶᠢ ᠠᠬᠢᠭᠤᠯᠤᠨ᠎ᠠ ᠭᠡᠵᠦ ᠢᠯᠡᠳᠬᠡᠵᠡᠭᠡᠪᠡ᠃      ᠸᠠᠩ ᠢ ᠠᠭᠤᠯᠵᠠᠯᠲᠠ ᠳᠤ ᠣᠷᠣᠯᠴᠠᠵᠠᠢ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1