ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠦᠯᠬᠦ ᠶᠣᠰᠣᠯᠠᠯ ᠶᠠᠪᠤᠭᠤᠯᠪᠠ ᠰᠢ ᠶᠢᠨ ᠫᠢᠩ ᠵᠠᠷᠯᠢᠭ ᠤᠨ ᠪᠢᠴᠢᠭ ᠭᠠᠷᠳᠠᠭᠤᠯᠤᠭᠰᠠᠨ ᠪᠥᠭᠡᠳ ᠴᠣᠯᠠ ᠳᠤ ᠳᠡᠪᠰᠢᠭᠰᠡᠨ ᠣᠹᠢᠼᠧᠷ ᠲᠤ ᠪᠠᠶᠠᠷ ᠬᠦᠷᠭᠡᠵᠡᠢ
ᠨᠡᠶᠢᠲᠡᠯᠡᠭᠰᠡᠨ ᠴᠠᠭ᠄
2024/4/1
       ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 28 ᠤ ᠴᠠᠭᠢᠯᠭᠠᠨ ᠮᠡᠳᠡᠭᠡ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠦᠯᠬᠦ ᠶᠣᠰᠣᠯᠠᠯ 28 ᠤ ᠡᠳᠦᠷ ᠪᠡᠭᠡᠵᠢᠩ ᠤᠨ ︽8 · 1︾ ᠤ ᠶᠡᠭᠡ ᠠᠰᠠᠷ ᠲᠤ ᠶᠠᠪᠤᠭᠳᠠᠪᠠ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠣᠯᠠ ᠳᠤ ᠳᠡᠪᠰᠢᠭᠦᠯᠬᠦ ᠶᠣᠰᠣᠯᠠᠯ ᠳᠤ ᠣᠷᠣᠯᠴᠠᠵᠠᠢ᠃
        3 ᠰᠠᠷ᠎ᠠ ᠶᠢᠨ 28 ᠤ ᠡᠳᠦᠷ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠦᠯᠬᠦ ᠶᠣᠰᠣᠯᠠᠯ ᠪᠡᠭᠡᠵᠢᠩ ᠤᠨ ︽8 · 1︾ ᠤ ᠶᠡᠭᠡ ᠠᠰᠠᠷ ᠲᠤ ᠶᠠᠪᠤᠭᠳᠠᠪᠠ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠣᠯᠠ ᠳᠤ ᠳᠡᠪᠰᠢᠭᠦᠯᠬᠦ ᠶᠣᠰᠣᠯᠠᠯ ᠳᠤ ᠣᠷᠣᠯᠴᠠᠪᠠ᠃ ᠵᠢᠷᠤᠭ ᠪᠣᠯ ᠰᠢ ᠶᠢᠨ ᠫᠢᠩ ᠵᠡᠷᠭᠡ ᠤᠳᠤᠷᠢᠳᠬᠤ ᠨᠥᠬᠦᠳ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠰᠡᠨ ᠣᠹᠢᠼᠧᠷ ᠲᠠᠢ ᠬᠠᠮᠲᠤ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ            ᠦᠳᠡ ᠶᠢᠨ ᠬᠤᠶᠢᠨᠠᠬᠢ 5 ᠴᠠᠭ ᠤᠨ ᠦᠶ᠎ᠡ ᠪᠠᠷ᠂ ᠴᠣᠯᠠ ᠳᠤ ᠳᠡᠪᠰᠢᠭᠦᠯᠬᠦ ᠶᠣᠰᠣᠯᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠡᠬᠢᠯᠡᠪᠡ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠶᠢᠦ ᠰᠢᠶᠠ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ᠭᠠᠷ ᠤᠨ ᠦᠰᠦᠭ ᠵᠢᠷᠤᠭᠰᠠᠨ ᠬᠤᠷᠠᠩᠳᠠ ᠭᠧᠨᠧᠷᠡᠯ ᠤᠨ ᠴᠡᠷᠢᠭ ᠤᠨ ᠴᠣᠯᠠ ᠳᠤ ᠳᠡᠪᠰᠢᠭᠦᠯᠬᠦ ᠵᠠᠷᠯᠢᠭ ᠢ ᠤᠩᠰᠢᠨ ᠨᠡᠶᠢᠲᠡᠯᠡᠪᠡ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠾᠧ ᠸᠧᠢ ᠳ᠋ᠦᠩ ᠴᠣᠯᠠ ᠳᠤ ᠳᠡᠪᠰᠢᠭᠦᠯᠬᠦ ᠶᠣᠰᠣᠯᠠᠯ ᠢ ᠡᠷᠭᠢᠯᠡᠪᠡ᠃      ᠡᠨᠡ ᠤᠳᠠᠭ᠎ᠠ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠰᠡᠨ ᠣᠹᠢᠼᠧᠷ ᠪᠣᠯ᠄ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠸᠠᠩ ᠷᠧᠨ ᠬᠤᠸᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠡᠭᠡ ᠰᠤᠷᠭᠠᠭᠤᠯᠢ ᠶᠢᠨ ᠵᠠᠬᠢᠷᠤᠯ ᠰᠢᠶᠣᠣ ᠲᠢᠶᠠᠨ ᠯᠢᠶᠠᠩ ᠪᠣᠯᠣᠨ᠎ᠠ᠃      ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠰᠡᠨ 2 ᠣᠹᠢᠼᠧᠷ ᠰᠦᠷ ᠵᠢᠪᠬᠤᠭ᠎ᠠ ᠲᠠᠢ ᠪᠠᠷ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠢᠷᠡᠪᠡ᠃ ᠰᠢ ᠶᠢᠨ ᠫᠢᠩ ᠲᠡᠳᠡᠨ ᠳᠤ ᠵᠠᠷᠯᠢᠭ ᠤᠨ ᠪᠢᠴᠢᠭ ᠭᠠᠷᠳᠠᠭᠤᠯᠵᠤ᠂ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠶᠢᠨ ᠮᠥᠷᠥᠨ ᠤ ᠲᠡᠮᠳᠡᠭ ᠢ ᠵᠡᠭᠦᠭᠰᠡᠨ 2 ᠣᠹᠢᠼᠧᠷ ᠰᠢ ᠶᠢᠨ ᠫᠢᠩ ᠳᠤ ᠶᠣᠰᠣᠯᠠᠵᠤ᠂ ᠶᠣᠰᠣᠯᠠᠯ ᠳᠤ ᠣᠷᠣᠯᠴᠠᠬᠰᠠᠨ ᠪᠦᠭᠦ ᠨᠥᠬᠦᠳ ᠲᠤ ᠶᠣᠰᠣᠯᠠᠭᠰᠠᠨ ᠳᠤ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃      ᠴᠣᠯᠠ ᠳᠤ ᠳᠡᠪᠰᠢᠭᠦᠯᠬᠦ ᠶᠣᠰᠣᠯᠠᠯ ᠬᠠᠩᠭᠢᠨᠠᠮ᠎ᠠ ᠰᠠᠶᠢᠬᠠᠨ ᠴᠡᠷᠢᠭ ᠤᠨ ᠳᠠᠭᠤᠤ ᠶᠢᠨ ᠳᠤᠮᠳᠠ ᠲᠡᠭᠦᠰᠪᠡ᠃ ᠳᠠᠷᠠᠭ᠎ᠠ ᠨᠢ᠂ ᠰᠢ ᠶᠢᠨ ᠫᠢᠩ ᠵᠡᠷᠭᠡ ᠤᠳᠤᠷᠢᠳᠬᠤ ᠨᠥᠬᠦᠳ ᠬᠤᠷᠠᠩᠳᠠ ᠭᠧᠨᠧᠷᠡᠯ ᠤᠨ ᠴᠡᠷᠢᠭ ᠤᠨ ᠴᠣᠯᠠ ᠳᠤ ᠳᠡᠪᠰᠢᠭᠰᠡᠨ ᠣᠹᠢᠼᠧᠷ ᠲᠠᠢ ᠬᠠᠮᠲᠤ ᠭᠡᠷᠡᠯ ᠵᠢᠷᠤᠭ ᠲᠠᠲᠠᠭᠤᠯᠪᠠ᠃      ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ᠂ ᠮᠢᠶᠣᠣ ᠬᠤᠸᠠ᠂ ᠵᠠᠩ ᠱᠧᠩ ᠮᠢᠨ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠪᠡᠭᠡᠵᠢᠩ ᠳᠤ ᠰᠠᠭᠤᠭ᠎ᠠ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠴᠣᠯᠠ ᠳᠤ ᠳᠡᠪᠰᠢᠭᠦᠯᠬᠦ ᠶᠣᠰᠣᠯᠠᠯ ᠳᠤ ᠣᠷᠣᠯᠴᠠᠵᠠᠢ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1