ᠬᠥᠬᠡᠬᠤᠲᠠ ᠶᠢᠨ ᠲᠣᠭᠲᠠᠬᠤ ᠰᠢᠶᠠᠨ᠄ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2024/4/10
      4 ᠳ᠋ᠤᠭᠡᠷ ᠰᠠᠷ᠎ᠠ ᠶᠢᠨ 8 ᠤ ᠡᠳᠦᠷ᠂ ᠬᠥᠬᠡᠬᠤᠲᠠ ᠶᠢᠨ ᠲᠣᠭᠲᠠᠬᠤ ᠰᠢᠶᠠᠨ ᠨᠢᠭᠡᠳᠦᠭᠡᠷ ᠤᠯᠠᠷᠢᠯ ᠤᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠪᠡᠶᠡᠯᠡᠭᠦᠯᠬᠦ ᠶᠣᠰᠣᠯᠠᠯ ᠶᠠᠪᠤᠭᠤᠯᠵᠤ᠂ ᠲᠤᠬᠠᠢ ᠶᠢᠨ ᠲᠠᠯᠠᠪᠤᠷ ᠲᠤ ᠪᠡᠶᠡᠯᠡᠭᠦᠯᠬᠦ ᠨᠥᠬᠦᠴᠡᠯ ᠳᠤ ᠨᠡᠶᠢᠴᠡᠬᠦ 4 ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠠᠬᠤᠶᠢᠯᠠᠯ ᠳᠤ ᠪᠡᠯᠡ ᠮᠥᠩᠭᠦ ᠶᠢᠨ ᠱᠠᠩᠨᠠᠯ ᠨᠥᠬᠦᠪᠦᠷᠢ ᠣᠯᠭᠤᠪᠠ᠃ ︽ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ   ᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢᠨ ᠳᠠᠭᠠᠤ ᠳᠤ ᠮᠠᠨ ᠤ ᠠᠵᠤ ᠠᠬᠤᠶᠢᠯᠠᠯ ᠦᠨᠡᠨ ᠪᠣᠳᠠᠲᠠᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠡᠳ᠋ᠯᠡᠵᠦ᠂ ᠴᠠᠬᠢᠯᠭᠠᠨ᠂ ᠤᠰᠤ᠂ ᠠᠭᠤᠷ᠂ ᠪᠣᠬᠢᠷ ᠤᠰᠤ ᠶᠢ ᠰᠢᠢᠳᠪᠦᠷᠢᠯᠡᠬᠦ ᠲᠠᠯ᠎ᠠ ᠪᠠᠷ ᠬᠠᠮᠤᠭ ᠤᠨ ᠶᠡᠭᠡ ᠬᠡᠮᠵᠢᠶᠡᠨ ᠤ ᠳᠡᠮᠵᠢᠯᠭᠡ ᠣᠯᠣᠭᠰᠠᠨ ᠪᠠᠶᠢᠨ᠎ᠠ︾᠃ ᠡᠨᠡ ᠨᠢ ᠵᠥᠪᠬᠡᠨ ᠲᠣᠭᠲᠠᠬᠤ ᠰᠢᠶᠠᠨ ᠤ ᠠᠮᠠᠯᠠᠯᠲᠠ ᠪᠠᠨ ᠪᠡᠶᠡᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ ᠰᠢᠯᠢᠳᠡᠭᠵᠢᠭᠦᠯᠦᠭᠰᠡᠨ ᠤ ᠨᠢᠭᠡᠨ ᠬᠤᠷᠢᠶᠠᠩᠭᠤᠢ ᠳᠦᠷᠰᠦ ᠲᠡᠳᠦᠢ ᠶᠤᠮ᠂ ᠣᠶᠢᠷ᠎ᠠ ᠶᠢᠨ ᠵᠢᠯ ᠠᠴᠠ᠂ ᠲᠣᠭᠲᠠᠬᠤ ᠰᠢᠶᠠᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠪᠠᠷ ᠬᠦᠴᠦᠯᠡᠬᠦ ᠴᠡᠭ ᠪᠣᠯᠭᠠᠬᠤ ᠶᠢ ᠪᠠᠷᠢᠮᠲᠠᠯᠠᠵᠤ ᠂ ᠠᠷᠠᠳ ᠲᠤ ᠲᠦᠬᠦᠮ ᠦᠵᠡᠭᠦᠯᠵᠦ ᠠᠵᠤ ᠠᠬᠤᠶᠢᠯᠠᠯ ᠳᠤ ᠠᠰᠢᠭᠲᠠᠢ ᠠᠷᠭ᠎ᠠ ᠬᠡᠮᠵᠢᠶ᠎ᠡ ᠶᠢ ᠳᠠᠰᠤᠷᠠᠯᠳᠠ ᠦᠭᠡᠢ ᠰᠢᠨᠡᠴᠢᠯᠡᠵᠦ᠂ ᠠᠵᠢᠯ ᠤᠨ ᠵᠠᠭᠪᠤᠷ ᠤᠨ ᠰᠢᠨ᠎ᠡ ᠶᠢ ᠡᠭᠦᠳᠬᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠴᠣᠩᠬᠤᠪᠴᠢ ᠪᠠᠶᠢᠭᠤᠯᠬᠤ᠂ ᠬᠡᠪᠴᠢᠶ᠎ᠡ ᠶᠢ ᠥᠷᠭᠡᠳᠬᠡᠨ ᠤᠬᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠤᠷᠳᠤᠴᠠ ᠶᠢ ᠲᠦᠷᠭᠡᠳᠬᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠦᠷᠭᠦᠯᠵᠢᠯᠡᠨ ᠰᠢᠯᠢᠳᠡᠭᠵᠢᠬᠦ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠦᠨᠡᠨᠬᠦ ᠪᠤᠢ ᠪᠣᠯᠭᠠᠪᠠ᠃      ︽ᠠᠮᠠᠯᠠᠯᠲᠠ ᠪᠠᠨ ᠪᠠᠲᠤ ᠰᠠᠬᠢᠵᠤ︾ ᠡᠯ᠎ᠡ ᠲᠥᠷᠥᠯ ᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠪᠡᠶᠡᠯᠡᠭᠦᠯᠵᠦ᠂ ᠲᠣᠭᠲᠠᠬᠤ ᠰᠢᠶᠠᠨ ︽ᠤᠯᠤᠰ ᠤᠨ ᠠᠮᠢᠳᠤ ᠪᠣᠳᠠᠰ ᠤᠨ ᠢᠰᠬᠡᠯᠲᠡ ᠶᠢᠨ ᠠᠵᠤ ᠦᠢᠯᠡᠰ ᠤᠨ ᠪᠣᠬᠢᠷᠲᠤᠯ ᠦᠭᠡᠢ ᠦᠢᠯᠡᠳᠬᠦ ᠰᠠᠭᠤᠷᠢᠨ ᠭᠠᠵᠠᠷ ᠬᠢᠭᠡᠳ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ︾ ᠶᠢ ᠲᠤᠰᠬᠠᠶᠢᠯᠠᠨ ᠲᠣᠭᠲᠠᠭᠠᠵᠤ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ᠂ ᠮᠠᠰᠢᠨ ᠬᠡᠷᠡᠭᠯᠡᠬᠦ᠂ ᠪᠣᠬᠢᠷ ᠤᠰᠤ ᠶᠢ ᠰᠢᠢᠳᠪᠦᠷᠢᠯᠡᠬᠦ ᠵᠡᠷᠭᠡ ᠣᠯᠠᠨ ᠲᠠᠯ᠎ᠠ ᠶᠢ ᠪᠠᠭᠤᠷᠠᠭᠤᠯᠬᠤ᠂ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠲᠤᠳᠠᠭᠳᠠᠯ ᠢ ᠨᠥᠬᠦᠪᠦᠷᠢᠯᠡᠬᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠ ᠡᠵᠡᠩᠨᠡᠬᠦ ᠥᠪᠡᠷ ᠤᠨ ᠥᠷᠲᠡᠭ ᠢ ᠦᠷᠭᠦᠯᠵᠢᠯᠡᠨ ᠪᠠᠭᠤᠷᠠᠭᠤᠯᠬᠤ ᠶᠢ ᠪᠠᠭᠲᠠᠭᠠᠭᠰᠠᠨ 5 ᠵᠦᠢᠯ ᠤᠨ ᠬᠠᠲᠠᠭᠤ ᠴᠥᠮ᠎ᠡ ᠶᠢᠨ ᠠᠷᠭ᠎ᠠ ᠬᠡᠮᠵᠢᠶ᠎ᠡ ᠶᠢ ᠨᠡᠶᠢᠲᠡᠯᠡᠪᠡ᠃ ᠴᠠᠬᠢᠯᠭᠠᠨ ᠬᠡᠷᠡᠭᠯᠡᠬᠦ ᠲᠠᠯ᠎ᠠ ᠪᠠᠷ᠂ ᠪᠣᠳᠠᠲᠠᠢ ᠴᠠᠬᠢᠯᠭᠠᠨ ᠤ ᠦᠨ᠎ᠡ ᠪᠠ ᠳᠤᠮᠳᠠᠴᠢ ᠴᠠᠬᠢᠯᠭᠠᠨ ᠤ ᠦᠨ᠎ᠡ ᠶᠢᠨ 0.39 ᠲᠥᠭᠦᠷᠢᠭ \ ᠭᠷᠡᠳᠦ᠋ᠰ ᠠᠴᠠ ᠬᠡᠲᠦᠷᠡᠭᠰᠡᠨ ᠬᠡᠰᠡᠭ ᠢᠶᠠᠷ ᠵᠥᠷᠢᠶ᠎ᠡ ᠶᠢ ᠨᠥᠬᠦᠪᠦᠷᠢᠯᠡᠨ᠎ᠡ︔ ᠠᠭᠤᠷ ᠬᠡᠷᠡᠭᠯᠡᠬᠦ ᠲᠠᠯ᠎ᠠ ᠪᠠᠷ᠂ ᠠᠭᠤᠷ ᠤᠨ ᠦᠨ᠎ᠡ ᠶᠢ ᠲᠣᠨ ᠪᠦᠷᠢ ᠳᠡᠭᠡᠨ 100 ᠲᠥᠭᠦᠷᠢᠭ ᠢᠶᠠᠷ ᠪᠠᠭᠤᠷᠠᠭᠤᠯᠤᠨ᠎ᠠ︔ ᠪᠣᠬᠢᠷ ᠤᠰᠤ ᠶᠢ ᠰᠢᠢᠳᠪᠦᠷᠢᠯᠡᠬᠦ ᠲᠠᠯ᠎ᠠ ᠪᠠᠷ᠂ ᠲᠣᠨ ᠪᠦᠷᠢ ᠶᠢᠨ ᠪᠣᠬᠢᠷ ᠤᠰᠤ ᠶᠢ ᠰᠢᠢᠳᠪᠦᠷᠢᠯᠡᠬᠦ ᠰᠦᠢᠳᠬᠡᠯ ᠤᠨ 5 ᠲᠥᠭᠦᠷᠢᠭ ᠤᠨ ᠪᠠᠷᠢᠮᠵᠢᠶ᠎ᠠ ᠪᠠᠷ ᠱᠠᠩᠨᠠᠵᠤ ᠨᠥᠬᠦᠪᠦᠷᠢᠯᠡᠨ᠎ᠡ᠃ 2024 ᠣᠨ ᠤ ᠨᠢᠭᠡᠳᠦᠭᠡᠷ ᠤᠯᠠᠷᠢᠯ ᠪᠣᠯᠲᠠᠯ᠎ᠠ᠂ ᠡᠯ᠎ᠡ ᠲᠥᠷᠥᠯ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 1692 ᠲᠦᠮᠡᠨ ᠲᠥᠭᠦᠷᠢᠭ ᠪᠡᠶᠡᠯᠡᠭᠦᠯᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠠᠰᠠ ᠵᠠᠯᠭᠠᠭ᠎ᠠ ᠪᠠᠷ ᠲᠦᠯᠬᠢᠨ ᠠᠬᠢᠭᠤᠯᠵᠤ᠂ ᠰᠢᠨ᠎ᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠵᠤ ᠠᠬᠤᠶᠢᠯᠠᠯ ᠤᠨ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠬᠤ ᠳᠤ ᠦᠨᠡᠨ ᠬᠦ ᠨᠠᠩ ᠰᠢᠯᠢᠳᠡᠭ ᠬᠥᠭᠵᠢᠯᠲᠡ ᠶᠢᠨ ᠬᠢᠮᠢ ᠶᠢᠨ ᠣᠷᠣᠨ ᠢ ᠡᠭᠦᠳᠬᠦ ᠪᠣᠯᠣᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1