ᠲᠣᠭᠲᠠᠬᠤ ᠰᠢᠶᠠᠨ 2024 ᠣᠨ ᠤ ᠰᠤᠷᠭᠠᠭᠤᠯᠢ ᠶᠢᠨ ᠬᠦᠷᠢᠶᠡᠨ ᠤ ᠪᠠᠴᠢᠮ ᠪᠠᠶᠢᠳᠠᠯ ᠢ ᠠᠷᠭᠠᠴᠠᠨ ᠲᠠᠷᠬᠠᠭᠠᠬᠤ ᠵᠢᠴᠢ ᠭᠠᠯ ᠤᠨᠲᠠᠷᠠᠭᠠᠬᠤ ᠲᠦᠷᠭᠡᠨ ᠠᠪᠤᠷᠠᠯᠳᠠ ᠶᠢᠨ ᠰᠣᠷᠢᠯᠲᠠ ᠶᠢᠨ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/4/10
      ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠢ ᠦᠨᠡᠨᠬᠦ ᠴᠢᠩᠭᠠᠳᠬᠠᠵᠤ᠂ ᠥᠷᠭᠡᠨ ᠤᠯᠠᠨ ᠪᠠᠭᠰᠢ ᠰᠤᠷᠤᠭᠴᠢᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ᠂ ᠠᠮᠤᠷ ᠲᠦᠪᠰᠢᠨ ᠢᠶᠠᠷ ᠲᠠᠷᠬᠠᠭᠠᠬᠤ ᠪᠠ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠪᠠᠭᠰᠢ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠢ ᠪᠠᠲᠤᠯᠠᠵᠤ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠬᠤ ᠶᠢᠨ ᠲᠥᠯᠥᠭᠡ᠂ 4 ᠳ᠋ᠤᠭᠡᠷ ᠰᠠᠷ᠎ᠠ ᠶᠢᠨ 9  ᠤ ᠡᠳᠦᠷ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠭᠠᠯ ᠤᠨᠲᠠᠷᠠᠭᠠᠬᠤ ᠶᠡᠭᠡ ᠠᠩᠭᠢ ᠶᠢᠨ ᠬᠠᠮᠲᠤᠷᠠᠨ ᠡᠷᠬᠢᠯᠡᠭᠰᠡᠨ 2024 ᠣᠨ ᠤ ᠰᠤᠷᠭᠠᠭᠤᠯᠢ ᠶᠢᠨ ᠬᠦᠷᠢᠶᠡᠨ ᠤ ᠪᠠᠴᠢᠮ ᠪᠠᠶᠢᠳᠠᠯ ᠢ ᠠᠷᠭᠠᠴᠠᠨ ᠲᠠᠷᠬᠠᠭᠠᠬᠤ ᠵᠢᠴᠢ ᠭᠠᠯ ᠤᠨᠲᠠᠷᠠᠭᠠᠬᠤ ᠲᠦᠷᠭᠡᠨ ᠠᠪᠤᠷᠠᠯᠳᠠ ᠶᠢᠨ ᠰᠣᠷᠢᠯᠲᠠ ᠶᠢᠨ ᠦᠵᠡᠭᠦᠯᠦᠯᠭᠡ ᠶᠢᠨ ᠴᠤᠭᠯᠠᠭᠠᠨ ᠲᠣᠭᠲᠠᠬᠤ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠶᠠᠪᠤᠭᠳᠠᠪᠠ᠃       ᠰᠣᠷᠢᠯᠲᠠ ᠡᠬᠢᠯᠡᠭᠰᠡᠨ ᠤ ᠳᠠᠷᠠᠭ᠎ᠠ᠂ ᠰᠤᠷᠤᠭᠴᠢᠳ ᠠᠩᠭᠢ ᠶᠢᠨ ᠡᠷᠬᠢᠯᠡᠭᠴᠢ ᠪᠣᠯᠣᠨ ᠰᠤᠷᠭᠠᠭᠤᠯᠢ ᠳᠤ ᠭᠠᠯ ᠤᠨ ᠪᠠᠶᠢᠳᠠᠯ ᠢ ᠮᠡᠳᠡᠭᠦᠯᠵᠦ᠂ ᠰᠤᠷᠭᠠᠭᠤᠯᠢ ᠶᠢᠨ ᠬᠢᠨ ᠪᠠᠴᠢᠮ ᠪᠠᠶᠢᠳᠠᠯ ᠢ ᠠᠷᠭᠠᠴᠠᠬᠤ ᠲᠥᠰᠥᠯ ᠢᠶᠠᠨ ᠦᠳᠲᠡᠷ ᠲᠦᠷᠭᠡᠨ ᠡᠬᠢᠯᠡᠭᠦᠯᠵᠦ᠂ ᠰᠤᠷᠤᠭᠴᠢᠳ ᠢ ᠵᠢᠭᠠᠨ ᠵᠢᠯᠤᠭᠤᠳᠴᠤ ᠪᠠᠶᠢᠭᠠᠳ ᠪᠠᠴᠢᠮ ᠲᠦᠷᠭᠡᠨ ᠵᠠᠶᠢᠯᠠᠭᠤᠯᠬᠤ ᠶᠢᠨ ᠬᠠᠮᠲᠤ 119᠂ 120 ᠪᠠᠴᠢᠮ ᠠᠪᠤᠷᠠᠯᠳᠠ ᠶᠢᠨ ᠤᠲᠠᠰᠤ ᠶᠢ ᠴᠣᠬᠢᠭᠤᠯᠵᠤ᠂ ᠰᠡᠷᠡᠮᠵᠢ ᠶᠢᠨ ᠬᠤᠩᠬᠤ ᠰᠤᠷᠭᠠᠭᠤᠯᠢ ᠶᠢᠨ ᠬᠦᠷᠢᠶᠡᠨ ᠳᠤ ᠳᠤᠤᠭᠠᠷᠭᠠᠵᠤ᠂ ᠵᠢᠭᠠᠨ ᠰᠤᠷᠭᠠᠬᠤ ᠠᠰᠠᠷ ᠤᠨ ᠪᠠᠭᠰᠢ ᠰᠤᠷᠤᠭᠴᠢᠳ ᠬᠤᠶᠢᠨ᠎ᠠ ᠬᠤᠶᠢᠨ᠎ᠠ ᠠᠴᠠ ᠪᠠᠨ ᠨᠢᠷᠤᠭᠤ ᠪᠥᠬᠦᠶᠢᠨ ᠮᠥᠷᠯᠡᠵᠦ᠂ ᠨᠣᠶᠢᠲᠠᠨ ᠠᠯᠴᠢᠭᠤᠷ ᠢᠶᠠᠷ ᠠᠮᠠ ᠬᠠᠮᠠᠷ ᠢᠶᠠᠨ ᠳᠠᠷᠤᠵᠤ᠂ ᠠᠰᠠᠷ ᠤᠨ ᠭᠤᠳᠤᠮᠵᠢ᠂ ᠠᠮᠤᠷ ᠲᠦᠪᠰᠢᠨ ᠭᠠᠷᠬᠤ ᠡᠭᠦᠳᠡ ᠪᠠᠷ ᠲᠦᠷᠭᠡᠨ ᠥᠩᠭᠡᠷᠡᠵᠦ᠂ ᠠᠮᠤᠷ ᠲᠦᠪᠰᠢᠨ ᠭᠠᠵᠠᠷ ᠲᠤ ᠡᠮᠬᠢ ᠵᠢᠷᠤᠮ ᠲᠠᠢ ᠪᠠᠷ ᠤᠬᠤᠷᠢᠵᠤ᠂ ᠪᠦᠬᠦ ᠪᠠᠭᠰᠢ ᠰᠤᠷᠤᠭᠴᠢᠳ ᠪᠡᠶ᠎ᠡ ᠶᠢᠨ ᠲᠠᠮᠢᠷ ᠤᠨ ᠲᠠᠯᠠᠪᠠᠢ ᠳᠤ ᠴᠤᠭᠯᠠᠷᠠᠵᠤ᠂ ᠡᠯ᠎ᠡ ᠠᠩᠭᠢ ᠶᠢᠨ ᠠᠩᠭᠢ ᠶᠢᠨ ᠡᠷᠬᠢᠯᠡᠭᠴᠢ ᠬᠥᠮᠥᠨ ᠤ ᠲᠤᠭ᠎ᠠ ᠪᠠᠨ ᠲᠦᠷᠭᠡᠨ ᠪᠦᠷᠢᠳᠬᠡᠵᠦ᠂ ᠰᠣᠷᠢᠯᠲᠠ ᠶᠢᠨ ᠶᠡᠷᠦᠩᠬᠡᠢ ᠵᠢᠯᠣᠭᠤᠳᠤᠭᠴᠢ ᠳᠤ ᠮᠡᠳᠡᠭᠦᠯᠪᠡ᠃      ᠳᠠᠷᠠᠭ᠎ᠠ ᠨᠢ᠂ ᠰᠢᠶᠠᠨ ᠤ ᠭᠠᠯ ᠤᠨᠲᠠᠷᠠᠭᠠᠬᠤ ᠶᠡᠭᠡ ᠠᠩᠭᠢ ᠶᠢᠨ ᠲᠤᠰᠬᠠᠢ ᠮᠡᠷᠭᠡᠵᠢᠯ ᠤᠨ ᠭᠠᠯ ᠤᠨᠲᠠᠷᠠᠭᠠᠬᠤ ᠠᠩᠭᠢ ᠶᠢᠨ ᠬᠢᠨ ᠲᠤᠬᠠᠢ ᠶᠢᠨ ᠲᠠᠯᠠᠪᠠᠢ ᠳᠤ ᠬᠦᠷᠴᠦ᠂ ︽ᠭᠠᠯ ᠤᠨ ᠲᠠᠯᠠᠪᠠᠢ︾ ᠶᠢᠨ ᠪᠠᠶᠢᠳᠠᠯ ᠢ ᠦᠨᠳᠦᠰᠦᠯᠡᠵᠦ᠂ ᠲᠡᠷᠡ ᠳᠠᠷᠤᠢ ᠳᠤᠨᠢ ᠪᠠᠶᠢᠷᠢᠯᠠᠭᠤᠯᠵᠤ᠂ ᠠᠰᠢᠭᠲᠠᠢ ᠭᠠᠵᠠᠷ ᠤᠨ ᠪᠠᠶᠢᠴᠠ ᠶᠢ ᠡᠵᠡᠯᠡᠨ ᠭᠠᠯ ᠤᠨᠲᠠᠷᠠᠭᠠᠬᠤ ᠵᠢᠴᠢ ᠠᠪᠤᠷᠠᠨ ᠲᠤᠰᠠᠯᠠᠬᠤ ᠠᠵᠢᠯᠯᠠᠭ᠎ᠠ ᠥᠷᠨᠢᠭᠦᠯᠵᠡᠢ᠃ ᠬᠡᠰᠡᠭ ︽ᠬᠠᠰᠢᠭᠳᠠᠭᠰᠠᠨ︾ ᠪᠠᠭᠰᠢ ᠰᠣᠷᠣᠭᠴᠢ ᠭᠠᠯ ᠤᠨᠲᠠᠷᠠᠭᠠᠭᠴᠢ ᠶᠢᠨ ᠬᠠᠪᠰᠤᠷᠤᠯᠭ᠎ᠠ ᠪᠠᠷ ᠠᠪᠤᠷᠠᠭᠳᠠᠨ ᠭᠠᠷᠴᠤ᠂ ᠰᠢᠶᠠᠨ ᠤ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠮᠴᠢ ᠠᠴᠠ ᠠᠪᠤᠷᠠᠭᠳᠠᠨ ᠭᠠᠷᠤᠭᠰᠠᠨ ᠰᠢᠷᠬᠠᠲᠤᠭᠰᠠᠨ ᠰᠤᠷᠤᠭᠴᠢᠳ ᠲᠤ ᠲᠤᠬᠠᠢ ᠶᠢᠨ ᠲᠠᠯᠠᠪᠤᠷ ᠤᠨ ᠲᠦᠷᠭᠡᠨ ᠠᠪᠤᠷᠠᠯᠲᠠ ᠬᠢᠭᠰᠡᠨ ᠪᠥᠭᠡᠳ ᠣᠶᠢᠷ᠎ᠠ ᠬᠠᠪᠢ ᠶᠢᠨ ᠡᠮᠨᠡᠯᠭᠡ ᠶᠢᠨ ᠬᠤᠷᠢᠶ᠎ᠠ ᠳᠤ ᠬᠦᠷᠭᠡᠭᠰᠡᠨ ᠪᠠᠶᠢᠨ᠎ᠠ᠃ ᠰᠣᠷᠢᠯᠲᠠ ᠶᠢᠨ ᠶᠠᠪᠤᠴᠠ ᠪᠠᠴᠢᠮ ᠪᠥᠭᠡᠳ ᠡᠮᠬᠢ ᠵᠠᠮᠪᠠᠷᠠᠭ᠎ᠠ ᠲᠠᠢ ᠪᠠᠶᠢᠵᠤ᠂ ᠪᠦᠬᠦ ᠪᠠᠭᠰᠢ ᠰᠤᠷᠤᠭᠴᠢᠳ ᠤᠨ ᠨᠢᠭᠲᠠ ᠬᠠᠮᠵᠢᠯᠴᠠᠭ᠎ᠠ ᠪᠠᠷ ᠰᠣᠷᠢᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃      ᠲᠣᠭᠲᠠᠬᠤ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ ᠵᠤᠤ ᠶᠦᠨ ᠹᠧᠩ᠄ ︽ᠮᠠᠨ ᠤ ᠰᠤᠷᠭᠠᠭᠤᠯᠢ ᠳᠤ ᠥᠷᠨᠢᠭᠦᠯᠦᠭᠰᠡᠨ ᠡᠨᠡ ᠤᠳᠠᠭ᠎ᠠ ᠶᠢᠨ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠰᠣᠷᠢᠯᠲᠠ ᠶᠢᠨ ᠠᠵᠢᠯᠯᠠᠭ᠎ᠠ ᠳᠤ ᠪᠢ ᠣᠷᠣᠯᠴᠠᠭᠴᠢ ᠶᠢᠨ ᠨᠢᠭᠡ ᠪᠣᠯᠤᠭᠰᠠᠨ ᠤ ᠬᠤᠪᠢ ᠳᠤ ᠶᠡᠬᠡᠳᠡ ᠰᠡᠳᠬᠢᠯ ᠳᠣᠭᠳᠣᠯᠵᠤ᠂ ᠡᠨᠡ ᠤᠳᠠᠭ᠎ᠠ ᠶᠢᠨ ᠰᠣᠷᠢᠯᠲᠠ ᠶᠢ ᠥᠩᠭᠡᠷᠡᠭᠡᠪᠡ᠃ ᠪᠢ ᠭᠠᠯ ᠤᠨ ᠭᠠᠮᠰᠢᠭ ᠤᠨ ᠬᠤᠣᠷ ᠬᠥᠨᠥᠭᠡᠯ ᠵᠢᠴᠢ ᠭᠠᠯ ᠤᠨ ᠭᠠᠮᠰᠢᠭ ᠢ ᠵᠥᠪ ᠢᠶᠠᠷ ᠠᠷᠭᠠᠴᠠᠬᠤ ᠶᠢᠨ ᠴᠢᠬᠤᠯᠠ ᠴᠢᠨᠠᠷ ᠢ ᠭᠦᠨᠵᠡᠭᠡᠢ ᠣᠶᠢᠯᠠᠭᠠᠭᠰᠠᠨ ᠪᠥᠭᠡᠳ ᠪᠠᠰᠠ ᠰᠤᠷᠤᠭᠴᠢᠳ ᠲᠤ ᠭᠠᠯ ᠤᠨ ᠠᠶᠤᠯ ᠭᠠᠷᠤᠭᠰᠠᠨ ᠤ ᠳᠠᠷᠠᠭᠠᠬᠢ ᠠᠮᠤᠷ ᠲᠦᠪᠰᠢᠨ ᠢᠶᠠᠷ ᠥᠪᠡᠷ ᠢ ᠪᠠᠨ ᠠᠪᠤᠷᠠᠬᠤ ᠲᠤᠬᠠᠢ ᠮᠠᠰᠢ ᠤᠯᠠᠨ ᠮᠡᠳᠡᠯᠭᠡ ᠶᠢ ᠰᠤᠷᠭᠠᠵᠤ᠂ ᠭᠠᠯ ᠳᠤ ᠤᠴᠠᠷᠠᠪᠠᠯ ᠰᠠᠨᠳᠤᠷᠬᠤ ᠦᠭᠡᠢ᠂ ᠢᠳᠡᠪᠬᠢᠲᠡᠢ ᠪᠠᠷ ᠠᠷᠭᠠᠴᠠᠵᠤ᠂ ᠥᠪᠡᠷ ᠢ ᠪᠠᠨ ᠬᠠᠮᠠᠭᠠᠯᠠᠬᠤ ᠶᠢ ᠰᠤᠷᠭᠠᠵᠠᠢ᠃ ︿ᠳᠠᠯᠳᠠ ᠠᠶᠤᠯ ᠢᠯᠡ ᠭᠠᠯ ᠠᠴᠠ ᠠᠶᠤᠯ ᠲᠠᠢ᠂ ᠰᠡᠷᠭᠡᠢᠯᠡᠬᠦ ᠨᠢ ᠠᠪᠤᠷᠠᠬᠤ ᠠᠴᠠ ᠳᠡᠭᠡᠷ᠎ᠡ᠂ ᠬᠠᠷᠢᠭᠤᠴᠠᠯᠭ᠎ᠠ ᠨᠢ ᠲᠠᠢᠱᠠᠨ ᠠᠭᠤᠯᠠᠨ ᠠᠴᠠ ᠬᠦᠨᠳᠦ﹀︕ ᠡᠩ ᠤᠨ ᠦᠶ᠎ᠡ ᠳᠤ ᠪᠢᠳᠡ ᠪᠠᠰᠠ ᠤᠷᠢᠳᠴᠢᠯᠠᠨ ᠰᠡᠷᠭᠡᠶᠢᠯᠡᠬᠦ ᠠᠵᠢᠯ   ᠢ ᠰᠠᠶᠢᠲᠤᠷ ᠬᠢᠵᠦ᠂ ᠭᠠᠯ   ᠢ ᠰᠡᠷᠭᠡᠶᠢᠯᠡᠬᠦ ᠮᠡᠳᠡᠯᠭᠡ   ᠶᠢ ᠤᠬᠠᠭᠤᠯᠵᠤ᠂ ᠣᠯᠠᠨ   ᠢ ᠡᠶᠢᠮᠦ ᠤᠬᠠᠮᠰᠠᠷ ᠲᠠᠢ ᠪᠣᠯᠭᠠᠵᠤ᠂ ᠮᠠᠨ ᠤ ᠠᠵᠢᠯ᠂ ᠰᠤᠷᠤᠯᠭ᠎ᠠ᠂ ᠠᠮᠢᠳᠤᠷᠠᠯ ᠳᠠᠭᠠᠨ ᠪᠠᠲᠤ ᠪᠠᠬᠢ ᠬᠠᠮᠠᠭᠠᠯᠠᠯᠲᠠ   ᠶᠢᠨ ᠪᠦᠷᠬᠦᠭᠦᠯ ᠨᠥᠮᠥᠷᠭᠡᠵᠦ᠂ ᠮᠠᠨ ᠤ ᠠᠮᠢ ᠨᠠᠰᠤ ᠪᠠᠨ ᠨᠡᠩ ᠪᠠᠶᠠᠷ ᠬᠥᠷ ᠲᠠᠢ᠂ ᠨᠡᠩ ᠵᠣᠯ ᠵᠢᠷᠭᠠᠯᠲᠠᠢ᠂ ᠨᠡᠩ ᠰᠠᠶᠢᠨ ᠰᠠᠶᠢᠬᠠᠨ ᠪᠣᠯᠭᠠᠬᠤ ᠬᠡᠷᠡᠭᠲᠡᠢ︾ ᠭᠡᠵᠡᠢ᠃ ᠠᠩᠬ᠎ᠠ ᠳᠤᠮᠳᠠᠳᠤ ᠶᠢᠨ ᠨᠢᠭᠡᠳᠦᠭᠡᠷ ᠣᠨ ᠤ ᠰᠣᠷᠣᠭᠴᠢ ᠸᠠᠩ ᠰᠢᠤᠸᠠᠢ ᠷᠦ᠋ ᠥᠪᠡᠷ ᠤᠨ ᠲᠥᠷᠥᠭᠳᠡᠯ ᠢᠶᠠᠨ ᠬᠤᠪᠢᠶᠠᠯᠴᠠᠵᠤ᠄ ︽ᠡᠨᠡ ᠤᠳᠠᠭᠠᠨ ᠤ ᠭᠠᠯ ᠤᠨᠲᠠᠷᠠᠭᠠᠬᠤ ᠰᠣᠷᠢᠯᠲᠠ ᠶᠢᠨ ᠠᠵᠢᠯᠯᠠᠭ᠎ᠠ ᠪᠠᠷ ᠳᠡᠮᠵᠢᠨ᠂ ᠪᠢ ᠭᠠᠯ ᠤᠨ ᠭᠠᠮᠰᠢᠭ ᠤᠨ ᠲᠦᠭᠰᠢᠭᠦᠷᠢᠲᠦ ᠴᠢᠨᠠᠷ᠂ ᠭᠠᠯ ᠢ ᠰᠡᠷᠭᠡᠶᠢᠯᠡᠬᠦ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠭᠠᠯ ᠤᠨ ᠭᠠᠮᠰᠢᠭ ᠢ ᠬᠡᠷᠬᠢᠨ ᠠᠷᠭᠠᠴᠠᠬᠤ ᠲᠤᠬᠠᠢ ᠮᠡᠳᠡᠯᠭᠡ ᠶᠢ ᠡᠵᠡᠮᠰᠢᠭᠰᠡᠨ ᠢᠶᠠᠷ ᠪᠠᠷᠠᠬᠤ ᠦᠭᠡᠢ᠂ ᠥᠪᠡᠷ ᠤᠨ ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠪᠠᠨ ᠴᠤ ᠳᠡᠭᠡᠭᠰᠢᠯᠡᠭᠦᠯᠪᠡ᠃ ᠬᠤᠶᠢᠰᠢᠳᠠ ᠶᠢᠨ ᠡᠳᠦᠷ ᠤᠳ ᠲᠤ ᠪᠢᠳᠡ ᠭᠠᠯ ᠤᠨᠲᠠᠷᠠᠭᠠᠬᠤ ᠮᠡᠳᠡᠯᠭᠡ ᠶᠢ ᠡᠵᠡᠮᠰᠢᠬᠦ ᠪᠠᠨ ᠴᠢᠩᠭᠠᠳᠬᠠᠵᠤ᠂ ᠮᠠᠨ ᠤ ᠡᠳ᠋ ᠬᠥᠷᠥᠩᠭᠡ ᠪᠣᠯᠣᠨ ᠠᠮᠢ ᠨᠠᠰᠤ ᠪᠠᠨ ᠬᠠᠮᠠᠭᠠᠯᠠᠬᠤ ᠬᠡᠷᠡᠭᠲᠡᠢ︾ ᠭᠡᠵᠡᠢ᠃      ᠰᠣᠷᠢᠯᠲᠠ ᠳᠠᠭᠤᠰᠤᠭᠰᠠᠨ ᠤ ᠳᠠᠷᠠᠭ᠎ᠠ᠂ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠤᠰᠬᠠᠢ ᠮᠡᠷᠭᠡᠵᠢᠯᠲᠡᠨ ᠬᠠᠮᠲᠤ ᠰᠤᠷᠤᠭᠴᠢᠳ ᠲᠤ ᠵᠢᠷᠦᠬᠡ ᠠᠭᠤᠰᠬᠢᠨ ᠤ ᠰᠡᠷᠭᠦᠭᠡᠯᠲᠡ ᠶᠢᠨ ᠲᠦᠷᠭᠡᠨ ᠠᠪᠤᠷᠠᠯᠳᠠ ᠶᠢᠨ ᠠᠷᠭ᠎ᠠ ᠪᠠ ᠵᠢᠷᠦᠬᠡ ᠠᠭᠤᠰᠬᠢᠨ ᠤ ᠰᠡᠷᠭᠦᠭᠡᠯᠲᠡ ᠶᠢᠨ ᠠᠷᠭ᠎ᠠ ᠵᠠᠮ ᠢ ᠲᠠᠶᠢᠯᠪᠤᠷᠢᠯᠠᠨ ᠥᠭᠴᠦ᠂ ᠭᠠᠯ ᠤᠨᠲᠠᠷᠠᠭᠠᠬᠤ ᠠᠩᠭᠢ ᠶᠢᠨ ᠬᠢᠨ ᠲᠤᠬᠠᠢ ᠶᠢᠨ ᠲᠠᠯᠠᠪᠤᠷ ᠲᠤ ᠭᠠᠯ ᠲᠦᠢᠮᠡᠷ ᠤᠨ ᠠᠶᠤᠯ ᠠᠴᠠ ᠵᠠᠶᠢᠯᠠᠬᠤ ᠦᠨᠳᠦᠰᠦᠨ ᠤᠷ᠎ᠠ ᠮᠡᠷᠭᠡᠵᠢᠯ᠂ ᠭᠠᠯ ᠤᠨᠲᠠᠷᠠᠭᠠᠭᠤᠷ ᠤᠨ ᠬᠡᠷᠡᠭᠯᠡᠯᠲᠡ ᠵᠢᠴᠢ ᠪᠤᠰᠤᠳ ᠭᠠᠯ ᠤᠨᠲᠠᠷᠠᠭᠠᠬᠤ ᠬᠡᠷᠡᠭᠰᠡᠯ ᠤᠨ ᠬᠡᠷᠡᠭᠯᠡᠯᠲᠡ ᠶᠢᠨ ᠠᠷᠭ᠎ᠠ ᠶᠢ ᠲᠠᠶᠢᠯᠪᠤᠷᠢᠯᠠᠨ ᠥᠭᠴᠡᠢ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1