ᠲᠣᠭᠲᠠᠬᠤ ᠰᠢᠶᠠᠨ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠵᠦ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠦᠷ᠎ᠡ ᠪᠦᠲᠦᠮᠵᠢ ᠶᠢ ᠲᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/4/10
      ᠣᠶᠢᠷ᠎ᠠ ᠶᠢᠨ ᠵᠢᠯ ᠠᠴᠠ᠂ ᠲᠣᠭᠲᠠᠬᠤ ᠰᠢᠶᠠᠨ ︽ᠦᠨᠳᠦᠰᠦᠲᠡᠨ ᠤ ᠪᠦᠯᠬᠦᠮᠳᠡᠯ + ᠨᠡᠶᠢᠭᠡᠮ ᠤᠨ ᠵᠠᠰᠠᠯᠲᠠ ︾ ᠶᠢᠨ ᠠᠵᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠢ ᠬᠡᠷᠡᠭᠵᠢᠭᠦᠯᠵᠦ᠂ ᠦᠨᠳᠦᠰᠦᠲᠡᠨ ᠤ ᠪᠦᠯᠬᠦᠮᠳᠡᠯ ᠢᠶᠠᠷ ᠬᠥᠲᠥᠯᠥᠨ ᠳᠠᠭᠠᠭᠤᠯᠬᠤ ᠪᠠᠷ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠪᠠᠬᠢᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠤᠨ ᠠᠭᠤᠰᠤᠯᠴᠠᠨ ᠬᠥᠭᠵᠢᠬᠦ ᠶᠢ ᠲᠠᠰᠤᠷᠠᠯᠳᠡ ᠦᠭᠡᠢ ᠠᠬᠢᠭᠤᠯᠵᠤ᠂ ᠢᠯᠡᠳᠲᠡ ᠦᠷ᠎ᠡ ᠪᠦᠲᠦᠮᠵᠢ ᠣᠯᠵᠠᠢ᠃      ᠦᠵᠡᠯ ᠰᠠᠨᠠᠭ᠎ᠠ ᠤᠨᠤᠯ ᠤᠨ ᠰᠠᠭᠤᠷᠢ ᠶᠢ ᠴᠢᠩᠭᠠᠳᠬᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠨ᠎ᠠ      ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠶᠢ 800 ᠭᠠᠷᠤᠢ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ︽ᠨᠢᠭᠡᠳᠦᠭᠡᠷ ᠵᠥᠪᠯᠡᠬᠦ ᠰᠡᠳᠦᠪ︾ ᠤᠨ ᠰᠤᠷᠤᠯᠴᠠᠯᠭ᠎ᠠ ᠶᠢ 600 ᠤᠳᠠᠭ᠎ᠠ ᠥᠷᠨᠢᠭᠦᠯᠵᠦ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ︾ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠶᠢ 150 ᠭᠠᠷᠤᠢ ᠤᠳᠠᠭ᠎ᠠ᠂ ᠤᠬᠠᠭᠤᠯᠭ᠎ᠠ ᠶᠢᠨ ᠠᠵᠢᠯᠯᠠᠭ᠎ᠠ ᠶᠢ 70 ᠭᠠᠷᠤᠢ ᠤᠳᠠᠭ᠎ᠠ ᠥᠷᠨᠢᠭᠦᠯᠵᠦ᠂ ᠲᠤᠰᠬᠠᠢ ᠰᠡᠳᠦᠪ ᠢᠶᠠᠷ 120 ᠭᠠᠷᠤᠢ ᠤᠳᠠᠭ᠎ᠠ ᠰᠤᠳᠤᠯᠤᠨ ᠶᠠᠷᠢᠯᠴᠠᠵᠤ᠂ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠰᠠᠶᠢᠲᠤᠷ ᠶᠠᠷᠢᠵᠤ᠂ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠲᠤᠳᠬᠠᠪᠠ᠃      ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠵᠠᠭᠪᠤᠷ ᠲᠤ ᠰᠢᠨ᠎ᠡ ᠶᠢ ᠡᠭᠦᠳᠴᠦ  ᠲᠤᠭᠳᠠᠬᠤ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ ᠬᠦᠴᠦᠨ ᠨᠡᠮᠡᠷᠢᠯᠡᠪᠡ      ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠳᠦᠷᠢᠮ ᠢ ᠶᠡᠭᠡ ᠪᠠᠷ ᠬᠡᠷᠡᠭᠵᠢᠭᠦᠯᠵᠦ᠂ ︽ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠳᠦᠷᠢᠮ ᠢ ᠬᠡᠷᠡᠭᠵᠢᠭᠦᠯᠬᠦ ᠮᠡᠳᠡᠭᠳᠡᠯ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠵᠤ᠂ ︽ᠭᠤᠷᠪᠠᠨ ᠱᠠᠲᠤᠨ ᠤ ᠱᠦᠵᠢ︾ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠶᠢ ᠠᠳᠬᠤᠬᠤ ᠶᠢ ᠬᠡᠷᠡᠭᠵᠢᠭᠦᠯᠵᠦ᠂ ︽ᠰᠢᠶᠠᠨ᠂ ᠪᠠᠯᠭᠠᠰᠤ᠂ ᠲᠣᠰᠬᠤᠨ ᠭᠤᠷᠪᠠᠨ ᠱᠠᠲᠤᠨ ᠤ ᠣᠷᠣᠯᠠᠨ ᠭᠦᠢᠴᠡᠳᠬᠡᠬᠦ︾ ᠶᠢ ᠨᠡᠶᠢᠳᠡᠮ ᠬᠠᠮᠤᠷᠬᠤ ᠶᠢ ᠪᠡᠶᠡᠯᠡᠭᠦᠯᠪᠡ᠃ ︽ᠲᠣᠭᠲᠠᠬᠤ ᠰᠢᠶᠠᠨ ᠤ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠠᠵᠢᠯ ᠤᠨ ᠲᠥᠰᠥᠯ︾ ᠢ ᠲᠣᠭᠲᠠᠭᠠᠵᠤ᠂ ᠵᠠᠬᠢᠳᠠᠯ ᠰᠣᠷᠪᠤᠯᠵᠢᠯᠠᠭ᠎ᠠ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠢ᠂ ᠡᠯ᠎ᠡ ᠠᠵᠢᠯ ᠶᠠᠪᠤᠳᠠᠯ ᠤᠨ ᠡᠷᠬᠡ ᠶᠢᠨ ᠰᠠᠯᠠᠭ᠎ᠠ ᠮᠥᠴᠢᠷ ᠵᠢᠴᠢ ᠲᠣᠰᠬᠤᠨ ︵ᠨᠡᠶᠢᠭᠡᠮ ᠲᠣᠭᠤᠷᠢᠭ︶ ᠤ ᠡᠶᠡᠳᠡᠭᠦᠯᠬᠦ ᠬᠦᠴᠦᠨ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ︽ᠭᠤᠷᠪᠠᠨ ᠡᠶᠡᠳᠡᠭᠦᠯᠭᠡ ᠶᠢ ᠬᠤᠯᠪᠣᠯᠳᠤᠭᠤᠯᠬᠤ︾ ᠶᠢ ᠪᠡᠶᠡᠯᠡᠭᠦᠯᠪᠡ᠃ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠬᠠᠮᠲᠤᠷᠠᠭᠰᠠᠨ ᠦᠢᠯᠡᠴᠢᠯᠡᠭᠡᠨ ᠤ ᠲᠥᠪ ᠢ ᠨᠡᠶᠢᠭᠡᠮ ᠤᠨ ᠵᠠᠰᠠᠯᠲᠠ ᠶᠢᠨ ᠲᠥᠪ ᠪᠣᠯᠭᠠᠨ ᠳᠡᠰ ᠳᠡᠪᠰᠢᠭᠦᠯᠵᠦ᠂ ᠬᠡᠷᠡᠭ ᠶᠠᠪᠤᠳᠠᠯ ᠢ ᠬᠦᠯᠢᠶᠡᠨ ᠠᠪᠴᠤ ᠰᠢᠢᠳᠪᠦᠷᠢᠯᠡᠬᠦ᠂ ᠡᠶᠡᠳᠡᠭᠦᠯᠬᠦ ᠶᠢ ᠲᠡᠷᠢᠭᠦᠨ ᠳᠤ ᠲᠠᠯᠪᠢᠬᠤ ᠵᠡᠷᠭᠡ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠵᠦ᠂ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠵᠥᠷᠢᠴᠡᠯ ᠢ ᠵᠢᠭᠰᠠᠭᠠᠨ ᠪᠠᠶᠢᠴᠠᠭᠠᠬᠤ ᠪᠠ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠬᠤ ᠠᠵᠢᠯ ᠢ ᠴᠢᠩᠭᠠᠳᠬᠠᠵᠤ᠂ ︽ᠬᠤᠣᠰ ᠬᠡᠯᠡ ᠪᠠᠷ ᠡᠶᠡᠳᠡᠭᠦᠯᠬᠦ︾ ᠴᠣᠩᠬᠤ ᠭᠠᠷᠭᠠᠵᠤ᠂ ᠮᠣᠩᠭᠤᠯ᠂ ᠬᠢᠲᠠᠳ ᠬᠡᠯᠡᠨ ᠳᠤ ᠨᠡᠪᠲᠡᠷᠡᠭᠰᠡᠨ ᠺᠠᠳ᠋ᠷ ᠢ ᠰᠣᠩᠭᠤᠨ ᠲᠣᠮᠢᠯᠠᠵᠤ᠂ ᠰᠤᠷᠪᠤᠯᠵᠢᠯᠠᠬᠤ ᠪᠠᠷ ᠢᠷᠡᠭᠰᠡᠨ ᠴᠥᠭᠡᠨ ᠲᠣᠭᠠᠲᠤ ᠦᠨᠳᠦᠰᠦᠲᠡᠨ ᠳᠤ ᠳᠡᠩᠰᠡᠯᠡᠵᠦ ᠭᠥᠯᠢᠶᠡᠨ ᠠᠪᠴᠤ ᠰᠢᠢᠳᠪᠦᠷᠢᠯᠡᠬᠦ ᠦᠢᠯᠡᠴᠢᠯᠡᠭᠡ ᠬᠠᠩᠭᠠᠵᠤ᠂ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠵᠥᠷᠢᠴᠡᠯ ᠵᠢᠭᠤᠷᠠᠯᠳᠤᠭᠠᠨ ᠢ ᠢᠳᠡᠪᠬᠢᠲᠡᠢ ᠪᠠᠷ ᠰᠡᠷᠭᠡᠶᠢᠯᠡᠬᠦ ᠪᠠ ᠲᠣᠬᠢᠲᠠᠢ ᠰᠢᠢᠳᠪᠦᠷᠢᠯᠡᠵᠦ᠂ ᠦᠨᠳᠦᠰᠦᠨ ᠱᠠᠲᠤᠨ ᠤ ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢᠨ ᠬᠥᠳᠡᠭᠡ ᠲᠣᠰᠬᠤᠨ ᠳᠠᠰᠢ ᠤᠯᠠᠮ ᠨᠢᠭᠡ ᠠᠯᠬᠤᠮ ᠥᠷᠭᠡᠵᠢᠬᠦ ᠶᠢ ᠳᠡᠯᠭᠡᠷᠡᠭᠦᠯᠦᠨ᠂ ᠣᠯᠠᠨ ᠲᠦᠮᠡᠨ ᠤ ᠬᠠᠮᠤᠭ   ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ ᠨᠡᠶᠢᠭᠡᠮ ᠤᠨ ᠵᠠᠰᠠᠯᠲᠠ ᠶᠢᠨ ᠲᠥᠪ ᠢ ᠪᠣᠳᠠᠲᠤ ᠴᠣᠭᠴᠠᠵᠢᠭᠤᠯᠤᠨ ᠠᠵᠢᠯᠯᠠᠭᠤᠯᠤᠭᠰᠠᠨ ᠠᠴᠠ ᠨᠠᠰᠢ᠂ ᠦᠨᠳᠦᠰᠦᠲᠡᠨ ᠤ ᠲᠦᠷᠦᠯ ᠤᠨ ᠵᠥᠷᠢᠴᠡᠯ ᠵᠢᠭᠤᠷᠠᠯᠳᠤᠭᠠᠨ ᠢ ᠨᠠᠶᠢᠳᠠ 30 ᠭᠠᠷᠤᠢ ᠬᠦᠯᠢᠶᠡᠨ ᠠᠪᠴᠤ ᠰᠢᠢᠳᠪᠦᠷᠢᠯᠡᠨ᠂ ᠲᠤᠰᠠᠯᠠᠮᠵᠢ ᠶᠢᠨ ᠬᠡᠷᠡᠭ ᠢ 20 ᠭᠠᠷᠤᠢ ᠪᠡᠶᠡᠯᠡᠭᠦᠯᠵᠦ᠂ ᠯᠠᠪᠯᠠᠯᠲᠠ ᠶᠢᠨ ᠬᠡᠷᠡᠭ ᠢ 80 ᠭᠠᠷᠤᠢ ᠬᠠᠷᠢᠭᠤᠯᠪᠠ᠃      ᠡᠯ᠎ᠡ ᠪᠠᠯᠭᠠᠰᠤ ᠶᠢᠨ ᠬᠢᠨ ᠲᠤᠰᠬᠠᠢ ᠬᠥᠮᠥᠨ ᠢᠶᠠᠷ ᠦᠨᠳᠦᠰᠦᠲᠡᠨ ᠤ ᠠᠵᠢᠯ ᠢ ᠬᠠᠷᠢᠭᠤᠴᠠᠭᠤᠯᠬᠤ ᠪᠠᠷ ᠲᠣᠳᠣᠷᠬᠠᠶᠢᠯᠠᠵᠤ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠨᠢ ᠦᠨᠳᠦᠰᠦᠲᠡᠨ ᠤ ᠠᠵᠢᠯ ᠤᠨ ᠬᠤᠯᠪᠣᠭᠠᠴᠢᠨ ᠢ ᠲᠣᠭᠲᠠᠭᠠᠵᠤ᠂ ᠦᠨᠳᠦᠰᠦᠲᠡᠨ ᠤ ᠠᠵᠢᠯ ᠢ 231 ᠲᠣᠣᠷᠵᠢᠯ ᠤᠨ ᠬᠠᠮᠢᠶᠠᠷᠤᠯᠲᠠ ᠳᠤ ᠠᠭᠤᠰᠤᠯᠴᠠᠭᠤᠯᠵᠤ᠂ ᠲᠣᠣᠷᠵᠢᠯ ᠤᠨ ᠠᠵᠢᠯᠲᠠᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠣᠯᠪᠠᠰᠤᠷᠠᠯ ᠬᠦᠷᠲᠡᠭᠡᠵᠡᠢ᠃ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠵᠡᠷᠭᠡ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ᠪᠠᠶᠢᠭᠠᠳ ᠬᠠᠮᠲᠤᠷᠠᠨ ᠬᠠᠮᠢᠶᠠᠷᠤᠨ ᠡᠵᠡᠮᠳᠡᠬᠦ᠂ ᠶᠡᠷᠦᠩᠬᠡᠶᠢᠯᠡᠨ ᠵᠠᠰᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠰᠦᠯᠵᠢᠶᠡᠨ ᠤ ᠠᠵᠢᠯᠲᠠᠳ ᠤᠨ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯ ᠳᠤ ᠣᠷᠣᠯᠴᠠᠬᠤ ᠶᠢ ᠵᠣᠬᠢᠶᠠᠨ ᠪᠠᠶᠢᠭᠤᠯᠤᠨ ᠠᠬᠢᠭᠤᠯᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ ᠬᠦᠴᠦ ᠪᠠᠨ ᠬᠠᠮᠲᠤᠳᠬᠠᠨ ᠪᠠᠶᠢᠭᠤᠯᠤᠨ᠎ᠠ᠃      ᠳᠤᠮᠳᠠᠳᠤ   ᠶᠢᠨ ᠦᠨᠳᠦᠰᠦᠲᠡᠨ ᠤ ᠬᠠᠮᠲᠤ   ᠶᠢᠨ ᠴᠣᠭᠴᠠ   ᠶᠢ ᠪᠠᠳᠤᠳᠬᠠᠬᠤ ᠭᠤᠤᠯ ᠰᠢᠵᠢᠮ ᠤᠨ ᠲᠤᠭᠤᠷᠢᠨ ᠳᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠢᠯᠡᠳᠲᠡ ᠦᠷ᠎ᠡ ᠪᠦᠲᠦᠮᠵᠢ ᠣᠯᠪᠠ      ᠲᠣᠭᠲᠠᠬᠤ ᠰᠢᠶᠠᠨ 2023 ᠣᠨ ᠤ ᠪᠥᠬᠦ ᠬᠤᠲᠠ ᠶᠢᠨ ᠠᠮᠤᠷ ᠲᠦᠪᠰᠢᠨ ᠤ ᠪᠠᠶᠢᠭᠤᠯᠤᠯᠲᠠ ᠶᠢᠨ ᠰᠢᠯᠭᠠᠨ ᠦᠨᠡᠯᠡᠯᠲᠡ ᠳᠤ ᠲᠡᠷᠢᠭᠦᠯᠡᠪᠡ︔ ᠤᠯᠤᠰ ᠤᠨ ᠠᠮᠤᠷ ᠲᠦᠪᠰᠢᠨ᠂ ᠠᠷᠠᠳ ᠤᠨ ᠰᠡᠷᠭᠡᠶᠢᠯᠡᠯᠲᠡ ᠶᠢᠨ ᠱᠤᠭᠤᠮ ᠤᠨ ᠬᠤᠰᠢᠭᠤ ᠰᠢᠶᠠᠨ ᠲᠣᠭᠤᠷᠢᠭ ᠤᠨ ᠬᠠᠷᠢᠯᠴᠠᠨ ᠪᠠᠶᠢᠴᠠᠭᠠᠵᠤ ᠰᠢᠯᠭᠠᠨ ᠦᠨᠡᠯᠡᠬᠦ ᠳᠤ ᠪᠥᠬᠦ ᠬᠤᠲᠠ ᠳᠤ ᠨᠢᠭᠡᠳᠦᠭᠡᠷ ᠲᠤ ᠣᠷᠣᠪᠠ︔ ᠥᠪᠡᠷᠲᠡᠭᠡᠨ ᠵᠠᠰᠠᠬᠤ ᠣᠷᠣᠨ ᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠭᠰᠠᠨ ᠬᠤᠰᠢᠭᠤ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠢᠨ ᠬᠢᠨᠠᠨ ᠰᠢᠯᠭᠠᠯᠲᠠ ᠳᠤ ᠨᠢᠭᠡᠳᠦᠭᠡᠷ ᠲᠤ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠢᠭ᠋ ᠤᠨ ᠠᠵᠢᠯ ᠥᠪᠡᠷᠲᠡᠭᠡᠨ ᠵᠠᠰᠠᠬᠤ ᠣᠷᠣᠨ ᠤ ᠰᠢᠯᠭᠠᠨ ᠠᠪᠬᠤ 2023 ᠣᠨ ᠤ ︽ᠠᠮᠢᠨ ᠬᠡᠷᠡᠭ ᠦᠭᠡᠢ︾ ᠭᠠᠵᠠᠷ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠪᠠ︔      2023 ᠣᠨ ᠳᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ︽ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ︾ ᠳᠤᠮᠳᠠ ᠬᠠᠮᠲᠤ ᠶᠢᠨ ᠬᠥᠬᠢᠭᠦᠯᠦᠯ ᠢ ᠬᠦᠷᠲᠡᠵᠦ᠂ ᠪᠦᠬᠦ ᠬᠤᠳᠠ ᠶᠢᠨ ᠴᠤᠷ ᠤᠨ ᠭᠠᠭᠴᠠ ᠱᠠᠩᠨᠠᠯ ᠭᠥᠷᠳᠡᠭᠰᠡᠨ ᠭᠠᠵᠠᠷ ᠣᠷᠣᠨ ᠪᠣᠯᠵᠠᠢ︔     2023 ᠣᠨ ᠤ ᠲᠤᠤᠷᠴᠢᠯᠠᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠳᠤ᠂ ᠲᠣᠭᠲᠠᠬᠤ ᠰᠢᠶᠠᠨ  ᠨᠢ ᠪᠦᠬᠦ ᠬᠤᠳᠠ ᠶᠢᠨ ᠲᠡᠷᠢᠭᠦᠨ ᠤ ᠭᠠᠵᠠᠷ ᠣᠷᠣᠨ ᠢᠶᠠᠷ ᠦᠨᠡᠯᠡᠭᠳᠡᠵᠦ᠂ ᠭᠦ᠋ ᠴᠧᠩ ᠪᠠᠯᠭᠠᠰᠤ ᠨᠢ ︽2023 ᠣᠨ ᠤ ᠲᠤᠤᠷᠴᠢᠯᠠᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠢᠯᠢᠳᠡᠭ ᠬᠠᠮᠲᠤ ᠨᠡᠶᠢᠲᠡ︾ ᠪᠠᠷ ᠦᠨᠡᠯᠡᠭᠳᠡᠵᠦ᠂ ᠱᠤᠸᠠᠩ ᠾᠧ ᠪᠠᠯᠭᠠᠰᠤ ᠶᠢᠨ ᠵᠦᠩ ᠲᠠᠨ ᠨᠡᠶᠢᠭᠡᠮ ᠲᠣᠭᠤᠷᠢᠭ ᠪᠣᠯᠣᠨ ᠨᠠᠨᠫᠢᠩ ᠨᠡᠶᠢᠭᠡᠮ ᠲᠣᠭᠤᠷᠢᠭ ᠨᠢ ︽ᠰᠢᠯᠢᠳᠡᠭ ᠨᠡᠶᠢᠭᠡᠮ ᠲᠣᠭᠤᠷᠢᠭ︾ ᠢᠶᠠᠷ ᠦᠨᠡᠯᠡᠭᠳᠡᠵᠦ᠂ ᠭᠦ᠋ ᠴᠧᠩ ᠪᠠᠯᠭᠠᠰᠤ ᠶᠢᠨ ᠰᠢᠷᠡᠭᠡᠳᠦ ᠲᠣᠰᠬᠤᠨ᠂ ᠦᠱᠸᠡᠨ ᠪᠠᠯᠭᠠᠰᠤ ᠶᠢᠨ ᠨᠠᠶᠢᠵᠠ ᠭᠡᠷ ᠲᠣᠰᠬᠤᠨ ᠨᠢ ︽ᠰᠢᠯᠢᠳᠡᠭ ᠬᠥᠳᠡᠭᠡ ᠲᠣᠰᠬᠤᠨ︾ ᠢᠶᠠᠷ ᠦᠨᠡᠯᠡᠭᠳᠡᠪᠡ︔      ᠬᠤᠶᠢᠰᠢᠳᠠ ᠶᠢᠨ ᠠᠵᠢᠯ ᠤᠨ ᠳᠤᠮᠳᠠ᠂ ᠲᠣᠭᠲᠠᠬᠤ ᠰᠢᠶᠠᠨ ᠦᠷᠭᠦᠯᠵᠢᠯᠡᠨ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠠᠵᠢᠯ ᠢᠶᠠᠷ ᠭᠠᠷᠳᠠᠴᠠ ᠪᠣᠯᠭᠠᠵᠤ᠂ ᠦᠨᠳᠦᠰᠦᠨ ᠱᠠᠲᠤ ᠶᠢ ᠠᠳᠬᠤᠨ ᠰᠠᠭᠤᠷᠢ ᠶᠢ ᠲᠠᠯᠪᠢᠬᠤ᠂ ᠳᠦᠷᠢᠮ ᠢ ᠪᠠᠶᠢᠭᠤᠯᠤᠨ ᠲᠣᠭᠲᠠᠴᠠ ᠶᠢ ᠴᠢᠩᠭᠠᠳᠬᠠᠬᠤ᠂ ᠢᠵᠢᠯ ᠲᠥᠪᠲᠦ ᠲᠣᠭᠤᠷᠢᠭ ᠢ ᠪᠠᠶᠢᠭᠤᠯᠬᠤ᠂ ᠵᠢᠯᠤᠭᠤᠳᠬᠤ ᠬᠡᠯᠬᠢᠶ᠎ᠡ ᠶᠢ ᠴᠣᠭᠴᠠᠯᠠᠬᠤ᠂ ︽ᠨᠡᠶᠢᠭᠡᠮ ᠤᠨ ᠵᠠᠰᠠᠯᠲᠠ + ᠦᠨᠳᠦᠰᠦᠲᠡᠨ ᠤ ᠪᠦᠯᠬᠦᠮᠳᠡᠯ + N ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠠᠰᠤᠷᠠᠯᠳᠠ ᠦᠭᠡᠢ ᠰᠢᠯᠢᠳᠡᠭᠵᠢᠭᠦᠯᠬᠦ᠂ ᠨᠡᠶᠢᠭᠡᠮ ᠤᠨ ᠵᠠᠰᠠᠯᠲᠠ ᠶᠢᠨ ᠠᠷᠭ᠎ᠠ ᠮᠠᠶ᠋ᠢᠭ ᠢ ᠭᠦᠨᠵᠡᠭᠡᠢ ᠠᠭᠤᠰᠤᠯᠴᠠᠭᠤᠯᠬᠤ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠬᠦ ᠶᠢ ᠪᠡᠶᠡᠯᠡᠭᠦᠯᠵᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1