ᠦᠰᠦᠭ ᠪᠢᠴᠢᠭ ᠤᠨ ᠲᠠᠶᠢᠯᠤᠮᠵᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠪᠠ ᠵᠠᠭᠤᠴᠢ ᠪᠠᠶᠢᠭᠤᠯᠤᠮᠵᠢ ᠶᠢᠨ ᠢᠲᠡᠭᠡᠮᠵᠢ ᠶᠢᠨ ᠬᠠᠮᠢᠶᠠᠷᠤᠯᠲᠠ ᠶᠢᠨ ᠠᠷᠭ᠎ᠠ︾ ᠶᠢᠨ ᠲᠥᠷᠥ ᠶᠢᠨ ᠪᠤᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/4/10
             ᠪᠦᠬᠦ ᠣᠷᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠪᠣᠯᠣᠨ ᠵᠠᠭᠤᠴᠢ ᠪᠠᠶᠢᠭᠤᠯᠤᠮᠵᠢ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠢᠲᠡᠭᠡᠮᠵᠢ ᠶᠢᠨ ᠬᠢᠵᠠᠭᠠᠷᠯᠠᠯ ᠢ ᠴᠢᠩᠭᠠᠳᠬᠠᠵᠤ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠢᠲᠡᠭᠡᠮᠵᠢ ᠪᠠᠷ ᠰᠠᠭᠤᠷᠢ ᠪᠣᠯᠭᠠᠭᠰᠠᠨ ᠰᠢᠨ᠎ᠡ ᠬᠡᠯᠪᠡᠷᠢ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠡᠵᠡᠩᠨᠡᠯᠲᠡ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠵᠠᠭᠤᠴᠢ ᠦᠢᠯᠡᠴᠢᠯᠡᠭᠡᠨ ᠤ ᠠᠵᠢᠯᠯᠠᠭ᠎ᠠ ᠶᠢ ᠤᠯᠠᠮ ᠴᠢᠨᠠᠭᠰᠢᠳᠠ ᠵᠢᠷᠤᠮᠵᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠦᠯᠦᠭᠡ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠮᠠᠨ ᠤ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠪᠠ ᠵᠠᠭᠤᠴᠢ ᠪᠠᠶᠢᠭᠤᠯᠤᠮᠵᠢ ᠶᠢᠨ ᠢᠲᠡᠭᠡᠮᠵᠢ ᠶᠢᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠲᠤᠭᠤᠷᠪᠢᠬᠤ ᠶᠢᠨ ᠬᠠᠮᠲᠤ ᠳᠠᠷᠤᠮᠠᠯᠯᠠᠨ ᠲᠠᠷᠬᠠᠭᠠᠵᠤ᠂ ᠡᠳᠦᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠳᠤ ᠳᠣᠣᠷᠠᠬᠢ ᠮᠡᠲᠦ ᠲᠠᠶᠢᠯᠤᠮᠵᠢ ᠬᠢᠶ᠎ᠡ᠄       ᠨᠢᠭᠡ᠂ ᠬᠡᠷᠡᠭᠯᠡᠬᠦ ᠬᠡᠪᠴᠢᠶ᠎ᠡ ᠪᠠ ᠵᠢᠯᠤᠭᠤᠳᠬᠤ ᠵᠠᠷᠴᠢᠮ       ᠥᠪᠡᠷᠲᠡᠭᠡᠨ ᠵᠠᠰᠠᠬᠤ ᠣᠷᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠪᠣᠯᠣᠨ ᠵᠠᠭᠤᠴᠢ ᠪᠠᠶᠢᠭᠤᠯᠤᠮᠵᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠨᠡᠶᠢᠲᠡᠯᠡᠬᠦ᠂ ᠬᠡᠷᠡᠭᠯᠡᠬᠦ ᠵᠢᠴᠢ ᠬᠠᠮᠢᠶᠠᠷᠤᠯᠲᠠ ᠶᠢᠨ ᠠᠵᠢᠯᠯᠠᠭ᠎ᠠ ᠳᠤ ᠲᠣᠰ ᠠᠷᠭ᠎ᠠ ᠲᠣᠬᠢᠷᠠᠨ᠎ᠠ᠃ ︽ᠠᠷᠭ᠎ᠠ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢᠲᠡᠢ ᠪᠠᠶᠢᠬᠤ ᠶᠢ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠪᠠᠷ ᠵᠣᠷᠢᠯᠭ᠎ᠠ ᠪᠣᠯᠭᠠᠭᠰᠠᠨ ᠶᠤᠮ᠃      ᠬᠤᠶᠠᠷ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠦᠨᠳᠦᠰᠦᠯᠡᠯ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶᠠᠷᠤᠯᠲᠠ ᠶᠢᠨ ᠬᠠᠤᠯᠢ︾᠂ ︽ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢ ᠨᠡᠭᠡᠭᠡᠨ ᠡᠵᠡᠩᠨᠡᠬᠦ ᠬᠠᠮᠢᠶᠠᠷᠤᠯᠲᠠ ᠶᠢᠨ ᠳᠦᠷᠢᠮ︾ ︽ᠭᠡᠷ ᠪᠠᠶᠢᠰᠢᠩ ᠭᠠᠵᠠᠷ ᠬᠥᠷᠥᠩᠭᠡ ᠶᠢᠨ ᠵᠠᠭᠤᠴᠢᠯᠠᠭᠤᠷ ᠤᠨ ᠬᠠᠮᠢᠶᠠᠷᠤᠯᠲᠠ ᠶᠢᠨ ᠠᠷᠭ᠎ᠠ︾ ︽ᠢᠲᠡᠭᠡᠮᠵᠢ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ ᠪᠠ ᠢᠲᠡᠭᠡᠯ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠤᠭᠤᠳᠬᠤ ᠰᠠᠨᠠᠯ︾ ︽ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠢᠲᠡᠭᠡᠮᠵᠢ ᠪᠠᠷ ᠰᠠᠭᠤᠷᠢ ᠪᠣᠯᠭᠠᠭᠰᠠᠨ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠡᠵᠡᠩᠨᠡᠬᠦ ᠬᠠᠮᠢᠶᠠᠷᠤᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠦᠨᠳᠦᠰᠦᠯᠡᠨ ᠲᠣᠰ ᠠᠷᠭ᠎ᠠ ᠶᠢ ᠲᠣᠭᠲᠠᠭᠠᠪᠠ᠃      ᠭᠤᠷᠪᠠ᠂ ᠭᠤᠣᠯ ᠠᠭᠤᠯᠭ᠎ᠠ      ︽ᠠᠷᠭ᠎ᠠ︾ ᠨᠢ ᠨᠠᠢᠮᠠᠨ ᠪᠦᠯᠦᠭ᠂ ᠳᠥᠴᠢ ᠶᠢᠰᠦᠨ ᠵᠤᠷᠪᠤᠰ ᠢᠶᠠᠷ ᠪᠦᠷᠢᠯᠳᠦᠭᠦᠯᠪᠡ᠃ ᠭᠤᠣᠯ ᠠᠭᠤᠯᠭ᠎ᠠ ᠳᠤ᠄ ᠢᠲᠡᠭᠡᠮᠵᠢ ᠶᠢᠨ ᠮᠡᠳᠡᠭᠡ ᠵᠠᠩᠭᠢ ᠪᠦᠷᠢᠯᠳᠦᠭᠦᠨ ᠪᠤᠯ᠂ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ᠂ ᠰᠠᠭᠤᠷᠢ ᠮᠡᠳᠡᠭᠡ ᠵᠠᠩᠭᠢ᠂ ᠢᠲᠡᠭᠡᠮᠵᠢ ᠪᠠᠨ ᠨᠡᠮᠡᠭᠳᠡᠭᠦᠯᠬᠦ ᠮᠡᠳᠡᠭᠡ ᠵᠠᠩᠭᠢ᠂ ᠡᠩ ᠤᠨ ᠢᠲᠡᠭᠡᠯ ᠠᠯᠳᠠᠭᠰᠠᠨ ᠮᠡᠳᠡᠭᠡ ᠵᠠᠩᠭᠢ᠂ ᠬᠦᠨᠳᠦ ᠨᠣᠴᠢᠲᠠᠢ ᠢᠲᠡᠭᠡᠯ ᠠᠯᠳᠠᠭᠰᠠᠨ ᠮᠡᠳᠡᠭᠡ ᠵᠠᠩᠭᠢ ᠪᠠᠭᠲᠠᠨ᠎ᠠ᠃ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠳᠤ᠂ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠪᠠ ᠵᠠᠭᠤᠴᠢ ᠪᠠᠶᠢᠭᠤᠯᠤᠮᠵᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠮᠠᠭᠠᠳᠯᠠᠨ ᠲᠣᠭᠲᠠᠭᠠᠬᠤ ᠦᠨᠳᠦᠰᠦ ᠪᠠᠷᠢᠮᠲᠠ ᠶᠢ ᠲᠣᠳᠣᠷᠬᠠᠶᠢᠯᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠷᠢᠭᠤᠴᠠᠯᠭᠠᠲᠤ ᠭᠤᠣᠯ ᠴᠣᠭᠴᠠ ᠶᠢ ᠴᠤᠭᠯᠠᠭᠤᠯᠬᠤ ᠳᠤ ᠬᠠᠷᠢᠭᠤᠴᠠᠨ᠎ᠠ᠃ ᠢᠲᠡᠭᠡᠮᠵᠢ ᠶᠢᠨ ᠳᠡᠰ ᠤᠨ ᠦᠨᠡᠯᠡᠯᠲᠡ᠂ ᠢᠲᠡᠭᠡᠮᠵᠢ ᠶᠢᠨ ᠬᠠᠮᠢᠶᠠᠷᠤᠯᠲᠠ ᠳᠤ ᠬᠥᠳᠡᠯᠦᠩᠭᠦᠢ ᠦᠨᠡᠯᠡᠯᠲᠡ ᠶᠢ ᠬᠡᠷᠡᠭᠵᠢᠭᠦᠯᠵᠦ᠂ ᠢᠲᠡᠭᠡᠮᠵᠢ ᠶᠢᠨ ᠬᠤᠪᠢ ᠲᠡᠮᠳᠡᠭᠯᠡᠬᠦ ᠳᠦᠷᠢᠮ ᠢ ᠬᠡᠷᠡᠭᠵᠢᠭᠦᠯᠦᠨ᠎ᠡ᠃ ᠢᠲᠡᠭᠡᠮᠵᠢ ᠶᠢᠨ ᠮᠡᠳᠡᠭᠡ ᠵᠠᠩᠭᠢ ᠶᠢᠨ ᠬᠡᠷᠡᠭᠯᠡᠯᠲᠡ ᠳᠤ ᠨᠡᠭᠡᠭᠡᠨ ᠠᠰᠢᠭᠯᠠᠬᠤ ᠠᠵᠤ ᠠᠬᠤᠶᠢᠯᠠᠯ ᠪᠣᠯᠣᠨ ᠵᠠᠭᠤᠴᠢ ᠪᠠᠶᠢᠭᠤᠯᠤᠮᠵᠢ ᠶᠢᠨ ᠠᠳᠠᠯᠢ ᠪᠤᠰᠤ ᠢᠲᠡᠭᠡᠮᠵᠢ ᠶᠢᠨ ᠳᠡᠰ ᠲᠤ ᠴᠢᠭᠯᠡᠭᠦᠯᠦᠨ ᠵᠣᠬᠢᠴᠠᠩᠭᠤᠢ ᠱᠠᠩᠨᠠᠵᠤ  ᠲᠤᠷᠭᠤᠭᠠᠬᠤ ᠳᠦᠷᠢᠮ ᠢ ᠲᠣᠭᠲᠠᠭᠠᠭᠰᠠᠨ ᠪᠠᠶᠢᠨ᠎ᠠ᠃ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡᠯᠡᠬᠦ᠂ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠪᠣᠯᠭᠠᠬᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠪᠠ ᠡᠷᠬᠡ ᠣᠯᠭᠤᠵᠤ ᠪᠠᠶᠢᠴᠠᠭᠠᠨ ᠯᠠᠪᠯᠠᠬᠤ ᠠᠷᠭ᠎ᠠ ᠮᠠᠶ᠋ᠢᠭ ᠢᠶᠠᠷ ᠨᠡᠶᠢᠲᠡᠯᠡᠨ᠎ᠡ᠃ ᠢᠲᠡᠭᠡᠮᠵᠢ ᠶᠢᠨ ᠭᠤᠣᠯ ᠴᠣᠭᠴᠠ ᠶᠢᠨ ᠡᠷᠬᠡ ᠠᠰᠢᠭ᠂ᠢᠲᠡᠭᠡᠮᠵᠢ ᠶᠢᠨ ᠭᠤᠣᠯ ᠴᠣᠭᠴᠠ ᠨᠢ ᠲᠣᠭᠲᠠᠭᠠᠯ ᠶᠣᠰᠣᠭᠠᠷ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠣᠰ ᠪᠡᠶ᠎ᠡ ᠶᠢᠨ ᠢᠲᠡᠭᠡᠮᠵᠢ ᠶᠢᠨ ᠮᠡᠳᠡᠭᠡ ᠵᠠᠩᠭᠢ ᠪᠠᠨ ᠵᠠᠯᠠᠷᠠᠭᠤᠯᠬᠤ᠂ ᠵᠠᠰᠠᠪᠤᠷᠢ ᠣᠷᠣᠭᠤᠯᠬᠤ ᠪᠠ ᠵᠠᠰᠠᠨ ᠰᠡᠷᠭᠦᠭᠡᠬᠦ ᠪᠠᠷ ᠭᠤᠶᠤᠴᠢᠯᠠᠵᠤ ᠪᠣᠯᠣᠨ᠎ᠠ᠃       ᠳᠥᠷᠪᠡ᠂ ᠲᠥᠷᠥ ᠶᠢᠨ ᠪᠣᠳᠣᠯᠭ᠎ᠠ ᠶᠢᠨ ᠭᠢᠯᠠᠰ ᠴᠡᠭ       ︽ᠠᠷᠭ᠎ᠠ︾ ᠶᠢ ᠬᠡᠷᠡᠭᠵᠢᠭᠦᠯᠦᠭᠰᠡᠨ ᠤ ᠳᠠᠷᠠᠭ᠎ᠠ᠂ ᠪᠥᠬᠦ ᠣᠷᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠪᠠ ᠵᠠᠭᠤᠴᠢ ᠪᠠᠶᠢᠭᠤᠯᠤᠮᠵᠢ ᠶᠢᠨ ᠢᠲᠡᠭᠡᠮᠵᠢ ᠶᠢᠨ ᠬᠠᠮᠢᠶᠠᠷᠤᠯᠲᠠ ᠳᠤ ᠬᠥᠳᠡᠯᠦᠩᠭᠦᠢ ᠦᠨᠡᠯᠡᠯᠲᠡ ᠂ ᠢᠲᠡᠭᠡᠮᠵᠢ ᠶᠢᠨ ᠬᠤᠪᠢ ᠲᠡᠮᠳᠡᠭᠯᠡᠬᠦ ᠳᠦᠷᠢᠮ ᠢ ᠬᠡᠷᠡᠭᠵᠢᠭᠦᠯᠦᠨ᠂ ᠢᠲᠡᠭᠡᠮᠵᠢ ᠶᠢᠨ ᠮᠡᠳᠡᠭᠡ ᠵᠠᠩᠭᠢ ᠶᠢᠨ ᠬᠤᠪᠢ ᠶᠢᠨ ᠥᠷᠲᠡᠭ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠪᠠ ᠵᠠᠭᠤᠴᠢ ᠪᠠᠶᠢᠭᠤᠯᠤᠮᠵᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠤᠪᠢ ᠲᠣᠭᠲᠠᠭᠠᠬᠤ ᠪᠠᠷᠢᠮᠵᠢᠶ᠎ᠠ︾ ᠶᠢ ᠦᠨᠳᠦᠰᠦᠯᠡᠨ ᠲᠣᠭᠲᠠᠭᠠᠨ᠎ᠠ᠃ ︽ᠠᠷᠭ᠎ᠠ︾ ᠳᠤ ᠢᠲᠡᠭᠡᠮᠵᠢ ᠶᠢᠨ ᠲᠠᠰ ᠢ A᠂ B᠂ C᠂ D ᠳᠥᠷᠪᠡᠨ ᠲᠠᠰ ᠬᠤᠪᠢᠶᠠᠭᠰᠠᠨ ᠪᠥᠭᠡᠳ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠪᠣᠯᠣᠨ ᠵᠠᠭᠤᠴᠢ ᠪᠠᠶᠢᠭᠤᠯᠤᠮᠵᠢ ᠶᠢᠨ ᠠᠳᠠᠯᠢ ᠪᠤᠰᠤ ᠢᠲᠡᠭᠡᠮᠵᠢ ᠶᠢᠨ ᠲᠠᠰ ᠲᠤ ᠴᠢᠭᠯᠡᠭᠦᠯᠦᠨ᠂ ᠱᠠᠩᠨᠠᠵᠤ ᠲᠤᠷᠭᠤᠭᠠᠬᠤ ᠵᠣᠬᠢᠴᠠᠩᠭᠤᠢ ᠠᠷᠭ᠎ᠠ ᠬᠡᠮᠵᠢᠶ᠎ᠡ ᠶᠢ ᠲᠣᠭᠲᠠᠭᠠᠭᠰᠠᠨ ᠪᠠᠶᠢᠨ᠎ᠠ᠃       ᠲᠠᠪᠤ᠂ ᠬᠡᠷᠡᠭᠵᠢᠭᠦᠯᠬᠦ ᠴᠠᠭ      ᠲᠣᠰ ︽ᠠᠷᠭ᠎ᠠ︾ ᠶᠢ 2024 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠲᠠᠶᠢᠯᠤᠮᠵᠢ ᠬᠢᠭᠴᠢ᠄ ᠸᠠᠩ ᠾᠦᠢ ᠲᠢᠩ  ᠬᠠᠷᠢᠯᠴᠠᠬᠤ ᠤᠲᠠᠰᠤ᠄ 0471 ︱ 6945031ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1