ᠲᠣᠭᠲᠠᠬᠤ ᠰᠢᠶᠠᠨ᠄ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ︽ᠬᠠᠮ ᠠᠷᠭ᠎ᠠ ᠬᠡᠮᠵᠢᠶ᠎ᠡ︾ ᠶᠢ ᠰᠠᠶᠢᠲᠤᠷ ᠠᠳᠬᠤᠵᠦ ᠪᠠᠶᠢᠨ᠎ᠠ
ᠨᠡᠶᠢᠲᠡᠯᠡᠭᠰᠡᠨ ᠴᠠᠭ᠄
2024/4/12
      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠨᠡᠶᠢᠲᠡ 394᠂ ᠮᠠᠲ᠋ᠧᠷᠢᠶᠠᠯ ᠢ ᠨᠡᠶᠢᠲᠡ 820 ᠪᠠᠭᠠᠰᠬᠠᠪᠠ︔ ᠬᠤᠳᠠᠯᠳᠤᠭᠠᠨ ᠤ ᠵᠢᠭᠤᠷᠠᠯᠳᠤᠭᠠᠨ ᠤ ᠪᠠᠭ᠎ᠠ ᠲᠣᠭᠠᠨ ᠤ ᠵᠠᠷᠭᠤ ᠶᠢ 15 ᠡᠳᠦᠷ ᠤᠨ ᠳᠣᠲᠣᠷ᠎ᠠ ᠳᠠᠭᠤᠰᠬᠠᠵᠤ᠂ ᠲᠦᠷᠭᠡᠨ ᠲᠠᠰᠤᠯᠬᠤ ᠬᠡᠷᠡᠭ ᠢ 30 ᠡᠳᠦᠷ ᠤᠨ ᠳᠣᠲᠣᠷ᠎ᠠ ᠳᠠᠭᠤᠰᠬᠠᠨ᠎ᠠ︔ ︽ᠠᠯᠠᠭᠠᠨ ᠳᠡᠭᠡᠷ᠎ᠡ  ᠭᠦᠢᠴᠡᠳᠬᠡᠬᠦ︾ ᠦᠢᠯᠡᠴᠢᠯᠡᠭᠡᠨ ᠤ 1020 ᠵᠦᠢᠯ ᠤᠨ ᠵᠦᠢᠯᠡᠰ ᠢ ᠭᠦᠢᠴᠡᠳᠬᠡᠬᠦ ᠶᠢ ᠪᠡᠶᠡᠯᠡᠭᠦᠯᠪᠡ︔ ᠵᠠᠭᠠᠯᠳᠤᠯᠭ᠎ᠠ ᠶᠢ ᠭᠥᠯᠢᠶᠡᠨ ᠠᠪᠤᠮᠠᠭᠴᠠ ᠠᠵᠢᠯ ᠡᠷᠬᠢᠯᠡᠬᠦ ᠬᠠᠭᠤᠳᠠᠰᠤ ᠨᠡᠶᠢᠳᠡ 5290 ᠬᠤᠪᠢ ᠬᠡᠷᠡᠭ ᠢ ᠰᠢᠢᠳᠪᠦᠷᠢᠯᠡᠨ ᠳᠠᠭᠤᠰᠬᠠᠵᠤ᠂ ᠬᠠᠨᠤᠮᠵᠢ ᠶᠢᠨ ᠨᠤᠷᠮ᠎ᠠ ᠨᠢ 99.05% ᠳᠤ ᠬᠦᠷᠴᠡᠢ ᠁      ᠬᠡᠳᠦᠶᠢᠪᠡᠷ ᠲᠤᠭ᠎ᠠ ᠪᠠᠷᠢᠮᠲᠠ ᠨᠤᠭᠤᠳ ᠢᠶᠠᠷ ᠪᠦᠷᠢᠯᠳᠦᠭᠰᠡᠨ ᠪᠣᠯᠪᠠᠴᠤ᠂ ᠲᠣᠭᠲᠠᠬᠤ ᠰᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ ᠂ ᠠᠷᠠᠳ ᠤᠨ ᠵᠣᠪᠠᠨᠢᠯ ᠢ ᠰᠡᠳᠬᠢᠯ ᠲᠠᠯᠪᠢᠨ ᠰᠢᠢᠳᠪᠦᠷᠢᠯᠡᠬᠦ ᠲᠠᠯ᠎ᠠ ᠪᠠᠷ ᠬᠢ ᠠᠮᠢᠳᠤᠯᠢᠭ ᠥᠩᠭᠡᠷᠡᠯᠲᠡ ᠶᠢ ᠭᠡᠷᠡᠴᠢᠯᠡᠵᠡᠢ᠃ ᠡᠵᠡᠩᠨᠡᠯᠲᠡ ᠶᠢᠨ ᠣᠷᠴᠢᠨ ᠲᠣᠭᠤᠷᠢᠨ ᠤ ᠲᠡᠰ ᠳᠠᠷᠠᠭᠠᠯᠠᠯ ᠢ ᠰᠢᠯᠢᠳᠡᠭᠵᠢᠭᠦᠯᠬᠦ ᠠᠴᠠ ᠳᠠᠷᠤᠭᠠᠰᠤ ᠶᠢ ᠬᠥᠩᠭᠡᠯᠡᠵᠦ ᠦᠷ᠎ᠡ ᠠᠰᠢᠭ ᠢ ᠨᠡᠮᠡᠭᠳᠡᠭᠦᠯᠬᠦ ᠬᠦᠷᠲᠡᠯᠡᠬᠢ ᠪᠦᠬᠦ ᠲᠠᠯ᠎ᠠ ᠪᠠᠷ ᠲᠡᠰ ᠳᠡᠪᠰᠢᠬᠦ ᠶᠢ ᠦᠨᠡᠨᠬᠦ ᠠᠬᠢᠭᠤᠯᠵᠤ᠂ ᠠᠵᠤ ᠠᠬᠤᠶᠢᠯᠠᠯ ᠪᠣᠯᠣᠨ ᠤᠯᠠᠨ ᠲᠦᠮᠡᠨ ᠳᠤ ︽ᠨᠢᠭᠡ ᠴᠤᠩᠬᠤᠪᠴᠢ ᠪᠠᠷ ᠬᠠᠮᠤᠭ ᠤᠯᠠᠨ ᠳᠠᠭᠠᠨ ᠨᠢᠭᠡ ᠯᠡ ᠤᠳᠠᠭ᠎ᠠ ᠭᠦᠶᠦᠬᠦ︾ ᠲᠦᠭᠦᠮ ᠦᠢᠯᠡᠴᠢᠯᠡᠭᠡ ᠶᠢ ᠬᠠᠩᠭᠠᠪᠠ᠃      ᠲᠣᠭᠲᠠᠴᠠ ᠶᠢᠨ ᠬᠦᠴᠦᠨ ᠢ ᠰᠠᠶᠢᠲᠤᠷ ᠠᠳᠬᠤᠰᠤᠭᠠᠢ ︱ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠴᠣᠭᠴᠠᠯᠠᠨ  ᠪᠠᠶᠢᠭᠤᠯᠪᠠ      ᠲᠣᠭᠲᠠᠬᠤ ᠰᠢᠶᠠᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠠᠵᠢᠯ ᠢ ᠶᠡᠬᠡᠪᠡᠷ ᠠᠬᠢᠭᠤᠯᠵᠤ᠂ ᠬᠤᠶᠠᠷ ᠢ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠬᠤ ᠵᠦᠢᠯᠡᠰ ᠤᠨ ᠲᠣᠳᠣᠷᠬᠠᠢ ᠬᠠᠭᠤᠳᠠᠰᠤ ᠶᠢ ᠨᠡᠶᠢᠲᠡ 378 ᠲᠣᠭᠲᠠᠭᠠᠵᠤ᠂ 5 ᠬᠠᠤᠯᠢ ᠬᠡᠷᠡᠭᠵᠢᠭᠦᠯᠬᠦ ᠬᠤᠪᠢᠶᠠᠷᠢ ᠬᠥᠮᠥᠷᠭᠡ ᠪᠠᠶᠢᠭᠤᠯᠤᠨ᠂ 58 ᠬᠠᠤᠯᠢ ᠬᠡᠷᠡᠭᠵᠢᠭᠦᠯᠬᠦ ᠬᠥᠮᠥᠷᠭᠡ ᠶᠢᠨ ᠠᠵᠢᠯᠲᠠᠨ ᠲᠣᠬᠢᠷᠠᠭᠤᠯᠵᠤ᠂ ᠲᠣᠮᠣ ᠳ᠋ᠠᠶᠢᠲ᠋ᠠ ᠶᠢ ᠬᠢᠨᠠᠨ ᠰᠢᠨᠵᠢᠵᠦ ᠵᠠᠳᠠᠯᠬᠤ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠮᠡᠷᠭᠡᠵᠢᠯ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠢᠳᠡᠪᠬᠢᠲᠡᠢ ᠳᠡᠯᠭᠡᠷᠡᠭᠦᠯᠦᠨ ᠬᠡᠷᠡᠭᠯᠡᠵᠦ᠂ 432 ᠠᠵᠤ ᠠᠬᠤᠶᠢᠯᠠᠯ ᠳᠤ ᠣᠷᠣᠵᠤ᠂ ᠠᠵᠤ ᠠᠬᠤᠶᠢᠯᠠᠯ ᠤᠨ ᠭᠤᠣᠯ ᠴᠣᠭᠴᠠ ᠨᠢ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠲᠠᠪᠴᠠᠩ ᠢᠶᠠᠷ ᠳᠡᠮᠵᠢᠨ ᠥᠪᠡᠷ ᠢ ᠪᠠᠨ 6000 ᠭᠠᠷᠤᠢ ᠤᠳᠠᠭ᠎ᠠ ᠪᠠᠶᠢᠴᠠᠭᠠᠵᠤ᠂ 100% ᠪᠠᠷ ᠪᠠᠶᠢᠴᠠᠭᠠᠭᠰᠠᠨ ᠪᠠᠶᠢᠨ᠎ᠠ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠢᠲᠡᠭᠡᠮᠵᠢᠲᠦ ᠵᠢᠭᠡᠯᠡᠯᠭᠡ︾ ᠶᠢᠨ ᠲᠠᠪᠴᠠᠩ ᠢ ᠭᠦᠢᠴᠡᠳ ᠠᠰᠢᠭᠯᠠᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠳᠤ ᠬᠦᠴᠦᠨ ᠨᠡᠮᠡᠷᠢᠯᠡᠵᠦ᠂ ᠲᠠᠪᠴᠠᠩ ᠤᠨ ᠳᠠᠩᠰᠠᠯᠠᠭᠤᠯᠤᠭᠰᠠᠨ ᠠᠵᠤ ᠠᠬᠤᠶᠢᠯᠠᠯ ᠤᠨ ᠲᠤᠭ᠎ᠠ 637 ᠪᠣᠯᠵᠤ᠂ ᠵᠢᠵᠢᠭ ᠪᠢᠴᠢᠯ ᠠᠵᠤ ᠠᠬᠤᠶᠢᠯᠠᠯ ᠤᠨ 1954 ᠲᠦᠮᠡᠨ ᠲᠥᠭᠦᠷᠢᠭ ᠤᠨ ᠪᠡᠯᠡ ᠲᠣᠬᠢᠷᠠᠭᠤᠯᠭ᠎ᠠ ᠶᠢ ᠳᠡᠮᠵᠢᠪᠡ᠃ ︽ᠥᠪᠥᠷ ᠮᠣᠩᠭᠤᠯ ᠤᠨ ᠠᠵᠤ ᠠᠬᠤᠶᠢᠯᠠᠯ ᠤᠨ ᠨᠡᠪᠲᠡᠷᠬᠡᠢ ᠮᠡᠳᠡᠭᠡ︾ ᠶᠢᠨ ᠵᠠᠬ᠎ᠠ ᠳᠡᠯᠭᠡᠭᠦᠷ ᠲᠤ ᠣᠷᠣᠵᠤ ᠰᠠᠭᠤᠭᠰᠠᠨ ᠬᠡᠮᠵᠢᠶ᠎ᠡ ︵ᠭᠤᠣᠯ ᠴᠣᠭᠴᠠ︶ 2903 ᠪᠠᠶᠢᠵᠤ᠂ ᠲᠠᠸᠠᠷ ᠤᠨ ᠲᠡᠮᠳᠡᠭ ᠤᠨ ᠬᠦᠴᠦᠨ ᠪᠦᠬᠦᠢ ᠳᠠᠩᠰᠠᠯᠠᠭᠤᠯᠤᠭᠰᠠᠨ ᠬᠡᠮᠵᠢᠶ᠎ᠡ 1421 ᠬᠤᠪᠢ᠂ ᠲᠤᠰᠬᠠᠢ ᠠᠰᠢᠭ ᠤᠨ ᠬᠦᠴᠦᠨ ᠪᠦᠬᠦᠢ ᠲᠤᠭ᠎ᠠ ᠪᠠᠷᠢᠮᠲᠠ 170 ᠬᠤᠪᠢ᠂ ᠲᠤᠰᠬᠠᠢ ᠠᠰᠢᠭ ᠤᠨ ᠡᠷᠬᠡ ᠣᠯᠭᠤᠭᠰᠠᠨ ᠬᠡᠮᠵᠢᠶ᠎ᠡ 37 ᠬᠤᠪᠢ ᠪᠠᠶᠢᠨ᠎ᠠ᠃      ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠰᠠᠶᠢᠲᠤᠷ ᠠᠳᠬᠤᠰᠤᠭᠠᠢ ︱ ᠲᠦᠷᠦᠯ ᠵᠦᠢᠯ ᠤᠨ ᠦᠢᠯᠡᠴᠢᠯᠡᠭᠡ ᠪᠠᠲᠤᠯᠠᠪᠤᠷᠢ ᠶᠢᠨ ᠴᠢᠳᠠᠪᠤᠷᠢ ᠶᠢ  ᠲᠡᠭᠡᠭᠰᠢᠯᠡᠭᠦᠯᠪᠡ      ︽ᠨᠢᠭᠡ ᠬᠦᠰᠦᠨᠦᠭᠲᠦ᠂ ᠨᠢᠭᠡ ᠴᠤᠩᠬᠤᠪᠴᠢ ᠪᠠᠷ ᠭᠦᠢᠴᠡᠳᠬᠡᠬᠦ᠂ ᠬᠠᠮᠤᠭ ᠠᠷᠪᠢᠨ ᠳᠠᠭᠠᠨ ᠨᠢᠭᠡ ᠤᠳᠠᠭ᠎ᠠ ᠭᠦᠶᠦᠯᠭᠡᠬᠦ︾ ︽ᠨᠢᠭᠡ ᠥᠷᠲᠡᠭᠡᠨ ᠤ ᠮᠠᠶ᠋ᠢᠭ ᠤᠨ ᠦᠢᠯᠡᠴᠢᠯᠡᠭᠡ︾ ᠶᠢ ᠪᠥᠬᠦ ᠲᠠᠯ᠎ᠠ ᠪᠠᠷ ᠳᠡᠯᠭᠡᠷᠡᠭᠦᠯᠵᠦ᠂ ᠠᠵᠤ ᠠᠬᠤᠶᠢᠯᠠᠯ ᠢ ᠨᠡᠭᠡᠭᠡᠨ ᠡᠷᠭᠢᠯᠡᠬᠦ ᠳᠤ ᠥᠪᠡᠷ ᠤᠨ ᠥᠷᠲᠡᠭ ᠦᠭᠡᠢ ᠪᠠᠶᠢᠬᠤ ᠶᠢ ᠪᠡᠶᠡᠯᠡᠭᠦᠯᠵᠦ᠂ ᠨᠡᠭᠡᠭᠡᠨ ᠡᠷᠭᠢᠯᠡᠬᠦ ᠴᠠᠭ ᠢ 0.5 ᠠᠵᠢᠯ ᠤᠨ ᠡᠳᠦᠷ᠂ 2 ᠭᠤᠭᠴᠤᠭ᠎ᠠ᠂ 6 ᠮᠠᠲ᠋ᠧᠷᠢᠶᠠᠯ ᠪᠣᠯᠭᠠᠨ ᠴᠣᠮᠬᠠᠳᠬᠠᠵᠤ᠂ ᠠᠵᠤ ᠠᠬᠤᠶᠢᠯᠠᠯ ᠤᠨ ᠡᠯᠧᠺᠲᠷᠤᠨᠴᠢᠯᠡᠵᠤ ᠭᠦᠢᠴᠡᠳᠬᠡᠬᠦ ᠨᠢ ᠪᠥᠬᠦ ᠲᠣᠭᠠᠨ ᠤ 90% ᠶᠢ ᠡᠵᠡᠯᠡᠨ᠎ᠡ᠃ ︽ᠥᠯᠥ ᠬᠦᠷᠦᠯᠴᠡᠬᠦ ᠬᠡᠯᠪᠡᠷᠢ︾ ᠶᠢᠨ ᠭᠠᠶᠢᠯᠢ ᠲᠤᠰᠢᠶᠠᠬᠤ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ︽ᠰᠦᠯᠵᠢᠶᠡᠨ ᠳᠡᠭᠡᠷ᠎ᠡ︾ + ︽ᠰᠦᠯᠵᠢᠶᠡᠨ ᠠᠴᠠ ᠭᠠᠳᠠᠨ᠎ᠠ︾ ᠬᠤᠯᠪᠤᠭᠠᠯᠠᠨ ᠬᠥᠳᠡᠯᠦᠯᠴᠡᠵᠦ ᠨᠢᠭᠡ ᠥᠷᠲᠡᠭᠡᠨ ᠤ ᠬᠡᠯᠪᠡᠷᠢ ᠪᠠᠷ ᠭᠠᠶᠢᠯᠢ ᠭᠦᠢᠴᠡᠳᠬᠡᠬᠦ ᠶᠢ ᠪᠡᠶᠡᠯᠡᠭᠦᠯᠵᠦ᠂ ᠰᠦᠯᠵᠢᠶᠡᠨ ᠳᠡᠭᠡᠷ᠎ᠡ ᠭᠦᠢᠴᠡᠳᠬᠡᠭᠰᠡᠨ ᠨᠣᠷᠮ᠎ᠠ 98% ᠶᠢ ᠳᠠᠪᠠᠪᠠ᠃ ︽ᠲᠠᠪᠤᠨ ᠨᠢᠭᠡ︾ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠰᠢᠰᠲ᠋ᠧᠮ ᠢ ᠳᠡᠯᠭᠡᠷᠡᠭᠦᠯᠵᠦ᠂ 18 ᠵᠦᠢᠯᠡᠰ ᠢ ᠬᠠᠪᠰᠤᠷᠤᠨ ᠣᠷᠣᠯᠠᠨ ᠭᠦᠢᠴᠡᠳᠬᠡᠵᠦ᠂ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠵᠠᠭᠤᠨ ᠤ ᠵᠠᠭᠤ ᠳᠤ ᠬᠦᠷᠪᠡ᠃ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠢ ᠮᠡᠳᠡᠭᠦᠯᠦᠨ ᠵᠥᠪᠰᠢᠶᠡᠷᠡᠭᠦᠯᠬᠦ᠂ ᠬᠢᠨᠠᠨ ᠵᠥᠪᠰᠢᠶᠡᠷᠡᠭᠦᠯᠬᠦ ᠡᠷᠴᠢᠮ ᠢ ᠴᠢᠩᠭᠠᠷᠠᠭᠤᠯᠵᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ 19 ᠬᠤᠪᠢ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ 26 ᠬᠤᠪᠢ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠲᠥᠯᠦᠪᠵᠢᠭᠦᠯᠭᠡ ᠶᠢᠨ ᠬᠢᠨᠠᠨ ᠬᠠᠷᠭᠤᠭᠤᠯᠤᠭᠰᠠᠨ ᠬᠢᠷᠢ ᠲᠡᠩᠴᠡᠭᠰᠡᠨ ᠦᠨᠡᠮᠯᠡᠯ ᠢ 11 ᠬᠤᠪᠢ ᠭᠦᠢᠴᠡᠳᠭᠡᠪᠡ᠃ ᠭᠠᠵᠠᠷ ᠰᠢᠷᠣᠢ ᠶᠢᠨ ᠬᠠᠩᠭᠠᠯᠭ᠎ᠠ ᠶᠢᠨ ᠡᠷᠴᠢᠮ ᠢ ᠴᠢᠩᠭᠠᠷᠠᠭᠤᠯᠵᠤ᠂ 2023 ᠣᠨ ᠳᠤ 19 ᠬᠡᠰᠡᠭ ᠭᠠᠵᠠᠷ ᠰᠢᠷᠣᠢ ᠶᠢ ᠠᠮᠵᠢᠯᠲᠠ ᠲᠠᠢ ᠪᠠᠷ ᠰᠢᠯᠵᠢᠭᠦᠯᠦᠨ ᠬᠤᠳᠠᠯᠳᠤᠵᠤ᠂ ᠰᠢᠯᠵᠢᠭᠦᠯᠦᠨ ᠬᠤᠳᠠᠯᠳᠤᠭᠰᠠᠨ ᠲᠠᠯᠠᠪᠠᠶ ᠨᠢ 44.8 ᠾᠧᠺᠲ᠋ᠠᠷ ᠪᠠᠶᠢᠵᠤ᠂ ᠰᠢᠯᠵᠢᠭᠦᠯᠦᠨ ᠬᠤᠳᠠᠯᠳᠤᠭᠰᠠᠨ ᠶᠡᠷᠦᠩᠬᠡᠢ ᠦᠨ᠎ᠡ ᠶᠢᠨ ᠵᠣᠭᠤᠰ ᠨᠢ 1 ᠳ᠋ᠦᠩᠰᠢᠭᠤᠷ ᠲᠥᠭᠦᠷᠢᠭ ᠢ ᠳᠠᠪᠠᠪᠠ᠃ ᠵᠠᠰᠠᠭ ᠤᠨ ᠣᠷᠳᠣᠨ᠂ ᠪᠠᠩᠬᠢ ᠬᠢᠭᠡᠳ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠲᠠᠪᠴᠠᠩ ᠢ ᠪᠠᠶᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠵᠢᠵᠢᠭ ᠪᠢᠴᠢᠯ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠦᠷᠦᠯ ᠤᠨ ᠰᠦᠢᠳᠬᠡᠯ ᠬᠤᠷᠢᠶᠠᠬᠤ ᠶᠢ ᠵᠢᠷᠤᠮᠵᠢᠭᠤᠯᠤᠨ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠥᠪᠡᠷ ᠤᠨ ᠦᠷᠳᠡᠭ ᠢ ᠪᠠᠭᠠᠰᠬᠠᠵᠤ᠂ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢᠨ ᠣᠯᠬᠤ ᠨᠤᠷᠮ᠎ᠠ ᠶᠢ ᠳᠡᠭᠡᠭᠰᠢᠯᠡᠭᠦᠯᠪᠡ᠃      ᠳᠠᠪᠠᠭᠤᠯᠢᠭ ᠬᠦᠴᠦᠨ ᠢ ᠰᠠᠶᠢᠲᠤᠷ ᠠᠳᠬᠤᠰᠤᠭᠠᠢ ︱ ᠲᠤᠰ ᠭᠠᠵᠠᠷ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠬᠢ ᠶᠢ  ᠲᠡᠭᠡᠭᠰᠢᠯᠡᠭᠦᠯᠪᠡ      ︽ᠬᠤᠶᠠᠷ ᠰᠢᠯᠢᠳᠡᠭ︾ ᠤᠨ ᠠᠵᠢᠯ ᠢ ᠭᠦᠨᠵᠡᠭᠡᠢ ᠥᠷᠨᠢᠭᠦᠯᠵᠦ᠂ ᠬᠢᠨᠠᠨ ᠵᠥᠪᠰᠢᠶᠡᠷᠡᠬᠦ ᠶᠠᠪᠤᠴᠠ ᠶᠢ ᠳᠠᠬᠢᠨ ᠪᠣᠶ ᠪᠣᠯᠭᠠᠵᠤ᠂ ᠬᠠᠤᠯᠢ ᠴᠠᠭᠠᠵᠠ ᠶᠢᠨ ᠦᠨᠳᠦᠰᠦ ᠪᠠᠷᠢᠮᠲᠠ ᠦᠭᠡᠢ ᠵᠦᠢᠯᠡᠰ ᠢ ᠭᠦᠢᠴᠡᠳᠬᠡᠬᠦ ᠴᠢᠬᠤᠯᠠ ᠨᠥᠬᠦᠴᠡᠯ ᠢ ᠪᠦᠬᠦᠨ ᠢ ᠬᠦᠴᠦᠨ ᠦᠭᠡᠢ ᠪᠣᠯᠭᠠᠵᠤ᠂ ︽ᠪᠤᠰᠤᠳ︾ ︽ᠬᠤᠯᠪᠣᠭᠳᠠᠯ ᠪᠦᠬᠦᠢ︾ ᠵᠡᠷᠭᠡ ᠦᠨᠳᠦᠰᠦᠨ ᠵᠦᠢᠯ ᠢ ᠪᠠᠲᠤᠯᠠᠬᠤ ᠰᠢᠨᠵᠢ ᠴᠢᠨᠠᠷ ᠲᠠᠢ ᠭᠦᠢᠴᠡᠳᠬᠡᠬᠦ ᠴᠢᠬᠤᠯᠠ ᠨᠥᠬᠦᠴᠡᠯ ᠢ ᠳᠠᠭᠢᠵᠤ ᠦᠯᠡᠳᠡᠭᠡᠬᠦ ᠦᠭᠡᠢ᠂ ᠲᠠᠰ ᠳᠠᠷᠠᠭᠠᠯᠠᠯ ᠵᠢᠴᠢ ᠵᠠᠩᠭᠢᠯᠠᠭ᠎ᠠ ᠶᠢᠨ ᠶᠡᠷᠦᠩᠬᠡᠢ ᠲᠤᠭ᠎ᠠ ᠶᠢ 32 ᠴᠣᠮᠬᠠᠳᠬᠠᠵᠤ᠂ ᠠᠵᠢᠯ ᠶᠠᠪᠤᠳᠠᠯ ᠭᠦᠢᠴᠡᠳᠬᠡᠬᠦ ᠴᠢᠬᠤᠯᠠ ᠨᠥᠬᠦᠴᠡᠯ ᠤᠨ ᠶᠡᠷᠦᠩᠬᠡᠢ ᠲᠤᠭ᠎ᠠ ᠶᠢ 12 ᠪᠤᠯᠭᠠᠨ ᠴᠤᠮᠬᠠᠳᠬᠠᠪᠠ︔ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ᠂ ᠬᠢᠨᠠᠨ ᠪᠣᠳᠣᠯᠲᠠ᠂ ᠬᠠᠤᠯᠢ ᠴᠠᠭᠠᠵᠠ ᠵᠡᠷᠭᠡ 6 ᠰᠠᠯᠠᠭ᠎ᠠ ᠮᠥᠴᠢᠷ ᠤᠨ ᠨᠡᠶᠢᠲᠡ 48 ᠵᠦᠢᠯ ᠤᠨ ᠳᠣᠲᠣᠭᠠᠳᠤ ᠶᠢᠨ ᠬᠠᠮᠢᠶᠠᠷᠤᠯᠲᠠ ᠶᠢᠨ ᠵᠦᠢᠯᠡᠰ ᠢ ᠡᠮᠬᠢᠯᠡᠨ ᠳᠢᠭᠯᠡᠵᠦ᠂ ᠬᠡᠷᠡᠭ ᠭᠦᠢᠴᠡᠳᠬᠡᠬᠦ ᠲᠠᠰ ᠳᠠᠷᠠᠭᠠᠯᠠᠯ ᠢ ᠪᠦᠲᠦᠮᠵᠢᠲᠡᠶ ᠳᠥᠭᠦᠮᠴᠢᠯᠡᠪᠡ᠃ ᠡᠨᠡ ᠵᠢᠯ ᠠᠴᠠ ᠨᠠᠰᠢ᠂ ᠲᠣᠭᠲᠠᠬᠤ ᠰᠢᠶᠠᠨ ᠤ  ᠬᠢᠨ ᠠᠮᠢᠳᠤ ᠪᠣᠳᠠᠰ ᠤᠨ ᠡᠮ ᠦᠢᠯᠡᠳᠬᠦ᠂ ᠴᠡᠪᠡᠷ ᠡᠨᠧᠷᠭᠢ᠂ ᠣᠳᠣᠬᠢᠴᠢᠯᠠᠭᠰᠠᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ ᠵᠡᠷᠭᠡ 16 ᠴᠢᠬᠤᠯᠠ ᠶᠡᠭᠡ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠶᠡᠷᠦᠩᠬᠡᠢ ᠪᠡᠯᠡ ᠣᠷᠣᠭᠤᠯᠤᠯᠲᠠ ᠨᠢ 154.85 ᠳ᠋ᠦᠩᠰᠢᠭᠤᠷ ᠲᠥᠭᠦᠷᠢᠭ ᠲᠤ ᠬᠦᠷᠴᠡᠢ᠃      ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠬᠠᠮᠤᠭ ᠤᠨ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢᠶᠠᠷ ᠨᠢᠭᠡ ᠪᠦᠯᠦᠭ ᠲᠣᠮᠣ ᠲᠦᠷᠦᠯ ᠵᠦᠢᠯ᠂ ᠰᠠᠶᠢᠨ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠵᠤ ᠠᠬᠤᠶᠢᠯᠠᠯ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1