ᠲᠤᠭᠳᠠᠬᠤ ᠰᠢᠶᠠᠨ ᠤ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ 2024 ᠣᠨ ᠤ ᠡᠮᠴᠢᠯᠡᠭᠡ ᠶᠢᠨ ᠪᠠᠳᠤᠯᠠᠭ᠎ᠠ ᠶᠢᠨ ᠰᠠᠭᠤᠷᠢ ᠮᠥᠩᠭᠦᠨ ᠤ ᠠᠮᠤᠷ ᠲᠦᠪᠰᠢᠨ ᠤ ᠲᠥᠪᠯᠡᠷᠡᠩᠭᠦᠢ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠵᠡᠢ
ᠨᠡᠶᠢᠲᠡᠯᠡᠭᠰᠡᠨ ᠴᠠᠭ᠄
2024/4/12
      ᠤᠯᠤᠰ᠂ ᠥᠪᠡᠷᠲᠡᠭᠡᠨ ᠵᠠᠰᠠᠬᠤ ᠣᠷᠣᠨ ᠪᠠ ᠬᠥᠬᠡᠬᠤᠲᠠ ᠶᠢᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠡᠮᠴᠢᠯᠡᠭᠡ ᠶᠢᠨ ᠪᠠᠳᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠢ ᠤᠯᠠᠮ ᠨᠢᠭᠡ ᠠᠯᠬᠤᠮ ᠬᠠᠮᠠᠭᠠᠯᠠᠵᠤ᠂ ᠡᠮᠴᠢᠯᠡᠭᠡ ᠶᠢᠨ ᠪᠠᠳᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠳᠤ ᠬᠠᠮᠲᠤ ᠪᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠬᠠᠮᠲᠤ ᠪᠠᠷ ᠬᠠᠮᠢᠶᠠᠷᠬᠤ ᠨᠡᠶᠢᠯᠡᠮᠡᠯ ᠬᠦᠴᠦᠨ ᠢ ᠪᠣᠶ ᠪᠣᠯᠭᠠᠬᠤ ᠶᠢᠨ ᠲᠥᠯᠥᠭᠡ᠂ 4 ᠳ᠋ᠤᠭᠡᠷ ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠲᠣᠭᠲᠠᠬᠤ ᠰᠢᠶᠠᠨ ᠤ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠲᠦᠷᠦᠭᠦᠯᠡᠨ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠨᠢᠭᠡᠴᠡ ᠲᠠᠢ ᠬᠤᠯᠪᠤᠭᠠᠯᠠᠨ᠂ ︽ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠳᠤ ᠬᠠᠮᠲᠤ ᠪᠠᠷ ᠣᠷᠣᠯᠴᠠᠵᠤ᠂ ᠣᠯᠠᠨ ᠲᠦᠮᠡᠨ ᠤ ︿ᠠᠮᠢ ᠠᠪᠤᠷᠠᠬᠤ ᠵᠣᠭᠤᠰ﹀ ᠢ ᠰᠠᠶᠢᠲᠤᠷ  ᠰᠠᠬᠢᠶ᠎ᠠ︾ ᠭᠤᠣᠯ ᠰᠡᠳᠦᠪ ᠪᠣᠯᠭᠠᠭᠰᠠᠨ ᠲᠥᠪᠯᠡᠷᠡᠩᠭᠦᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠤᠬᠠᠭᠤᠯᠭ᠎ᠠ ᠶᠢᠨ ᠤᠷᠢᠶ᠎ᠠ ᠯᠣᠽᠦ᠋ᠩ ᠡᠯᠭᠦᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠠᠰᠠᠭᠤᠨ ᠯᠠᠪᠯᠠᠬᠤ ᠲᠠᠪᠴᠠᠩ ᠭᠠᠷᠭᠠᠵᠤ ᠮᠠᠳᠠᠭ ᠲᠠᠢ ᠠᠰᠠᠭᠤᠳᠠᠯ ᠢ ᠬᠠᠷᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯᠯᠠᠭ᠎ᠠ ᠳᠤ ᠣᠷᠣᠯᠴᠠᠬᠤ ᠪᠠᠷ ᠢᠷᠡᠭᠰᠡᠨ ᠰᠠᠭᠤᠭᠠᠯᠢ ᠠᠷᠠᠳ ᠲᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ᠂ ᠬᠠᠷᠠᠭᠠᠯᠵᠠᠯ᠂ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠭᠤᠶᠤᠴᠢᠯᠠᠯ᠂ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠪᠠ ᠬᠡᠷᠡᠭᠯᠡᠬᠦ᠂ ᠡᠭᠦᠳᠡᠨ ᠡᠮᠨᠡᠯᠭᠡ ᠶᠢ ᠬᠠᠮᠲᠤ ᠳᠤᠨᠢ ᠬᠠᠷᠠᠭᠠᠯᠵᠠᠬᠤ ᠪᠠ ᠲᠥᠷᠥᠯ ᠰᠠᠳᠤᠨ ᠤ ᠬᠠᠶᠢᠷ᠎ᠠ ᠰᠡᠳᠬᠢᠯᠭᠡ ᠶᠢᠨ ᠲᠠᠩᠰᠠᠨ ᠡᠷᠦᠬᠡ ᠶᠢ ᠨᠡᠭᠡᠭᠡᠬᠦ ᠶᠢ ︽ᠵᠠᠢ ᠦᠭᠡᠢ︾ ︽ᠨᠢᠭᠤᠷᠳᠠᠬᠤ︾ ᠠᠷᠭ᠎ᠠ ᠪᠠᠷ ᠨᠠᠷᠢᠨ ᠲᠠᠶᠢᠯᠪᠤᠷᠢᠯᠠᠵᠤ ᠦᠭᠪᠡ︔ ᠡᠮᠴᠢᠯᠡᠭᠡ ᠶᠢᠨ ᠪᠠᠳᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠭᠤᠣᠯᠳᠠᠯᠭ᠎ᠠ ᠲᠠᠢ ᠤᠬᠠᠭᠤᠯᠵᠤ᠂ ᠮᠡᠬᠡᠯᠡᠨ ᠬᠢᠬᠠᠬᠤ ᠪᠠ ᠳᠠᠭᠠᠳᠬᠠᠯ ᠢ ᠮᠡᠬᠡᠯᠡᠬᠦ ᠪᠠᠶᠢᠩᠭᠤ ᠲᠣᠬᠢᠶᠠᠯᠳᠤᠬᠤ ᠦᠶᠯᠡ ᠠᠵᠢᠯᠯᠠᠭ᠎ᠠ ᠵᠢᠴᠢ ᠢᠯᠡᠴᠢᠯᠡᠨ ᠮᠡᠳᠡᠭᠦᠯᠬᠦ ᠳᠤ ᠬᠢᠨᠠᠯᠲᠠ ᠲᠠᠯᠪᠢᠬᠤ ᠠᠷᠭ᠎ᠠ ᠵᠠᠮ ᠵᠡᠷᠭᠡ ᠠᠭᠤᠯᠭ᠎ᠠ ᠶᠢ ᠵᠠᠷᠯᠠᠨ ᠨᠡᠶᠢᠲᠡᠯᠡᠪᠡ᠃ ᠡᠭᠦᠨ ᠠᠴᠠ ᠭᠠᠳᠠᠨ᠎ᠠ᠂ ᠲᠣᠰ ᠠᠵᠢᠯᠯᠠᠭ᠎ᠠ ᠳᠤ ᠪᠠᠰᠠ ᠲᠣᠭᠲᠠᠬᠤ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ ᠠᠵᠢᠯᠲᠠᠨ ᠢ ᠤᠷᠢᠵᠤ ᠲᠤᠬᠠᠢ ᠶᠢᠨ ᠲᠠᠯᠠᠪᠤᠷ ᠤᠨ ᠣᠯᠠᠨ ᠲᠦᠮᠡᠨ ᠳᠤ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡ ᠬᠠᠩᠭᠠᠪᠠ᠃ ᠡᠭᠦᠨ ᠤ ᠵᠡᠷᠭᠡ ᠳᠤ ᠰᠢᠶᠠᠨ ᠤ ᠡᠯ᠎ᠡ ᠡᠮᠨᠡᠯᠭᠡ   ᠶᠢᠨ ᠬᠤᠷᠢᠶ᠎ᠠ᠂ ᠴᠡᠭ ᠲᠣᠭᠲᠠᠭᠰᠠᠨ ᠡᠮ ᠤᠨ ᠳᠡᠯᠭᠡᠭᠦᠷ ᠴᠦ ︽ᠮᠡᠬᠡᠯᠡᠨ ᠬᠢᠬᠠᠬᠤ ᠪᠠ ᠳᠠᠭᠠᠳᠬᠠᠯ ᠢ ᠮᠡᠬᠡᠯᠡᠨ ᠠᠪᠬᠤ ᠠᠵᠢᠯᠯᠠᠭ᠎ᠠ ᠳᠤ ᠴᠣᠬᠢᠯᠲᠠ ᠥᠭᠬᠦ ︾ ᠬᠤᠯᠪᠣᠭᠳᠠᠯ ᠪᠦᠬᠦᠢ ᠤᠬᠠᠭᠤᠯᠭ᠎ᠠ   ᠶᠢᠨ ᠯᠣᠽᠦ᠋ᠩ ᠨᠠᠭᠠᠵᠤ ᠨᠡᠪᠲᠡᠷᠡᠭᠦᠯᠵᠡᠢ᠃      ᠡᠮᠴᠢᠯᠡᠭᠡ ᠶᠢᠨ ᠪᠠᠳᠤᠯᠠᠭ᠎ᠠ ᠶᠢᠨ ᠰᠠᠭᠤᠷᠢ ᠮᠥᠩᠭᠦ ᠪᠣᠯ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠦᠷᠭᠦᠯᠵᠢᠯᠡᠨ ᠲᠣᠭᠲᠠᠭᠤᠨ ᠢᠶᠠᠷ ᠠᠵᠢᠯᠯᠠᠭᠤᠯᠬᠤ ᠶᠢᠨ ᠠᠮᠢᠨ ᠰᠤᠳᠠᠰᠤ ᠮᠥᠨ ᠪᠣᠯᠬᠤᠷ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠴᠢᠬᠤᠯᠠᠲᠠᠢ ᠶᠤᠮ᠃ ᠲᠣᠰ ᠤᠳᠠᠭᠠᠨ ᠤ ᠠᠵᠢᠯᠯᠠᠭ᠎ᠠ ᠨᠢ ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ᠂ ᠮᠡᠳᠡᠷᠡᠬᠦ ᠬᠡᠮᠵᠢᠶ᠎ᠡ᠂ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠬᠠᠮᠲᠤ ᠪᠠᠷ ᠠᠩᠬᠠᠷᠴᠤ᠂ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠤᠨ᠂ ᠨᠡᠶᠢᠭᠡᠮ ᠳᠠᠶᠠᠭᠠᠷ ᠢᠶᠠᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠠᠮᠤᠷ ᠲᠦᠪᠰᠢᠨ ᠢ ᠤᠬᠠᠮᠰᠠᠷ ᠠᠴᠠ ᠪᠠᠨ ᠬᠠᠮᠠᠭᠠᠯᠠᠬᠤ ᠬᠠᠮᠲᠤ ᠶᠢᠨ ᠲᠠᠨᠢᠯᠲᠠ ᠶᠢ ᠪᠣᠶ ᠪᠣᠯᠭᠠᠪᠠ᠃ ᠲᠤᠭᠳᠠᠬᠤ ᠰᠢᠶᠠᠨ ᠤ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠡᠯ᠎ᠡ ᠲᠠᠯ᠎ᠠ ᠶᠢᠨ ᠬᠦᠴᠦᠨ ᠢ ᠲᠥᠪᠯᠡᠷᠡᠭᠦᠯᠵᠦ᠂ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠠᠬᠢᠭᠤᠯᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠲᠣᠭᠲᠠᠭᠠᠯ ᠠᠴᠠ ᠵᠥᠷᠢᠴᠡᠨ ᠬᠡᠷᠡᠭᠯᠡᠬᠦ ᠳᠤ ᠴᠣᠬᠢᠯᠲᠠ ᠥᠭᠬᠦ ᠠᠵᠢᠯ ᠢ ᠦᠷᠭᠦᠯᠵᠢᠯᠡᠨ ᠠᠬᠢᠭᠤᠯᠵᠤ᠂ ᠠᠷᠠᠳ ᠤᠯᠠᠨ ᠤ ︽ᠡᠪᠡᠳᠴᠢᠨ ᠦᠵᠡᠭᠦᠯᠬᠦ ᠵᠣᠭᠤᠰ︾᠂ ︽ᠠᠮᠢ ᠠᠪᠤᠷᠠᠬᠤ ᠵᠣᠭᠤᠰ︾ ᠢ ᠰᠠᠶᠢᠲᠤᠷ ᠰᠠᠬᠢᠬᠤ ᠪᠤᠯᠤᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1