ᠲᠤᠭᠳᠠᠬᠤ ᠰᠢᠶᠠᠨ ᠤ ᠬᠠᠤᠯᠢ ᠴᠠᠭᠠᠵᠠ ᠶᠢᠨ ᠵᠥᠪᠯᠡᠯ ᠬᠠᠤᠯᠢ ᠴᠠᠭᠠᠵᠠ ᠶᠢᠨ ᠢᠲᠡᠭᠡᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯᠯᠠᠭ᠎ᠠ ᠠᠪᠴᠤ ᠪᠠᠶᠢᠨ᠎ᠠ
ᠨᠡᠶᠢᠲᠡᠯᠡᠭᠰᠡᠨ ᠴᠠᠭ᠄
2024/4/15
      ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠪᠣᠯ ᠶᠡᠷᠦᠩᠬᠡᠢ ᠱᠦᠵᠢ ᠰᠢ ᠶᠢᠨ ᠫᠢᠩ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠣᠨ᠎ᠠ᠂ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠦᠴᠦᠯᠡᠨ ᠠᠬᠢᠭᠤᠯᠬᠤ ᠴᠢᠬᠤᠯᠠ ᠶᠡᠭᠡ ᠢᠨᠵᠧᠨᠧᠷᠢᠩ ᠪᠣᠯᠣᠨ᠎ᠠ᠃ 3 ᠳ᠋ᠤᠭᠠᠷ ᠰᠠᠷ᠎ᠠ ᠶᠢᠨ 12 ᠤᠨ ᠡᠳᠦᠷ ᠲᠣᠭᠲᠠᠬᠤ ᠰᠢᠶᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠬᠤᠷᠠᠯ ᠬᠤᠷᠠᠯᠳᠤᠭᠰᠠᠨ ᠤ ᠳᠠᠷᠠᠭ᠎ᠠ᠂ ᠬᠠᠤᠯᠢ ᠴᠠᠭᠠᠵᠠ ᠶᠢᠨ ᠢᠲᠡᠭᠡᠮᠵᠢ ᠶᠢᠨ ᠪᠠᠶᠢᠭᠤᠯᠤᠯᠲᠠ ᠶᠢᠨ 9 ᠲᠠᠯ᠎ᠠ ᠶᠢᠨ 10 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ᠂ ᠪᠥᠬᠦ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ᠂ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠡ ᠶᠢᠨ ᠳᠣᠲᠣᠭᠠᠳᠤ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠵᠢᠯ ᠤᠨ ᠲᠤᠰᠬᠠᠢ ᠠᠩᠭᠢ ᠵᠣᠬᠢᠶᠠᠨ ᠪᠠᠶᠢᠭᠤᠯᠵᠤ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠪᠠ᠃      ︱ ᠰᠢᠶᠠᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠠᠤᠯᠢ ᠴᠠᠭᠠᠵᠠ ᠶᠢᠨ ᠢᠲᠡᠭᠡᠮᠵᠢ ᠶᠢᠨ ᠠᠵᠢᠯ ᠢ ︽ᠲᠣᠭᠲᠠᠬᠤ ᠰᠢᠶᠠᠨ ᠤ 2024 ᠣᠨ ᠤ ᠤᠯᠤᠰ ᠲᠦᠷᠦ ᠬᠠᠤᠯᠢ ᠴᠠᠭᠠᠵᠠ ᠶᠢᠨ ᠭᠤᠣᠯᠳᠠᠯᠭ᠎ᠠ ᠲᠠᠢ ᠠᠵᠢᠯ︾ ᠳᠤ ᠣᠷᠣᠭᠤᠯᠤᠨ ᠨᠢᠭᠡᠳᠦᠯᠲᠡᠢ ᠲᠥᠯᠥᠪᠵᠢᠭᠦᠯᠦᠨ ᠠᠬᠢᠭᠤᠯᠵᠠᠢ᠃ ᠬᠠᠤᠯᠢ ᠴᠠᠭᠠᠵᠠ ᠶᠢᠨ ᠢᠲᠡᠭᠡᠮᠵᠢ ᠶᠢᠨ ᠭᠤᠣᠯᠳᠠᠯᠭ᠎ᠠ ᠲᠠᠢ ᠡᠭᠦᠷᠭᠡ ᠲᠠᠢ ᠬᠠᠷᠢᠴᠠᠭᠤᠯᠤᠨ 32 ᠵᠦᠢᠯ ᠤᠨ ᠪᠣᠳᠠᠲᠠᠢ ᠠᠵᠢᠯ ᠢ ᠡᠮᠬᠢᠳᠬᠡᠨ ᠭᠠᠷᠭᠠᠵᠤ᠂ ︽2024 ᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠠᠤᠯᠢ ᠪᠠᠷᠢᠬᠤ ᠤᠯᠠᠨ ᠨᠡᠶᠢᠲᠡ ᠶᠢᠨ ᠢᠲᠡᠭᠡᠮᠵᠢ ᠶᠢᠨ ᠭᠤᠣᠯᠳᠠᠯᠭ᠎ᠠ ᠲᠠᠢ ᠡᠭᠦᠷᠭᠡ ᠶᠢᠨ ᠡᠬᠡ ᠲᠠᠩᠰᠠ︾ ᠶᠢ ᠲᠣᠭᠲᠠᠭᠠᠵᠤ᠂ ᠬᠠᠷᠢᠭᠤᠴᠠᠯᠭᠠᠲᠤ ᠤᠳᠤᠷᠢᠳᠤᠯᠭ᠎ᠠ ᠪᠠ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠭᠠᠷᠠᠭ ᠢᠶᠠᠷ ᠲᠣᠬᠢᠷᠠᠭᠤᠯᠬᠤ᠂ ᠰᠠᠷ᠎ᠠ ᠪᠠᠷ ᠳ᠋ᠦᠩᠨᠡᠬᠦ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠭᠠᠷᠠᠭ ᠪᠦᠷᠢ ᠶᠢᠨ ᠲᠦᠷᠪᠡᠨ ᠳᠤ ᠲᠤᠰ ᠭᠠᠷᠠᠭ ᠤᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠲᠣᠬᠢᠷᠠᠭᠤᠯᠵᠤ᠂ ᠠᠬᠢᠴᠠ ᠶᠢ ᠵᠠᠪᠳᠤᠨ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠡᠯᠭᠦᠭᠡ ᠵᠢᠷᠤᠭ ᠢᠶᠠᠷ ᠪᠠᠶᠢᠯᠳᠤᠭᠠᠨ ᠬᠢᠵᠦ᠂ ᠬᠠᠤᠯᠢ ᠴᠠᠭᠠᠵᠠ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠲᠦᠯᠬᠢᠨ ᠠᠬᠢᠭᠤᠯᠬᠤ ᠶᠢ ᠦᠨᠡᠨ ᠬᠦ ᠪᠠᠳᠤᠯᠠᠪᠠ᠃      ︱ ︽ᠰᠢᠭᠦᠬᠦ ᠬᠤᠷᠢᠶ᠎ᠠ +N︾  ᠤ ᠥᠨᠳᠥᠷ ᠪᠦᠲᠦᠮᠵᠢᠲᠡᠢ ᠭᠦᠢᠴᠡᠳᠬᠡᠬᠦ ᠬᠠᠮᠲᠤᠷᠠᠯᠴᠠᠭᠠᠨ ᠤ ᠲᠣᠭᠲᠠᠴᠠ ᠶᠢ ᠪᠦᠷᠢᠨᠰᠢᠭᠦᠯᠬᠦ ᠶᠢᠨ ᠲᠥᠯᠥᠭᠡ᠂ ᠰᠢᠶᠠᠨ ᠤ ᠠᠷᠠᠳ ᠤᠨ ᠰᠢᠭᠦᠬᠦ ᠬᠤᠷᠢᠶ᠎ᠠ ᠭᠦᠢᠴᠡᠳᠬᠡᠬᠦ ᠠᠵᠢᠯ ᠢ ᠰᠠᠨᠠᠭᠠᠴᠢᠯᠠᠭ᠎ᠠ ᠠᠴᠠ ᠪᠠᠨ ᠤᠷᠤᠭᠰᠢ ᠤᠷᠲᠤᠳᠬᠠᠵᠤ᠂ ᠤᠯᠤᠰ ᠲᠦᠷᠦ ᠶᠢᠨ ᠵᠥᠪᠯᠡᠯᠭᠡᠨ᠂ ᠨᠡᠶᠢᠭᠡᠮ ᠲᠣᠭᠤᠷᠢᠭ ᠵᠡᠷᠭᠡ ᠬᠦᠴᠦᠨ ᠢ ᠣᠷᠣᠭᠤᠯᠤᠨ ᠠᠪᠴᠢᠷᠠᠵᠤ ᠤᠯᠠᠨ ᠡᠰᠢᠴᠢᠯᠡᠭᠰᠡᠨ ᠬᠤᠯᠪᠣᠯᠳᠤᠭᠰᠠᠨ ᠡᠶᠡᠳᠡᠭᠦᠯᠭᠡ ᠶᠢ ᠬᠢᠵᠦ᠂ ᠤᠯᠠᠨ ᠰᠠᠯᠠᠭ᠎ᠠ ᠮᠥᠴᠢᠷ ᠤᠨ ᠬᠠᠮᠵᠢᠯᠴᠠᠭ᠎ᠠ ᠬᠤᠯᠪᠣᠯᠳᠤᠭᠰᠠᠨ ᠬᠠᠮᠵᠢᠯᠴᠠᠭ᠎ᠠ ᠶᠢ ᠴᠢᠩᠭᠠᠳᠬᠠᠵᠤ ᠭᠦᠢᠴᠡᠳᠬᠡᠬᠦ ᠳᠤ ᠪᠡᠷᠬᠡᠲᠡᠢ ᠠᠰᠠᠭᠤᠳᠠᠯ ᠢ ᠰᠢᠢᠳᠪᠦᠷᠢᠯᠡᠬᠦ ᠲᠤᠬᠠᠢ ᠭᠦᠨᠵᠡᠭᠡᠢ ᠰᠤᠳᠤᠯᠤᠨ ᠶᠠᠷᠢᠯᠴᠠᠵᠤ᠂ ᠭᠦᠢᠴᠡᠳᠬᠡᠬᠦ ᠳᠤ ᠪᠡᠷᠬᠡᠲᠡᠢ ᠠᠰᠠᠭᠤᠳᠠᠯ ᠢ ᠦᠨᠡᠨ ᠬᠦ ᠰᠢᠢᠳᠪᠦᠷᠢᠯᠡᠬᠦ ᠳᠤ ᠤᠯᠠᠨ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ︽ᠤᠯᠤᠰ ᠲᠦᠷᠦ ᠶᠢᠨ ᠵᠥᠪᠯᠡᠯᠭᠡᠨ + ᠰᠢᠭᠦᠬᠦ ᠬᠤᠷᠢᠶ᠎ᠠ + ᠨᠡᠶᠢᠭᠡᠮ ᠲᠣᠭᠤᠷᠢᠭ︾ ᠤᠨ ᠭᠦᠢᠴᠡᠳᠬᠡᠬᠦ ᠠᠵᠢᠯ ᠤᠨ ᠲᠣᠭᠲᠠᠴᠠ ᠶᠢ ᠪᠤᠢ ᠪᠣᠯᠭᠠᠬᠤ ᠶᠢ ᠲᠦᠯᠬᠢᠨ ᠠᠬᠢᠭᠤᠯᠪᠠ᠃      ︱ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ︽ᠪᠠᠶᠢᠴᠠᠭᠠᠬᠤ ᠳᠠᠷᠤᠭ᠎ᠠ ᠰᠢᠪᠠᠳᠠᠨ ᠰᠢᠢᠳᠪᠦᠷᠢᠯᠡᠭᠦᠯᠬᠦ + ᠢᠷᠭᠡᠨ ᠤ ᠬᠡᠷᠡᠭ ᠤᠨ ᠪᠠᠶᠢᠴᠠᠭᠠᠯᠲᠠ ᠶᠢᠨ ᠡᠶᠡᠳᠡᠯ︾᠂ ︽ᠪᠠᠶᠢᠴᠠᠭᠠᠬᠤ ᠲᠤᠰᠢᠶᠠᠯᠲᠠᠨ ᠤ ᠬᠠᠮᠲᠤᠷᠠᠭᠰᠠᠨ ᠬᠤᠷᠠᠯᠳᠤᠭᠠᠨ + ᠢᠷᠭᠡᠨ ᠤ ᠬᠡᠷᠡᠭ ᠤᠨ ᠪᠠᠶᠢᠴᠠᠭᠠᠯᠲᠠ ᠶᠢᠨ ᠡᠶᠡᠳᠡᠯ︾᠂ ︽ᠢᠯᠡ ᠪᠠᠷ ᠭᠡᠷᠡᠴᠢᠯᠡᠭᠡ ᠰᠣᠨᠣᠰᠬᠤ + ᠢᠷᠭᠡᠨ ᠤ ᠬᠡᠷᠡᠭ ᠤᠨ ᠪᠠᠶᠢᠴᠠᠭᠠᠯᠲᠠ ᠶᠢᠨ ᠡᠶᠡᠳᠡᠯ︾ ᠭᠡᠬᠦ ᠭᠤᠷᠪᠠᠨ ᠵᠦᠢᠯ ᠤᠨ ᠲᠣᠭᠲᠠᠴᠠ ᠶᠢ ᠪᠠᠶᠢᠭᠤᠯᠵᠤ᠂ ᠢᠷᠭᠡᠨ ᠤ ᠬᠡᠷᠡᠭ ᠤᠨ ᠪᠠᠶᠢᠴᠠᠭᠠᠯᠲᠠ ᠶᠢᠨ ᠡᠶᠡᠳᠡᠯ ᠤᠨ ᠠᠵᠢᠯ ᠤᠨ ᠰᠢᠨ᠎ᠡ ᠠᠷᠭ᠎ᠠ ᠵᠠᠮ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠡᠶᠡᠳᠡᠬᠦ ᠲᠠᠪᠴᠠᠩ ᠢ ᠪᠠᠶᠢᠭᠤᠯᠵᠤ᠂ ᠡᠶᠡᠳᠡᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠡᠶᠡᠳᠡᠯ ᠤᠨ ᠣᠨᠣᠪᠴᠢ ᠶᠢᠨ ᠬᠡᠮᠵᠢᠶ᠎ᠡ ᠶᠢ ᠨᠡᠮᠡᠭᠳᠡᠭᠦᠯᠵᠦ᠂ ᠦᠨᠡᠨ ᠰᠡᠳᠬᠢᠯ ᠠᠴᠠ ᠪᠠᠨ ᠠᠷᠠᠳ ᠤᠨ ᠲᠥᠯᠥᠭᠡ ᠪᠣᠳᠠᠲᠤ ᠶᠠᠪᠤᠳᠠᠯ ᠰᠠᠶᠢᠨ ᠶᠠᠪᠤᠳᠠᠯ ᠢ ᠰᠠᠶᠢᠲᠤᠷ ᠬᠢᠵᠦ ᠥᠭᠪᠡ᠃ ᠪᠠᠶᠢᠴᠠᠭᠠᠬᠤ ᠳᠠᠷᠤᠭ᠎ᠠ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠲᠠᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠪᠦᠬᠦ ᠺᠠᠳ᠋ᠷ ᠴᠠᠭᠳᠠᠭ᠎ᠠ ᠨᠠᠷ ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ︽ᠠᠷᠪᠠ ᠶᠢ ᠴᠢᠩᠭ᠎ᠠ ᠴᠠᠭᠠᠵᠠᠯᠠᠬᠤ︾ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠪᠠ᠃      ︱ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠤᠮᠠᠷᠠᠲᠤ ᠬᠢᠯᠢ ᠶᠢᠨ ᠬᠤᠣᠷᠲᠤ ᠡᠳ᠋ ᠤᠨ ᠶᠠᠯᠠᠲᠤ ᠡᠲᠡᠭᠡᠳ ᠢ ᠪᠠᠷᠢᠪᠴᠢᠯᠠᠬᠤ · 2024︾ ᠶᠢᠨ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠵᠠᠮ ᠨᠡᠭᠡᠭᠡᠵᠦ᠂ ᠴᠣᠬᠢᠯᠲᠠ ᠥᠭᠬᠦ ᠪᠠᠷ ᠡᠵᠡᠮᠳᠡᠬᠦ ᠶᠢ ᠠᠬᠢᠭᠤᠯᠬᠤ ᠶᠢ ᠪᠠᠷᠢᠮᠲᠠᠯᠠᠨ᠂ ᠰᠦᠷ ᠮᠠᠨᠳᠤᠭᠤᠯᠤᠨ᠂ ᠪᠠᠶᠢᠯᠳᠤᠭᠠᠨ ᠤ ᠦᠷ᠎ᠡ ᠪᠦᠲᠦᠭᠡᠯ ᠭᠠᠷᠭᠠᠵᠤ᠂ ᠣᠶᠢᠷ᠎ᠠ ᠶᠢᠨ ᠬᠤᠭᠤᠴᠠᠭᠠᠨ ᠳᠤ ᠠᠮᠵᠢᠯᠲᠠ ᠪᠦᠲᠦᠮᠵᠢ ᠲᠠᠢ ᠪᠠᠷ ᠨᠢᠭᠡᠨ ᠬᠤᠣᠷᠲᠤ ᠡᠳ᠋ ᠲᠠᠲᠠᠬᠤ ᠪᠠ ᠫᠠᠨᠽᠠᠯᠠᠬᠤ ᠡᠪᠰᠡᠯ ᠪᠦᠯᠦᠭ ᠢ ᠴᠣᠬᠢᠨ ᠤᠨᠠᠭᠠᠵᠤ᠂ ᠬᠤᠣᠷᠲᠤ ᠡᠳ᠋ ᠲᠤ ᠬᠤᠯᠪᠣᠭᠳᠠᠭᠰᠠᠨ 4 ᠡᠷᠡᠭᠦᠦ ᠶᠢᠨ ᠬᠡᠷᠡᠭ ᠢ ᠰᠢᠢᠳᠪᠦᠷᠢᠯᠡᠵᠦ᠂ 6 ᠶᠠᠯ᠎ᠠ ᠬᠢᠭᠰᠡᠨ ᠰᠡᠵᠢᠭᠲᠡᠨ ᠢ ᠪᠠᠷᠢᠪᠴᠢᠯᠠᠵᠤ᠂ 24 ᠭᠠᠷᠤᠢ ᠺᠢᠯᠣᠭ᠍ᠷᠠᠮ ᠬᠤᠣᠷᠲᠤ ᠡᠳ᠋᠂ 1 ᠬᠤᠣᠷᠲᠤ ᠡᠳ᠋ ᠵᠥᠭᠡᠭᠡᠪᠦᠷᠢᠯᠡᠬᠦ ᠮᠠᠰᠢᠨ ᠲᠡᠷᠭᠡ ᠶᠢ ᠣᠯᠵᠠᠯᠠᠪᠠ︔ 13 ᠬᠤᠣᠷ ᠲᠠᠲᠠᠭᠰᠠᠨ ᠬᠡᠷᠡᠭ ᠢ ᠰᠢᠢᠳᠪᠦᠷᠢᠯᠡᠵᠦ᠂ 13 ᠬᠤᠣᠷ ᠲᠠᠲᠠᠭᠴᠢ ᠶᠢ ᠪᠠᠷᠢᠪᠴᠢᠯᠠᠵᠤ᠂ ᠬᠤᠣᠷ ᠲᠠᠲᠠᠭᠴᠢᠳ ᠤᠨ ᠭᠠᠯᠵᠠᠭᠤ ᠣᠮᠤᠭ ᠰᠦᠷ ᠲᠤ ᠬᠦᠨᠳᠦ ᠴᠣᠬᠢᠯᠲᠠ ᠥᠭᠴᠦ᠂ ᠬᠠᠷᠢᠶ᠎ᠠ ᠣᠷᠣᠨ ᠤ ᠲᠣᠭᠲᠠᠭᠤᠨ ᠰᠠᠶᠢᠨ ᠪᠠᠶᠢᠳᠠᠯ ᠢ ᠪᠤᠢ ᠪᠣᠯᠭᠠᠪᠠ᠃      ︱ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠠᠴᠠ ᠦᠨᠡᠨᠴᠢ ᠢᠲᠡᠭᠡᠮᠵᠢ ᠶᠢᠨ ᠬᠥᠮᠦᠵᠢᠯ ᠢ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠲᠦᠷᠦᠯ ᠳᠤ ᠠᠵᠢᠯᠯᠠᠵᠤ ᠪᠠᠶᠢᠭ᠎ᠠ ᠬᠥᠮᠥᠰ ᠤᠨ ᠠᠵᠢᠯ ᠡᠷᠬᠢᠯᠡᠬᠦ ᠶᠢᠨ ᠰᠠᠭᠤᠷᠢ ᠪᠣᠯᠭᠠᠵᠤ᠂ ᠦᠢᠯᠡᠴᠢᠯᠡᠭᠡᠨ ᠤ ᠪᠠᠶᠢᠭᠤᠯᠤᠮᠵᠢ ᠶᠢᠨ ᠵᠢᠷᠤᠮᠵᠢᠭᠰᠠᠨ ᠪᠠᠶᠢᠭᠤᠯᠤᠯᠲᠠ ᠶᠢ ᠠᠬᠢᠭᠤᠯᠵᠤ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠲᠦᠷᠦᠯ ᠤᠨ ᠡᠷᠡᠭᠦᠯ ᠲᠣᠭᠲᠠᠭᠤᠨ ᠢᠶᠠᠷ ᠬᠥᠭᠵᠢᠬᠦ ᠶᠢ  ᠪᠠᠳᠤᠯᠠᠪᠠ ᠃ ᠰᠢᠶᠠᠨ ᠤ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠠᠴᠠ ᠪᠡᠭᠡᠵᠢᠩ ᠬᠤᠳᠠ ᠶᠢᠨ ᠵᠢᠩ ᠬᠠᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠯᠢ ᠠᠨ ᠶᠢᠩ ᠬᠠᠤᠯᠢᠴᠢ ᠶᠢ  ᠱᠧᠨ ᠵᠸᠦ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠤᠷᠢᠵᠤ᠂ ︽ᠬᠠᠤᠯᠢᠵᠢᠯ ᠤᠨ ᠪᠡᠶ᠎ᠡ ᠶᠢᠨ ᠪᠠᠶᠢᠴᠠᠭᠠᠯᠲᠠ︾ ᠶᠢ ᠠᠵᠤ ᠠᠬᠤᠶᠢᠯᠠᠯ ᠳᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ︔ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠭᠡᠷᠡᠴᠢᠯᠡᠭᠡ ᠰᠣᠨᠣᠰᠬᠤ ᠬᠤᠷᠠᠯ ᠢ ᠥᠷᠨᠢᠭᠦᠯᠵᠦ᠂ ᠲᠤᠬᠠᠢ ᠶᠢᠨ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠲᠥᠪ ᠭᠤᠥᠯᠴᠢ ᠴᠢᠨᠠᠷ ᠪᠠ ᠢᠯᠡ ᠲᠣᠳᠣ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠲᠤᠬᠠᠢ ᠶᠢᠨ ᠲᠠᠯᠠᠪᠤᠷ ᠲᠤ ᠤᠬᠠᠭᠤᠯᠭ᠎ᠠ ᠶᠢᠨ ᠮᠠᠲ᠋ᠧᠷᠢᠶᠠᠯ ᠢ 500 ᠭᠠᠷᠤᠢ ᠬᠤᠪᠢ ᠲᠠᠷᠬᠠᠭᠠᠵᠤ᠂ ᠤᠯᠠᠨ ᠲᠦᠮᠡᠨ ᠳᠤ 15 ᠭᠠᠷᠤᠢ ᠬᠥᠮᠥᠨ ᠤᠳᠠᠭ᠎ᠠ ᠬᠠᠤᠯᠢ ᠴᠠᠭᠠᠵᠠ ᠶᠢᠨ ᠵᠥᠪᠯᠡᠯᠭᠡ ᠬᠠᠩᠭᠠᠵᠤ᠂ ᠤᠯᠠᠨ ᠲᠦᠮᠡᠨ ᠤ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ ᠲᠤᠶᠢᠯ ᠤᠨ ᠶᠡᠭᠡ ᠪᠠᠷ ᠳᠡᠭᠡᠭᠰᠢᠯᠡᠭᠦᠯᠪᠡ᠃      ᠬᠠᠤᠯᠢ ᠴᠠᠭᠠᠵᠠ ᠶᠢᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠠᠭᠠᠲᠤ ᠵᠠᠬ᠎ᠠ ᠶᠢᠨ ᠢᠨᠵᠧᠨᠧᠷᠢᠩ ᠪᠠ ᠰᠠᠭᠤᠷᠢ ᠢᠨᠵᠧᠨᠧᠷᠢᠩ ᠮᠥᠨ᠃ ᠲᠣᠭᠲᠠᠬᠤ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ᠂ ᠨᠡᠩ ᠴᠢᠩᠭ᠎ᠠ ᠱᠠᠭᠠᠷᠳᠠᠯᠭ᠎ᠠ ᠭᠠᠷᠭᠠᠵᠤ᠂ ᠰᠢᠯᠭᠠᠷᠠᠭᠰᠠᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢ ᠪᠠᠶᠢᠭᠤᠯᠵᠤ᠂ ᠬᠠᠤᠯᠢ ᠴᠠᠭᠠᠵᠠ ᠶᠢ ᠢᠯᠡ ᠪᠣᠯᠭᠠᠬᠤ ᠶᠢ ᠢᠳᠡᠪᠬᠢᠲᠡᠢ ᠠᠬᠢᠭᠤᠯᠵᠤ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠣᠨᠣᠪᠴᠢᠲᠠᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠲᠦᠷᠦ ᠶᠢᠨ ᠪᠣᠳᠣᠯᠭ᠎ᠠ ᠶᠢᠨ ᠬᠠᠩᠭᠠᠯᠭ᠎ᠠ ᠪᠠ ᠬᠠᠤᠯᠢ ᠴᠠᠭᠠᠵᠠ ᠶᠢᠨ ᠦᠢᠯᠡᠴᠢᠯᠡᠭᠡ ᠶᠢ ᠦᠷᠭᠦᠯᠵᠢᠯᠡᠨ ᠬᠠᠩᠭᠠᠵᠤ᠂ ᠬᠠᠤᠯᠢ ᠴᠠᠭᠠᠵᠠ ᠶᠢᠨ ︽ᠬᠠᠲᠠᠭᠤ ᠠᠷᠭ᠎ᠠ ᠬᠡᠮᠵᠢᠶ᠎ᠡ︾ ᠪᠠᠷ ᠡᠵᠡᠩᠨᠡᠯᠲᠡ ᠶᠢᠨ ᠣᠷᠴᠢᠨ ᠲᠣᠭᠤᠷᠢᠨ ᠤ ︽ᠵᠥᠭᠡᠯᠡᠨ ᠪᠣᠳᠠᠲᠤ ᠬᠦᠴᠦᠨ︾ ᠢ ᠳᠡᠭᠡᠭᠰᠢᠯᠡᠭᠦᠯᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1