ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ︽ᠨᠠᠮ ᠤᠨ ᠪᠠᠶᠢᠭᠤᠯᠤᠯᠲᠠ + ᠲᠤᠬᠠᠶᠢᠯᠠᠭᠰᠠᠨ ᠠᠵᠢᠯ︾ ᠢᠶᠠᠷ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠵᠠᠢ
ᠨᠡᠶᠢᠲᠡᠯᠡᠭᠰᠡᠨ ᠴᠠᠭ᠄
2024/4/15
      ᠵᠠᠰᠠᠭ ᠵᠠᠬᠢᠷᠭ᠎ᠠ ᠨᠢ ᠵᠠᠰᠠᠭ ᠤᠨ ᠣᠷᠳᠣᠨ ᠲᠠᠢ ᠬᠤᠯᠪᠣᠯᠳᠤᠵᠤ᠂ ᠵᠠᠰᠠᠭ ᠤᠨ ᠣᠷᠳᠣᠨ ᠨᠢ ᠠᠷᠠᠳ ᠤᠨ ᠠᠮᠢᠳᠤᠷᠠᠯ ᠲᠠᠢ ᠬᠤᠯᠪᠣᠯᠳᠤᠵᠤ᠂ ᠠᠷᠠᠳ ᠤᠨ ᠠᠮᠢᠳᠤᠷᠠᠯ ᠨᠢ ᠠᠷᠠᠳ ᠤᠨ ᠰᠡᠳᠬᠢᠯ ᠲᠠᠢ ᠬᠤᠯᠪᠣᠯᠳᠤᠵᠤ ᠪᠠᠶᠢᠳᠠᠭ᠃ ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ᠶᠡᠭᠡ ᠲᠠᠯ᠎ᠠ ᠳᠤ ᠦᠢᠯᠡᠴᠢᠯᠡᠬᠦ᠂ ᠠᠷᠠᠳ ᠲᠦᠮᠡᠨ ᠤ ᠲᠥᠯᠥᠭᠡ ᠬᠠᠤᠯᠢ ᠪᠠᠷᠢᠬᠤ᠂ ᠬᠠᠤᠯᠢ ᠪᠠᠷ ᠵᠠᠰᠠᠬᠤ ᠶᠢᠨ ᠲᠥᠯᠥᠭᠡ ᠬᠠᠷᠢᠭᠤᠴᠠᠯᠭ᠎ᠠ ᠡᠭᠦᠷᠭᠡᠯᠡᠬᠦ ᠵᠣᠷᠢᠯᠲᠠ ᠶᠢ ᠢᠳᠡᠪᠬᠢᠲᠡᠢ ᠦᠢᠯᠡᠳᠦᠯᠭᠡᠵᠢᠭᠦᠯᠵᠦ᠂ ᠨᠠᠮ ᠤᠨ ᠪᠠᠶᠢᠭᠤᠯᠤᠯᠲᠠ ᠪᠠᠷ ᠪᠦᠯᠬᠦᠮ ᠳᠠᠭᠠᠭᠤᠯᠤᠨ ᠪᠠᠶᠢᠭᠤᠯᠬᠤ᠂ ᠨᠠᠮ ᠤᠨ ᠪᠠᠶᠢᠭᠤᠯᠤᠯᠲᠠ ᠪᠠᠷ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠬᠤ ᠶᠢ ᠭᠦᠨᠵᠡᠭᠡᠢ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠪᠠ᠃        ᠠᠵᠢᠯ ᠤᠨ ᠣᠶᠢᠯᠠᠭᠠᠭᠳᠠᠬᠤᠨ ᠤ ᠣᠳᠣᠬᠢᠴᠢᠯᠠᠯᠲᠠ ᠶᠢ  ᠪᠠᠬᠢᠵᠢᠭᠦᠯᠵᠦ ᠤᠯᠤᠰ ᠲᠥᠷᠥ ᠪᠠᠷ ᠬᠥᠲᠥᠯᠥᠨ ᠳᠠᠭᠠᠭᠤᠯᠬᠤ ︽ᠵᠠᠯᠠᠭᠤᠷ︾ ᠢ ᠪᠠᠳᠤᠳᠬᠠᠪᠠ      ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠢᠮᠠᠭᠳᠠ ᠪᠠᠷᠢᠮᠲᠠᠯᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ᠂ ᠪᠠᠶᠢᠴᠠᠭᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ︽ᠰᠢᠨ᠎ᠡ ᠴᠠᠭ ᠦᠶ᠎ᠡ ᠶᠢᠨ ᠪᠠᠶᠢᠴᠠᠭᠠᠬᠤ ᠪᠠᠶᠢᠭᠤᠯᠤᠯᠭ᠎ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠯ︾ ᠢ ᠭᠦᠨᠵᠡᠭᠡᠢ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠣᠨ ᠲᠤᠬᠠᠶᠢᠯᠠᠭᠰᠠᠨ ᠠᠵᠢᠯ ᠢ ᠵᠡᠷᠭᠡᠪᠡᠷ ᠲᠣᠬᠢᠷᠠᠭᠤᠯᠵᠤ᠂ ᠵᠡᠷᠭᠡᠪᠡᠷ ᠪᠠᠶᠢᠷᠢᠯᠠᠭᠤᠯᠪᠠ᠃ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠲᠠᠢ ᠤᠶᠠᠯᠳᠤᠭᠤᠯᠤᠨ᠂ ᠬᠡᠷᠡᠭ ᠨᠢᠭᠡᠪᠦᠷᠢ ᠶᠢ ᠴᠢᠨᠠᠷ ᠰᠠᠶᠢᠲᠠᠢ ᠦᠷ᠎ᠡ ᠪᠦᠲᠦᠮᠵᠢᠲᠡᠶ ᠪᠠᠷ ᠰᠠᠶᠢᠲᠤᠷ ᠰᠢᠢᠳᠪᠦᠷᠢᠯᠡᠬᠦ ᠶᠢ ᠪᠠᠷᠢᠮᠲᠠᠯᠠᠵᠤ᠂ ︽ᠲᠦᠷᠪᠡᠨ ᠶᠡᠭᠡ ᠪᠠᠶᠢᠴᠠᠭᠠᠯᠲᠠ︾ ᠶᠢᠨ ᠳᠣᠲᠣᠭᠠᠳᠤ ᠶᠢᠨ ᠨᠢᠭᠡᠳᠦᠯ ᠢ ᠪᠠᠷᠢᠮᠲᠠᠯᠠᠵᠤ᠂ ᠵᠣᠷᠢᠭᠲᠠᠢ ᠪᠠᠷ ᠬᠢᠨᠠᠯᠲᠠ ᠲᠠᠯᠪᠢᠬᠤ᠂ ᠴᠢᠳᠠᠮᠠᠭᠠᠢ ᠪᠠᠷ ᠬᠢᠨᠠᠯᠲᠠ ᠲᠠᠯᠪᠢᠬᠤ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠢᠨᠠᠯᠲᠠ ᠲᠠᠯᠪᠢᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ ᠪᠠᠶᠢᠴᠠᠭᠠᠬᠤ ᠦᠢᠯᠡᠳᠦᠯᠭᠡ ᠶᠢ ᠦᠷᠭᠦᠯᠵᠢᠯᠡᠨ ᠲᠦᠯᠬᠢᠨ ᠠᠬᠢᠭᠤᠯᠪᠠ᠃ ︽ᠨᠠᠮ ᠤᠨ ᠭᠡᠰᠢᠭᠦᠨ ᠬᠤᠰᠢᠭᠤᠴᠢ ᠪᠣᠯᠵᠤ᠂ ᠨᠠᠮ ᠤᠨ ᠭᠡᠰᠢᠭᠦᠨ ᠪᠤᠰᠤ ᠬᠥᠮᠥᠰ ᠬᠠᠮᠲᠤ ᠪᠠᠷ ᠪᠠᠶᠢᠯᠳᠤᠬᠤ︾ ᠪᠦᠯᠬᠦᠮ ᠨᠡᠶᠢᠲᠡ ᠶᠢᠨ ᠵᠣᠷᠢᠭ ᠰᠠᠨᠠᠭ᠎ᠠ ᠶᠢ ᠪᠠᠷᠢᠮᠲᠠᠯᠠᠵᠤ᠂ ᠪᠠᠭ᠎ᠠ ᠬᠡᠪᠴᠢᠶ᠎ᠡ ᠪᠠᠷ ᠠᠵᠢᠯ ᠬᠤᠪᠢᠶᠠᠷᠢᠯᠠᠨ ᠶᠡᠭᠡ ᠪᠠᠷ ᠬᠠᠮᠲᠤᠷᠠᠯᠴᠠᠵᠤ᠂ ᠵᠠᠰᠠᠭ ᠵᠠᠬᠢᠷᠭᠠᠨ ᠤ ᠪᠠᠶᠢᠴᠠᠭᠠᠬᠤ ᠺᠠᠳ᠋ᠷ ᠴᠠᠭᠳᠠᠭ᠎ᠠ ᠶᠢᠨ ᠠᠵᠢᠯ ᠤᠨ ᠣᠶᠢᠯᠠᠭᠠᠭᠳᠠᠬᠤᠨ ᠤ ᠣᠳᠣᠬᠢᠴᠢᠯᠠᠯᠲᠠ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠪᠠᠶᠢᠴᠠᠭᠠᠬᠤ ᠰᠢᠯᠢᠳᠡᠭ ᠡᠩᠨᠡᠭᠡ ᠶᠢ ᠪᠤᠢ ᠪᠣᠯᠭᠠᠪᠠ᠃      ᠬᠦᠴᠦᠲᠡᠢ ᠬᠢᠨᠠᠯᠲᠠ ᠲᠠᠯᠪᠢᠬᠤ ᠪᠠ ᠪᠦᠲᠦᠮᠵᠢᠲᠡᠶ ᠬᠢᠨᠠᠯᠲᠠ ᠲᠠᠯᠪᠢᠬᠤ ᠶᠢ ᠲᠦᠯᠬᠢᠨ ᠠᠬᠢᠭᠤᠯᠵᠤ ︽ᠠᠷᠠᠳ ᠤᠨ ᠲᠥᠯᠥᠭᠡ ᠪᠠᠶᠢᠴᠠᠭᠠᠬᠤ︾ ᠤᠭ ᠰᠠᠨᠠᠭ᠎ᠠ ᠶᠢ ᠦᠢᠯᠡᠳᠦᠯᠭᠡᠵᠢᠭᠦᠯᠪᠡ      ᠲᠤᠭᠳᠠᠬᠤ ᠰᠢᠶᠠᠨ ᠤ ᠪᠠᠢᠴᠠᠭᠠᠬᠤ ᠬᠤᠷᠢᠶ᠎ᠠ ᠢᠮᠠᠭᠲᠠ ᠠᠷᠠᠳ ᠲᠦᠮᠡᠨ ᠤ ᠵᠣᠭᠰᠣᠯᠲᠠ ᠶᠢ ᠪᠠᠲᠤ ᠴᠡᠭᠡᠵᠢᠯᠡᠵᠦ᠂ ᠠᠷᠠᠳ ᠤᠨ ᠲᠥᠯᠥᠭᠡ ᠬᠠᠤᠯᠢ ᠪᠠᠷᠢᠬᠤ ᠶᠢ ᠦᠢᠯᠡᠳᠦᠯᠭᠡᠵᠢᠭᠦᠯᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠪᠠᠷ ᠵᠠᠰᠠᠭ ᠵᠠᠬᠢᠷᠭᠠᠨ ᠤ ᠪᠠᠢᠴᠠᠭᠠᠬᠤ ᠠᠵᠢᠯ ᠤᠨ ᠢᠶᠠᠨ ᠡᠭᠦᠰᠬᠡᠯ ᠲᠡᠭᠦᠰᠬᠡᠯ ᠪᠣᠯᠭᠠᠭᠰᠠᠭᠠᠷ ᠢᠷᠡᠪᠡ᠃ ᠨᠠᠮ ᠤᠨ ᠪᠠᠶᠢᠭᠤᠯᠤᠯᠲᠠ ᠶᠢᠨ ᠠᠵᠢᠯ ᠪᠣᠯᠣᠨ ᠲᠤᠬᠠᠶᠢᠯᠠᠭᠰᠠᠨ ᠠᠵᠢᠯ ᠪᠣᠯ ︽ᠲᠡᠷᠭᠡᠨ ᠤ ᠬᠤᠣᠰ ᠬᠦᠷᠳᠦ︾᠂ ︽ᠰᠢᠪᠠᠭᠤᠨ ᠤ ᠬᠤᠣᠰ ᠵᠢᠭᠦᠷ︾ ᠮᠥᠨ᠂ ︽ᠪᠠᠶᠢᠴᠠᠭᠠᠬᠤ ᠠᠵᠤ ᠠᠬᠤᠶᠢᠯᠠᠯ ᠢ ᠬᠠᠮᠠᠭᠠᠯᠠᠬᠤ︾᠂ ︽ᠠᠷᠠᠳ ᠤᠨ ᠠᠮᠢᠳᠤᠷᠠᠯ ᠢ ᠪᠠᠶᠢᠴᠠᠭᠠᠬᠤ︾᠂ ︽ᠴᠡᠷᠢᠭ ᠠᠩᠭᠢ ᠪᠠ ᠣᠷᠣᠨ ᠨᠤᠲᠤᠭ ᠤᠨ ᠪᠠᠶᠢᠴᠠᠭᠠᠬᠤ ᠠᠵᠢᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ︾ ᠵᠡᠷᠭᠡ ᠲᠤᠰᠬᠠᠢ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠪᠣᠳᠠᠲᠠᠢ ᠪᠠᠶᠢᠴᠠᠭᠠᠬᠤ ᠲᠤᠬᠠᠶᠢᠯᠠᠭᠰᠠᠨ ᠠᠵᠢᠯ ᠨᠢᠭᠡᠪᠦᠷᠢ ᠶᠢ ᠠᠷᠠᠳ ᠤᠨ ᠲᠥᠯᠥᠭᠡ ᠪᠠᠶᠢᠴᠠᠭᠠᠬᠤ᠂ ᠠᠷᠠᠳ ᠲᠤ ᠠᠰᠢᠭ ᠬᠦᠷᠲᠡᠭᠡᠬᠦ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠶᠢ ᠦᠨᠡᠨ ᠬᠦ ᠪᠠᠲᠤᠯᠠᠪᠠ᠃ ᠵᠢᠱᠢᠶᠡᠯᠡᠪᠡᠯ᠂ ᠰᠢᠶᠠᠨ ᠤ ᠡᠮᠡᠭᠲᠡᠶᠢᠴᠦᠳ ᠤᠨ ᠬᠤᠯᠪᠤᠭ᠎ᠠ ᠲᠠᠢ ᠬᠠᠮᠲᠤᠷᠠᠨ ︽ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠬᠤ ᠲᠤᠬᠠᠢ ᠰᠠᠨᠠᠯ︾ ᠳᠤ ᠭᠠᠷ ᠤᠨ ᠦᠰᠦᠭ ᠵᠢᠷᠤᠪᠠ᠃ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠳᠡᠰ᠂ ᠰᠢᠶᠠᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠡᠷᠬᠢᠯᠡᠬᠦ ᠲᠣᠪᠴᠢᠶ᠎ᠠ ᠲᠠᠢ ᠬᠠᠮᠲᠤᠷᠠᠨ ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠰᠢᠭ ᠲᠤᠰᠠ ᠪᠠ ᠴᠡᠷᠢᠭ ᠤᠨ ᠬᠥᠮᠥᠨ ᠴᠡᠷᠢᠭ ᠤᠨ ᠭᠡᠷ ᠪᠦᠯᠢ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠵᠢᠯᠴᠠᠨ ᠬᠠᠮᠠᠭᠠᠯᠠᠬᠤ ᠲᠤᠬᠠᠢ ᠰᠠᠨᠠᠯ ︵ᠲᠤᠷᠰᠢᠨ ᠬᠡᠷᠡᠭᠵᠢᠭᠦᠯᠬᠦ︶︾ ᠳᠤ ᠭᠠᠷ ᠤᠨ ᠦᠰᠦᠭ ᠵᠢᠷᠤᠵᠤ᠂ ᠵᠠᠰᠠᠭ ᠵᠠᠬᠢᠷᠭᠠᠨ ᠤ ᠪᠠᠶᠢᠴᠠᠭᠠᠬᠤ ᠪᠠ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠣᠨᠴᠠᠭᠠᠶ ᠬᠠᠮᠲᠤᠯᠢᠭ ᠤᠨ ᠪᠠᠴᠢᠮ ᠬᠦᠴᠢᠷ ᠵᠣᠪᠠᠭᠤᠷᠢ ᠶᠢ ᠰᠢᠢᠳᠪᠦᠷᠢᠯᠡᠪᠡ᠃      ᠵᠠᠰᠠᠭ ᠵᠠᠬᠢᠷᠭᠠᠨ ᠤ ᠪᠠᠶᠢᠴᠠᠭᠠᠬᠤ ᠨᠠᠷᠠᠲᠤ ᠲᠥᠷᠥᠯ ᠲᠡᠮᠳᠡᠭᠲᠦ ᠶᠢ ᠬᠦᠴᠦᠯᠡᠨ ᠪᠣᠶ ᠪᠤᠯᠭᠠᠵᠤ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠤᠨ ᠦᠯᠢᠭᠡᠷ ᠢ ᠰᠠᠶᠢᠲᠤᠷ ᠤᠬᠠᠭᠤᠯᠪᠠ      ᠪᠠᠶᠢᠴᠠᠭᠠᠬᠤ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠬᠠᠤᠯᠢ ᠪᠠᠷᠢᠬᠤ ᠣᠶᠢᠯᠠᠭᠠᠭᠳᠠᠬᠤᠨ ᠢ ᠬᠤᠪᠢᠷᠠᠭᠤᠯᠵᠤ᠂ ᠪᠠᠶᠢᠴᠠᠭᠠᠬᠤ ᠠᠵᠢᠯ ᠤᠨ ᠭᠤᠣᠯ ᠬᠠᠷᠢᠭᠤᠴᠠᠯᠭ᠎ᠠ ᠭᠤᠣᠯ ᠠᠵᠢᠯ ᠠᠴᠠ ᠡᠭᠦᠰᠦᠨ᠂ ᠴᠢᠩᠭ᠎ᠠ ᠪᠠᠭᠤᠷᠠᠢ ᠪᠠᠷ ᠲᠤᠳᠠᠭᠳᠠᠯ ᠢ ᠨᠥᠬᠦᠪᠦᠷᠢᠯᠡᠬᠦ᠂ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠠᠷ ᠵᠣᠷᠢᠯᠭ᠎ᠠ ᠪᠣᠯᠭᠠᠨ᠂ ᠴᠠᠭᠠᠷᠠᠭᠰᠠᠨ ᠡᠩᠨᠡᠭᠡ ᠶᠢ ᠪᠠᠶᠢᠭᠤᠯᠵᠤ᠂ ᠪᠠᠶᠢᠴᠠᠭᠠᠬᠤ ᠪᠠᠶᠢᠭᠤᠯᠭ᠎ᠠ ᠶᠢᠨ ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠣᠯᠭᠠᠪᠠ᠃ ᠨᠢᠭᠡ ᠴᠣᠭᠴᠠᠵᠢᠭᠤᠯᠤᠭᠰᠠᠨ ᠵᠠᠰᠠᠭ ᠵᠠᠬᠢᠷᠭᠠᠨ ᠤ ᠪᠠᠶᠢᠴᠠᠭᠠᠬᠤ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠪᠥᠬᠦ ᠬᠦᠷᠢᠶᠡᠯᠡᠩ ᠤᠨ ᠡᠯ᠎ᠡ ᠰᠠᠯᠠᠭ᠎ᠠ ᠮᠥᠴᠢᠷ ᠤᠳ ᠬᠠᠮᠲᠤᠪᠠᠷ ᠬᠠᠮᠵᠢᠯᠴᠠᠨ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠠᠵᠢᠯ ᠤᠨ ᠡᠭᠦᠷᠭᠡ ᠶᠢ ᠬᠠᠮᠲᠤᠪᠠᠷ ᠰᠠᠶᠢᠲᠤᠷ ᠪᠡᠶᠡᠯᠡᠭᠦᠯᠵᠦ᠂ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠠᠵᠢᠯ ᠢ ᠪᠣᠳᠠᠲᠠᠶᠢᠵᠢᠭᠤᠯᠵᠤ᠂ ᠨᠠᠷᠢᠯᠢᠭ ᠬᠢᠵᠦ ᠬᠦᠴᠦᠷᠬᠡᠭᠵᠢᠭᠦᠯᠪᠡ᠃ ᠤᠬᠠᠭᠤᠯᠭ᠎ᠠ ᠶᠢᠨ ᠡᠬᠢ ᠪᠠᠶᠠᠯᠢᠭ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠤᠬᠠᠭᠤᠯᠭ᠎ᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠬᠡᠷᠡᠭ ᠬᠢᠭᠰᠡᠳ ᠤᠨ ᠲᠣᠭᠤᠷᠢᠨ ᠳᠤ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠤᠨ ᠵᠢᠯᠤᠭᠤᠳᠬᠤ ᠴᠢᠨᠠᠷᠲᠠᠢ ᠬᠡᠷᠡᠭ ᠤᠨ ᠵᠢᠱᠢᠶ᠎ᠡ᠂ ᠨᠡᠶᠢᠲᠡᠯᠢᠭ ᠬᠡᠷᠡᠭ ᠤᠨ ᠵᠢᠱᠢᠶ᠎ᠡ ᠶᠢ ᠪᠢᠴᠢᠵᠦ ᠮᠡᠳᠡᠭᠦᠯᠦᠨ ᠬᠦᠷᠭᠡᠬᠦ ᠠᠵᠢᠯ ᠢ ᠴᠢᠩᠭᠠᠳᠬᠠᠵᠤ᠂ ᠰᠠᠷ᠎ᠠ ᠪᠦᠷᠢ ᠪᠦᠬᠦ ᠤᠯᠤᠰ᠂ ᠪᠦᠬᠦ ᠣᠷᠣᠨ ᠤ ᠵᠢᠯᠤᠭᠤᠳᠬᠤ ᠴᠢᠨᠠᠷᠲᠠᠢ᠂ ᠨᠡᠶᠢᠲᠡᠯᠢᠭ ᠬᠡᠷᠡᠭ ᠤᠨ ᠵᠢᠱᠢᠶ᠎ᠡ ᠶᠢ ᠰᠤᠷᠤᠯᠴᠠᠵᠤ᠂ ᠬᠠᠮᠵᠢᠯᠴᠠᠬᠤ ᠴᠢᠳᠠᠪᠤᠷᠢ ᠪᠠᠨ ᠴᠢᠩᠭᠠᠳᠬᠠᠵᠤ᠂ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠤᠨ ᠨᠡᠶᠢᠭᠡᠮ ᠤᠨ ᠣᠶᠢᠯᠠᠭᠠᠬᠤ ᠬᠡᠮᠵᠢᠶ᠎ᠡ ᠪᠠ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠲᠡᠭᠡᠭᠰᠢᠯᠡᠭᠦᠯᠪᠡ᠃      ᠳᠠᠷᠠᠭᠠᠴᠢ ᠶᠢᠨ ᠠᠯᠬᠤᠮ ᠳᠤ᠂ ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ᠨᠠᠮ ᠤᠨ ᠭᠡᠰᠢᠭᠦᠨ ᠤ ᠵᠢᠱᠢᠶ᠎ᠡ ᠦᠵᠡᠭᠦᠯᠬᠦ ᠶᠢ ᠦᠷᠭᠦᠯᠵᠢᠯᠡᠨ ᠪᠠᠷᠢᠮᠲᠠᠯᠠᠵᠤ᠂ ᠤᠨᠢᠨ ᠳᠡᠭᠡᠷ᠎ᠡ ᠨᠢ ᠬᠢᠨᠠᠯᠲᠠ ᠲᠠᠯᠪᠢᠬᠤ ᠶᠢ ᠴᠢᠩᠭᠠᠳᠬᠠᠵᠤ᠂ ᠡᠯ᠎ᠡ ᠲᠤᠰᠬᠠᠢ ᠠᠵᠢᠯᠯᠠᠭ᠎ᠠ ᠪᠠᠷ ᠴᠢᠬᠤᠯᠠ ᠭᠠᠷᠳᠠᠴᠠ ᠪᠣᠯᠭᠠᠵᠤ᠂ ᠨᠠᠮ ᠤᠨ ᠪᠠᠶᠢᠭᠤᠯᠤᠯᠲᠠ ᠪᠣᠯᠣᠨ ᠵᠠᠰᠠᠭ ᠵᠠᠬᠢᠷᠭᠠᠨ ᠤ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠠᠭᠤᠰᠤᠯᠴᠠᠨ ᠬᠦᠴᠦ ᠪᠠᠨ ᠬᠠᠮᠲᠤᠳᠬᠠᠬᠤ ᠶᠢ ᠴᠢᠩᠭᠠᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠯᠠᠨ ᠤ ᠪᠠᠶᠢᠴᠠᠭᠠᠬᠤ ᠠᠵᠢᠯ ᠳᠠᠬᠢ ᠰᠢᠨ᠎ᠡ ᠬᠦᠰᠡᠯ ᠡᠷᠡᠮᠡᠯᠵᠡᠯ᠂ ᠰᠢᠨ᠎ᠡ ᠱᠠᠭᠠᠷᠳᠠᠯᠭ᠎ᠠ ᠶᠢ ᠬᠠᠩᠭᠠᠵᠤ᠂ ᠠᠷᠠᠳ ᠲᠦᠮᠡᠨ ᠲᠠᠢ ᠰᠡᠳᠬᠢᠯ ᠨᠢᠭᠡᠳᠴᠦ᠂ ᠠᠷᠠᠳ ᠲᠦᠮᠡᠨ ᠲᠠᠢ ᠠᠳᠠᠯᠢ ᠴᠢᠭᠯᠡᠯ ᠲᠠᠢ᠂ ᠠᠷᠠᠳ ᠲᠦᠮᠡᠨ ᠲᠠᠢ ᠬᠠᠮᠲᠤ ᠤᠷᠤᠭᠰᠢᠯᠠᠬᠤ ᠶᠢ ᠦᠨᠡᠨᠬᠦ ᠪᠡᠶᠡᠯᠡᠭᠦᠯᠦᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1