ᠲᠣᠭᠲᠠᠬᠤ ᠰᠢᠶᠠᠨ ︽ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ᠂ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠤᠭᠰᠠᠨ ᠠᠷᠪᠠᠨ ᠵᠢᠯ ᠤᠨ ᠣᠶ︾ ᠶᠢᠨ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/16
      ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠨᠡᠩ ᠰᠠᠶᠢᠨ ᠥᠷᠨᠢᠭᠦᠯᠵᠦ᠂ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠶᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ  ᠶᠢᠨ ᠲᠦᠯᠦᠭᠡ᠂ 4 ᠳ᠋ᠤᠭᠡᠷ ᠰᠠᠷ᠎ᠠ ᠶᠢᠨ 15 ᠤ ᠡᠳᠦᠷ᠂ ᠲᠣᠭᠲᠠᠬᠤ ᠰᠢᠶᠠᠨ ︽ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ᠂ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠤᠭᠰᠠᠨ ᠠᠷᠪᠠᠨ ᠵᠢᠯ ᠤᠨ ᠤᠢ︾ ᠭᠡᠬᠦ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠠᠵᠢᠯᠯᠠᠭ᠎ᠠ ᠥᠷᠨᠢᠭᠦᠯᠵᠡᠢ᠃ ᠰᠢᠶᠠᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠰᠢᠶᠠᠨ ᠤ ᠨᠠᠮ ᠤᠨ ᠬᠤᠷᠢᠶᠠᠨ ᠤ ᠨᠢᠭᠤᠴᠠ ᠶᠢ ᠬᠠᠮᠠᠭᠠᠯᠠᠬᠤ ᠨᠢᠭᠤᠴᠠ ᠴᠢᠬᠤᠯᠠ ᠶᠠᠪᠤᠳᠠᠯ ᠤᠨ ᠲᠣᠪᠴᠢᠶ᠎ᠠ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠲᠥᠪ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠳᠠᠨ ᠠᠵᠢᠯᠯᠠᠭ᠎ᠠ ᠳᠤ ᠤᠷᠤᠯᠴᠠᠵᠠᠢ᠃      ᠠᠵᠢᠯᠯᠠᠭ᠎ᠠ   ᠶᠢᠨ ᠳᠤᠮᠳᠠ᠂ ᠠᠵᠢᠯᠲᠠᠳ ᠣᠯᠠᠨ ᠲᠦᠮᠡᠨ ᠳᠤ ᠤᠯᠤᠰ ᠤᠨ ᠠᠮᠤᠷ ᠲᠦᠪᠰᠢᠨ ᠤ ᠦᠵᠡᠯᠲᠡ  ᠶᠢᠨ ᠤᠬᠠᠭᠤᠯᠭ᠎ᠠ ᠶᠢᠨ ᠭᠠᠷ ᠳᠡᠪᠲᠡᠷ᠂ ᠲᠠᠩᠨᠠᠭᠤᠯ   ᠢ ᠡᠰᠡᠷᠭᠦᠴᠡᠬᠦ ᠮᠡᠳᠡᠯᠭᠡ ᠶᠢᠨ ᠭᠠᠷ ᠳᠡᠪᠲᠡᠷ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 3000 ᠭᠠᠷᠤᠢ ᠬᠤᠪᠢ ᠲᠠᠷᠬᠠᠭᠠᠪᠠ᠃ ᠡᠭᠦᠨ ᠤ ᠬᠠᠮᠲᠤ ᠳᠡᠯᠭᠡᠨ ᠦᠵᠡᠭᠦᠯᠬᠦ ᠰᠠᠮᠪᠠᠷ᠎ᠠ᠂ ᠮᠡᠳᠡᠯᠭᠡ ᠶᠢᠨ ᠠᠰᠠᠭᠤᠯᠲᠠ ᠬᠠᠷᠢᠭᠤᠯᠲᠠ ᠵᠡᠷᠭᠡ ᠬᠡᠯᠪᠡᠷᠢ ᠪᠠᠷ ᠳᠠᠮᠵᠢᠭᠤᠯᠤᠨ ᠤᠯᠠᠨ ᠲᠦᠮᠡᠨ ᠳᠤ ᠤᠯᠤᠰ ᠤᠨ ᠠᠮᠤᠷ ᠲᠦᠪᠰᠢᠨ ᠤ ᠬᠤᠯᠪᠣᠭᠳᠠᠯ ᠪᠦᠬᠦᠢ ᠮᠡᠳᠡᠯᠭᠡ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠤᠯᠠᠨ ᠲᠦᠮᠡᠨ ᠤ ᠪᠦᠬᠦ᠋ᠢᠯᠡ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢᠨ ᠲᠤᠬᠠᠢ ᠣᠶᠢᠯᠠᠭᠠᠯᠲᠠ ᠪᠠ ᠲᠠᠨᠢᠯᠲᠠ ᠶᠢ ᠭᠦᠨᠵᠠᠭᠡᠶᠢᠷᠡᠭᠦᠯᠪᠡ᠃      ︽2024 ᠣᠨ ᠤ 4 ᠳ᠋ᠤᠭᠡᠷ ᠰᠠᠷ᠎ᠠ ᠶᠢᠨ 15 ᠤ ᠡᠳᠦᠷ ᠪᠣᠯ ᠶᠢᠰᠦᠳᠦᠭᠡᠷ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠣᠯᠣᠨ᠎ᠠ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠬᠥᠮᠥᠨ ᠪᠦᠬᠦᠨ ᠬᠠᠷᠢᠭᠤᠴᠠᠯᠭ᠎ᠠ ᠲᠠᠢ᠂  ᠪᠢᠳᠡ ᠨᠠᠮ ᠤᠨ ᠤᠯᠤᠰ ᠤᠨ ᠠᠮᠤᠷ ᠲᠦᠪᠰᠢᠨ ᠤ ᠠᠵᠢᠯ ᠳᠠᠬᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠵᠤ᠂ ᠤᠯᠤᠰ ᠤᠨ ᠠᠮᠤᠷ ᠲᠦᠪᠰᠢᠨ ᠤ ᠠᠵᠢᠯ ᠢ ᠨᠡᠩ ᠰᠠᠶᠢᠲᠤᠷ ᠬᠢᠬᠦ ᠬᠡᠷᠡᠭᠲᠡᠢ︾ ᠭᠡᠵᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ ᠨᠠᠮ ᠤᠨ ᠬᠤᠷᠢᠶ᠎ᠠ ᠶᠢᠨ ᠨᠢᠭᠤᠴᠠ ᠶᠢ ᠬᠠᠮᠠᠭᠠᠯᠠᠬᠤ ᠨᠢᠭᠤᠴᠠ ᠴᠢᠬᠤᠯᠠ ᠶᠠᠪᠤᠳᠠᠯ ᠤᠨ ᠲᠣᠪᠴᠢᠶ᠎ᠠ ᠶᠢᠨ ᠨᠠᠮ ᠤᠨ ᠡᠭᠦᠷ ᠤᠨ ᠳᠡᠳ᠋ ᠱᠦᠵᠢ ᠯᠢᠦ ᠶᠢᠨ ᠬᠤᠸᠠ ᠬᠡᠯᠡᠪᠡ᠃      ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠣᠯᠠᠨ ᠲᠦᠮᠡᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠢᠳᠡᠪᠬᠢᠲᠡᠢ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ ᠃ ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠥᠷᠭᠡᠨ ᠤᠯᠠᠨ ᠲᠦᠮᠡᠨ ᠤ ᠤᠯᠤᠰ ᠤᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ ᠤ ᠴᠢᠬᠤᠯᠠ ᠴᠢᠨᠠᠷ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠨᠡᠶᠢᠭᠡᠮ ᠤᠨ ᠰᠠᠭᠤᠷᠢ ᠶᠢ ᠪᠠᠲᠤᠳᠬᠠᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1