ᠣᠶᠢᠷ᠎ᠠ ᠶᠢᠨ ᠵᠢᠯ ᠳᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠶᠤᠯ | ᠲᠦᠭᠰᠢᠭᠦᠷᠢ ᠶᠢ ᠴᠢᠩᠭ᠎ᠠ ᠰᠡᠷᠭᠡᠶᠢᠯᠡᠨ᠂ ᠪᠥᠬᠦ ᠰᠢᠶᠠᠨ ᠤ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ᠂ | ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠢᠳᠡᠭᠡᠨ ᠤ ᠵᠦᠢᠯ ᠤᠨ ᠡᠵᠡᠩᠨᠡᠯᠲᠡ ᠶᠢᠨ ᠡᠮᠬᠢ ᠳᠢᠭᠯᠢᠮ ᠢ | ᠤᠯᠠᠮ ᠨᠢᠭᠡ ᠠᠯᠬᠤᠮ ᠵᠢᠷᠤᠮᠵᠢᠭᠤᠯᠵᠤ᠂ ᠥᠷᠭᠡᠨ ᠣᠯᠠᠨ ᠪᠠᠭᠰᠢ ᠰᠤᠷᠤᠭᠴᠢᠳ ᠤᠨ ᠢᠳᠡᠭᠡᠨ ᠤ ᠵᠦᠢᠯ ᠤᠨ ᠠᠮᠤᠷ | ᠲᠦᠪᠰᠢᠨ ᠢ ᠦᠨᠡᠨ ᠬᠦ ᠪᠠᠲᠤᠯᠠᠵᠤ᠂ ᠲᠣᠭᠲᠠᠬᠤ ᠰᠢᠶᠠᠨ ᠢᠳᠡᠭᠡᠨ ᠤ ᠵᠦᠢᠯ ᠤᠨ ᠠᠮᠤᠷ ᠲᠦᠪᠰᠢᠨ ᠤ ︽ᠳᠥᠷᠪᠡᠨ | ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠰᠤᠷᠭᠠᠭᠤᠯᠢ ᠶᠢᠨ ᠬᠦᠷᠢᠶᠡᠨ ᠤ | ᠢᠳᠡᠭᠡᠨ ᠤ ᠵᠦᠢᠯ ᠤᠨ ᠠᠮᠤᠷ ᠲᠦᠪᠰᠢᠨ ᠤ ᠲᠤᠰᠬᠠᠢ ᠵᠠᠰᠠᠯᠲᠠ ᠶᠢᠨ ᠠᠵᠢᠯᠯᠠᠭ᠎ᠠ ᠶᠢ ᠠᠯᠢ ᠣᠯᠠᠨ ᠦᠷᠨᠢᠭᠦᠯᠬᠦ ᠶᠢᠨ | ᠲᠦᠯᠦᠭᠡ᠂ ︽ᠲᠠᠪᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠬᠦ︾ ᠶᠢ ᠪᠠᠷᠢᠮᠲᠠᠯᠠᠨ᠂ ᠪᠥᠬᠦ ᠰᠢᠶᠠᠨ ᠤ | ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠵᠦᠢᠯ ᠤᠨ ︽ᠠᠮᠤᠷ ᠲᠦᠪᠰᠢᠨ︾ ᠢ ᠪᠠᠳᠤᠯᠠᠬᠤ ᠠᠵᠢᠯᠯᠠᠭ᠎ᠠ | ᠦᠷᠨᠢᠭᠦᠯᠵᠡᠢ᠃ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠪᠠ᠃ | ᠰᠤᠷᠭᠠᠭᠤᠯᠢ ᠶᠢᠨ ᠬᠤᠭᠤᠯᠠᠨ ᠭᠡᠷ ᠤᠨ ᠳᠠᠭᠠᠭᠠᠴᠢᠯᠠᠨ ᠡᠵᠡᠩᠨᠡᠬᠦ ᠬᠠᠮᠢᠶᠠᠷᠤᠯᠲᠠ ᠶᠢᠨ ᠠᠵᠢᠯ ᠤᠨ ᠳᠦᠷᠢᠮ ᠢ | ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠰᠢᠶᠠᠨ ᠢ ᠡᠭᠦᠳᠦᠨ | ᠪᠠᠶᠢᠭᠤᠯᠬᠤ ᠶᠢ ᠲᠦᠯᠬᠢᠨ ᠠᠬᠢᠭᠤᠯᠤᠭᠰᠠᠨ ᠪᠠᠶᠢᠳᠠᠯ ᠵᠡᠷᠭᠡ ᠳᠤ ᠴᠢᠭᠯᠡᠭᠦᠯᠦᠨ ᠪᠥᠬᠦ ᠲᠠᠯ᠎ᠠ ᠶᠢᠨ ᠪᠠᠶᠢᠴᠠᠭᠠᠯᠲᠠ ᠪᠠ | ᠲᠤᠬᠠᠢ ᠶᠢᠨ ᠲᠠᠯᠠᠪᠤᠷ ᠤᠨ ᠵᠢᠯᠣᠭᠤᠳᠤᠯᠭ᠎ᠠ ᠬᠢᠪᠡ︔ ︽ᠰᠤᠷᠭᠠᠭᠤᠯᠢ ᠶᠢᠨ ᠵᠠᠬᠢᠷᠤᠯ ᠤᠨ ᠨᠢᠭᠡᠳᠦᠭᠡᠷ | ᠬᠠᠷᠢᠭᠤᠴᠠᠯᠭ᠎ᠠ ᠶᠢᠨ ᠳᠦᠷᠢᠮ︾ ᠢ ᠴᠢᠩᠭᠠᠳᠬᠠᠵᠤ᠂ ᠳᠠᠭᠠᠭᠠᠴᠢᠯᠠᠨ ᠡᠵᠡᠩᠨᠡᠬᠦ ᠠᠵᠤ ᠠᠬᠤᠶᠢᠯᠠᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠪᠠᠳᠤᠳᠬᠠᠪᠠ︔ ︽ᠬᠤᠶᠠᠷ ᠬᠠᠷᠢᠭᠤᠴᠠᠯᠭ᠎ᠠ︾ ᠪᠠᠷ ᠳᠠᠭᠠᠭᠠᠴᠢᠯᠠᠬᠤ ᠠᠵᠢᠯ ᠢ | ᠯᠠᠪᠳᠠᠭᠤᠨ ᠪᠠᠲᠤᠲᠠᠢ ᠠᠬᠢᠭᠤᠯᠵᠤ᠂ ᠵᠠᠰᠠᠭ ᠤᠨ ᠣᠷᠳᠣᠨ ᠬᠢᠭᠡᠳ ᠰᠤᠷᠭᠠᠭᠤᠯᠢ ᠶᠢᠨ ︽ᠬᠤᠶᠠᠷ ᠬᠠᠷᠢᠭᠤᠴᠠᠯᠭ᠎ᠠ︾ | ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠪᠥᠬᠦ ᠰᠢᠶᠠᠨ ᠤ 42 | ᠳᠤᠮᠳᠠᠳᠤ ᠪᠠᠭ᠎ᠠ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠢ ᠪᠥᠬᠦ ᠲᠠᠯ᠎ᠠ ᠪᠠᠷ ᠬᠢᠨᠠᠨ ᠵᠢᠯᠤᠭᠤᠳᠴᠤ᠂ B | ᠲᠠᠰ ᠤᠨ ᠭᠤᠣᠯ ᠴᠣᠭᠴᠠᠲᠤ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠲᠤ ᠰᠢᠶᠠᠨ ᠭᠠᠵᠠᠷ ᠤᠨ ᠲᠠᠰ ᠤᠨ | ᠤᠳᠤᠷᠢᠳᠤᠯᠭ᠎ᠠ ᠪᠠᠷ ᠳᠠᠭᠠᠭᠠᠴᠢᠯᠠᠨ ᠬᠢᠨᠠᠨ ᠵᠢᠯᠤᠭᠤᠳᠬᠤ ᠶᠢ ᠲᠣᠬᠢᠷᠠᠭᠤᠯᠤᠨ᠂ ᠡᠯ᠎ᠡ ᠤᠯᠠᠷᠢᠯ ᠤᠨ ᠬᠢᠨᠠᠨ | ᠵᠢᠯᠣᠭᠤᠳᠤᠭᠰᠠᠨ ᠨᠣᠷᠮ᠎ᠠ᠂ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ ᠶᠢ ᠴᠥᠮ 100% ᠳᠤ ᠬᠦᠷᠦᠭᠦᠯᠪᠡ︔ ︽ | ᠢᠨᠲ᠋ᠧᠷ ᠰᠦᠯᠵᠢᠶ᠎ᠡ + ᠢᠯᠡ ᠲᠣᠭᠤᠭ᠎ᠠ︾ ᠳᠤ ᠲᠦᠰᠢᠭᠯᠡᠨ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠤᠨ | ᠣᠶᠤᠨᠴᠢ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠣᠯᠭᠤᠵᠤ᠂ ᠬᠠᠮᠤᠷᠬᠤ ᠨᠣᠷᠮ᠎ᠠ ᠶᠢ 100% ᠳᠤ | ᠬᠦᠷᠦᠭᠦᠯᠵᠦ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠬᠢᠷᠢ | ᠬᠡᠮᠵᠢᠶ᠎ᠡ ᠶᠢ ᠦᠨᠡᠨᠬᠦ ᠲᠡᠭᠡᠭᠰᠢᠯᠡᠭᠦᠯᠪᠡ᠃ | ︽ᠬᠤᠶᠠᠷ ᠠᠮᠠ︾ ᠶᠢ ᠴᠢᠩᠭ᠎ᠠ ᠠᠳᠬᠤᠵᠤ᠂ ᠬᠤᠣᠰ ᠴᠢᠭᠯᠡᠯ ᠢᠶᠠᠷ ᠬᠠᠮᠢᠶᠠᠷᠤᠨ ᠡᠵᠡᠮᠳᠡᠪᠡ᠃ ᠢᠳᠡᠭᠡᠨ ᠢ | ᠲᠣᠬᠢᠷᠠᠭᠤᠯᠤᠨ ᠬᠦᠷᠭᠡᠬᠦ ᠭᠤᠭᠴᠤᠭ᠎ᠠ ᠳᠤ᠂ ᠰᠤᠷᠭᠠᠭᠤᠯᠢ ᠶᠢᠨ ᠬᠤᠭᠤᠯᠠᠨ ᠭᠡᠷ ᠤᠨ ᠢᠳᠡᠭᠡᠨ ᠤ ᠮᠠᠲ᠋ᠧᠷᠢᠶᠠᠯ ᠢ | ᠲᠥᠪᠯᠡᠷᠡᠭᠦᠯᠦᠨ ᠬᠠᠩᠭᠠᠬᠤ ᠦᠢᠯᠡᠴᠢᠯᠡᠭᠡ ᠶᠢ ᠡᠭᠦᠷᠭᠡᠯᠡᠵᠦ ᠪᠦᠬᠦᠢ ᠢᠳᠡᠭᠡᠨ ᠢ ᠲᠣᠬᠢᠷᠠᠭᠤᠯᠤᠨ ᠬᠦᠷᠭᠡᠬᠦ | ᠨᠢᠭᠡᠴᠡ ᠳᠤ ᠪᠠᠶᠢᠴᠠᠭᠠᠯᠲᠠ ᠬᠢᠵᠦ᠂ ︽ᠭᠠᠳᠠᠭᠠᠳᠤ ᠳᠤ ᠭᠠᠷᠭᠠᠬᠤ︾ ᠪᠣᠭᠤᠮᠲᠠ ᠶᠢ ᠰᠠᠶᠢᠲᠤᠷ ᠡᠵᠡᠮᠳᠡᠪᠡ︔ | ᠢᠳᠡᠭᠡᠨ ᠤ ᠮᠠᠲ᠋ᠧᠷᠢᠶᠠᠯ ᠢ ᠰᠤᠷᠭᠠᠭᠤᠯᠢ ᠳᠤ ᠣᠷᠣᠭᠤᠯᠵᠤ ᠭᠥᠯᠢᠶᠡᠨ ᠠᠪᠬᠤ ᠭᠤᠭᠴᠤᠭ᠎ᠠ ᠳᠤ᠂ ᠪᠠᠷᠠᠭ᠎ᠠ ᠶᠢ | ᠰᠢᠯᠭᠠᠨ ᠪᠠᠶᠢᠴᠠᠭᠠᠬᠤ ᠶᠢ ᠬᠢᠨᠠᠨ ᠬᠠᠷᠭᠤᠭᠤᠯᠬᠤ ᠲᠠᠰ ᠳᠠᠷᠠᠭᠠᠯᠠᠯ ᠢ ᠴᠢᠩᠳᠠᠯᠠᠵᠤ᠂ ᠬᠥᠮᠥᠷᠭᠡ ᠳᠤ ᠣᠷᠣᠭᠤᠯᠬᠤ | ᠡᠬᠡ ᠲᠠᠩᠰᠠ᠂ ᠢᠳᠡᠭᠡᠨ ᠤ ᠮᠠᠲ᠋ᠧᠷᠢᠶᠠᠯ ᠢ ᠪᠠᠶᠢᠴᠠᠭᠠᠨ ᠰᠢᠯᠭᠠᠬᠤ ᠵᠡᠷᠭᠡ ᠬᠢᠨᠠᠨ ᠪᠠᠶᠢᠴᠠᠭᠠᠬᠤ ᠠᠵᠢᠯ ᠢ ᠰᠠᠶᠢᠲᠤᠷ | ᠬᠢᠵᠦ᠂ ᠬᠤᠭᠤᠯᠠᠨ ᠭᠡᠷ ᠲᠤ ᠣᠷᠣᠬᠤ ᠤᠳᠠᠭ᠎ᠠ ᠪᠦᠷᠢ ᠶᠢᠨ ᠢᠳᠡᠭᠡᠨ ᠤ ᠮᠠᠲ᠋ᠧᠷᠢᠶᠠᠯ ᠤᠨ ᠠᠮᠤᠷ ᠲᠦᠪᠰᠢᠨ ᠢ | ᠦᠨᠡᠨᠬᠦ ᠪᠠᠲᠤᠯᠠᠵᠤ᠂ ᠲᠣᠬᠢᠷᠠᠭᠤᠯᠤᠨ ᠬᠦᠷᠭᠡᠬᠦ ᠪᠥᠬᠦ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠪᠣᠶ ᠪᠣᠯᠭᠠᠵᠤ᠂ | ︽ᠣᠷᠣᠬᠤ ᠡᠭᠦᠳᠡ︾ ᠶᠢᠨ ᠪᠣᠭᠤᠮᠲᠠ ᠶᠢ ᠰᠠᠶᠢᠲᠤᠷ ᠰᠠᠬᠢᠪᠠ᠃ | ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠵᠤ᠂ ᠲᠦᠷᠭᠡᠨ ᠪᠠᠶᠢᠴᠠᠭᠠᠨ ᠰᠢᠯᠭᠠᠨ᠎ᠠ᠃ ᠬᠠᠤᠯᠢ ᠬᠡᠷᠡᠭᠵᠢᠭᠦᠯᠵᠦ | ᠪᠠᠶᠢᠭ᠎ᠠ ᠪᠠᠶᠢᠳᠠᠯ ᠢ ᠪᠠᠶᠢᠴᠠᠭᠠᠬᠤ ᠶᠠᠪᠤᠴᠠ ᠳᠤ᠂ ᠢᠳᠡᠭᠡᠨ ᠤ ᠠᠮᠤᠷ ᠲᠦᠪᠰᠢᠨ ᠤ ︽ᠰᠤᠭᠤᠴᠢᠨ ᠪᠠᠶᠢᠴᠠᠭᠠᠵᠤ | ᠲᠦᠷᠭᠡᠨ ᠪᠠᠶᠢᠴᠠᠭᠠᠵᠤ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ ᠶᠢ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ᠂ ᠰᠤᠷᠭᠠᠭᠤᠯᠢ ᠶᠢᠨ | ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤ ᠡᠵᠡᠩᠨᠡᠯᠲᠡ ᠶᠢᠨ ᠬᠤᠳᠠᠯᠳᠤᠭᠠᠴᠢᠨ ᠤ ᠡᠯ᠎ᠡ ᠲᠥᠷᠥᠯ ᠤᠨ | ᠢᠳᠡᠭᠡᠨ ᠤ ᠮᠠᠲ᠋ᠧᠷᠢᠶᠠᠯ᠂ ᠢᠳᠡᠭᠡᠨ ᠳᠤ ᠲᠦᠷᠭᠡᠨ ᠪᠠᠶᠢᠴᠠᠭᠠᠨ ᠬᠡᠮᠵᠢᠯᠲᠡ ᠬᠢᠵᠦ᠂ ᠲᠤᠰᠬᠠᠢ ᠮᠡᠷᠭᠡᠵᠢᠯ ᠤᠨ ᠠᠷᠭ᠎ᠠ | ᠪᠠᠷᠢᠯ ᠢᠶᠠᠷ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠪᠠᠳᠤᠯᠠᠨ᠎ᠠ᠃ ᠰᠤᠷᠭᠠᠭᠤᠯᠢ ᠶᠢᠨ | ᠬᠦᠷᠢᠶᠡᠨ ᠤ ᠢᠳᠡᠭᠡᠨ ᠤ ᠠᠮᠤᠷ ᠲᠦᠪᠰᠢᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ︽ᠪᠢᠳᠡ | ᠪᠠᠶᠢᠴᠠᠭᠠᠬᠤ︾ ᠠᠵᠢᠯᠯᠠᠭ᠎ᠠ ᠶᠢ ᠥᠷᠨᠢᠭᠦᠯᠵᠦ᠂ ᠪᠠᠭᠰᠢ ᠰᠣᠷᠣᠭᠴᠢ᠂ ᠭᠡᠷ ᠤᠨ ᠠᠬᠠᠮᠠᠳ᠂ ᠨᠡᠶᠢᠭᠡᠮ ᠤᠨ ᠬᠢᠨᠠᠯᠲᠠ | ᠲᠠᠯᠪᠢᠬᠤ ᠬᠦᠴᠦᠨ ᠵᠡᠷᠭᠡ ᠣᠯᠠᠨ ᠲᠠᠯ᠎ᠠ ᠶᠢᠨ ᠰᠠᠨᠠᠯ ᠢ ᠭᠦᠢᠴᠡᠳ ᠴᠤᠭᠯᠠᠭᠤᠯᠵᠤ᠂ ᠬᠠᠮᠲᠤ ᠪᠠᠷ ᠬᠢᠨᠠᠯᠲᠠ ᠲᠠᠯᠪᠢᠬᠤ | ᠂ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠪᠠᠶᠢᠳᠠᠯ ᠢ ᠪᠣᠶ ᠪᠤᠯᠭᠠᠪᠠ᠃ 2024 ᠣᠨ ᠠᠴᠠ | ᠨᠠᠰᠢ᠂ ᠰᠤᠷᠭᠠᠭᠤᠯᠢ ᠶᠢᠨ ᠬᠤᠭᠤᠯᠠᠨ ᠭᠡᠷ ᠲᠤ 64 ᠪᠦᠯᠦᠭ ᠤᠳᠠᠭ᠎ᠠ ᠶᠢᠨ ᠢᠳᠡᠭᠡᠨ ᠤ ᠵᠦᠢᠯ ᠤᠨ ᠰᠤᠭᠤᠴᠢᠨ | ᠪᠠᠶᠢᠴᠠᠭᠠᠯᠲᠠ ᠪᠠ ᠲᠦᠷᠭᠡᠨ ᠪᠠᠶᠢᠴᠠᠭᠠᠯᠲᠠ ᠬᠢᠵᠦ᠂ ᠡᠭᠦᠨ ᠳᠤ ᠰᠤᠷᠭᠠᠭᠤᠯᠢ ᠡᠬᠢᠯᠡᠬᠦ ᠤᠯᠠᠷᠢᠯ ᠳᠤ 36 ᠪᠦᠯᠦᠭ | ᠤᠳᠠᠭ᠎ᠠ ᠶᠢᠨ ᠲᠦᠷᠭᠡᠨ ᠪᠠᠶᠢᠴᠠᠭᠠᠯᠲᠠ ᠶᠢ ᠥᠷᠨᠢᠭᠦᠯᠵᠦ᠂ 2 ᠪᠦᠯᠦᠭ ᠤᠳᠠᠭ᠎ᠠ ᠨᠢ ᠬᠢᠷᠢ ᠲᠡᠩᠴᠡᠭᠰᠡᠨ ᠦᠭᠡᠢ | ᠪᠠᠶᠢᠵᠤ᠂ ᠠᠰᠠᠭᠤᠳᠠᠯ ᠢ ᠢᠯᠡᠷᠡᠭᠦᠯᠪᠡᠯ ᠬᠠᠮᠢᠶ᠎ᠠ ᠪᠦᠬᠦᠢ ᠬᠠᠷᠢᠭᠤᠴᠠᠯᠭᠠᠲᠤ ᠭᠤᠣᠯ ᠴᠣᠭᠴᠠ ᠶᠢ ᠵᠠᠷᠯᠢᠭᠳᠠᠵᠤ | ᠪᠠᠶᠢᠭᠠᠳ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠪᠠᠶᠢᠨ᠎ᠠ᠃ | ᠬᠠᠤᠯᠢ ᠶᠢ ᠴᠢᠩᠭ᠎ᠠ ᠬᠡᠷᠡᠭᠵᠢᠭᠦᠯᠵᠦ᠂ ᠴᠡᠭᠴᠡᠯᠡᠨ ᠵᠠᠰᠠᠬᠤ ᠠᠵᠢᠯ ᠢ ᠴᠢᠩᠭᠠᠳᠬᠠᠪᠠ᠃ ᠰᠤᠷᠭᠠᠭᠤᠯᠢ ᠶᠢᠨ | ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠲᠠᠢ ᠤᠶᠠᠯᠳᠤᠭᠤᠯᠤᠨ᠂ | ᠰᠤᠷᠭᠠᠭᠤᠯᠢ ᠶᠢᠨ ᠬᠤᠭᠤᠯᠠᠨ ᠭᠡᠷ᠂ ᠬᠤᠭᠤᠯᠠᠨ ᠭᠡᠷ ᠤᠨ ᠡᠵᠡᠩᠨᠡᠯᠲᠡ ᠦᠢᠯᠡᠴᠢᠯᠡᠭᠡᠨ ᠤ ᠠᠵᠤ ᠠᠬᠤᠶᠢᠯᠠᠯ᠂ | ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤ ᠡᠵᠡᠩᠨᠡᠯᠲᠡ ᠶᠢᠨ ᠬᠤᠳᠠᠯᠳᠤᠭᠠᠴᠢᠨ ᠢᠶᠠᠷ | ᠭᠤᠣᠯᠳᠠᠯᠭ᠎ᠠ ᠪᠣᠯᠭᠠᠵᠤ᠂ ᠣᠯᠠᠨ ᠰᠠᠯᠠᠭ᠎ᠠ ᠮᠥᠴᠢᠷ ᠬᠠᠮᠲᠤᠷᠠᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ | ᠲᠦᠪᠰᠢᠨ ᠤ ᠪᠠᠶᠢᠴᠠᠭᠠᠯᠲᠠ ᠶᠢ ᠥᠷᠨᠢᠭᠦᠯᠵᠦ᠂ ᠡᠯ᠎ᠡ ᠬᠢᠨᠠᠨ ᠬᠠᠮᠢᠶᠠᠷᠤᠯᠳᠠ ᠶᠢᠨ ᠰᠠᠯᠠᠭ᠎ᠠ ᠮᠥᠴᠢᠷ ᠤᠳ ᠲᠣᠰ | ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠬᠠᠷᠢᠯᠴᠠᠨ ᠬᠠᠮᠵᠢᠯᠴᠠᠬᠤ ᠬᠠᠮᠲᠤᠷᠠᠨ ᠬᠥᠳᠡᠯᠦᠯᠴᠡᠬᠦ | ᠲᠣᠭᠲᠠᠴᠠ ᠶᠢ ᠪᠠᠶᠢᠭᠤᠯᠤᠨ᠂ ᠰᠠᠯᠠᠭ᠎ᠠ ᠮᠥᠴᠢᠷ ᠤᠳ ᠬᠠᠮᠲᠤᠪᠠᠷ ᠵᠠᠰᠠᠵᠤ ᠬᠠᠮᠲᠤᠪᠠᠷ ᠬᠠᠮᠢᠶᠠᠷᠬᠤ ᠪᠠᠶᠢᠳᠠᠯ ᠢ ᠪᠣᠶ | ᠪᠤᠯᠭᠠᠪᠠ᠃ 2024 ᠣᠨ ᠠᠴᠠ ᠨᠠᠰᠢ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠠᠬ᠎ᠠ | ᠳᠡᠯᠭᠡᠭᠦᠷ ᠤᠨ ᠪᠡᠶᠡᠴᠢ ᠴᠣᠭᠴᠠ ᠨᠡᠶᠢᠲᠡ 242 ᠡᠷᠦᠬᠡ᠂ ᠨᠠᠶᠢᠳᠠᠯᠭ᠎ᠠ ᠪᠠᠷ ᠬᠠᠮᠢᠶᠠᠷᠬᠤ ᠪᠠᠶᠢᠭᠤᠯᠤᠮᠵᠢ ᠶᠢ ᠨᠡᠶᠢᠲᠡ | 24 ᠪᠠᠶᠢᠴᠠᠭᠠᠭᠰᠠᠨ ᠪᠥᠭᠡᠳ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠲᠤᠬᠠᠢ ᠶᠢᠨ ᠭᠠᠵᠠᠷ ᠲᠤᠨᠢ | ᠵᠢᠯᠣᠭᠤᠳᠤᠨ ᠰᠢᠢᠳᠪᠦᠷᠢᠯᠡᠭᠰᠡᠨ ᠪᠥᠭᠡᠳ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠨᠠᠷᠢᠨ ᠲᠠᠩᠰᠠ ᠶᠢ ᠪᠣᠶ | ᠪᠣᠯᠭᠠᠵᠤ᠂ ᠰᠠᠯᠠᠭ᠎ᠠ ᠮᠥᠴᠢᠷ ᠤᠨ ᠬᠢᠨ ᠮᠥᠷᠳᠡᠨ ᠴᠡᠭᠴᠡᠯᠡᠨ ᠰᠠᠶᠢᠵᠢᠷᠠᠭᠤᠯᠤᠭᠰᠠᠨ ᠪᠠᠶᠢᠨ᠎ᠠ᠃ | ᠤᠬᠠᠭᠤᠯᠤᠨ ᠬᠥᠲᠥᠯᠥᠨ ᠵᠢᠯᠤᠭᠤᠳᠴᠤ᠂ ᠬᠠᠮᠲᠤᠪᠠᠷ ᠵᠠᠰᠠᠬᠤ ᠶᠢ ᠪᠦᠷᠢᠯᠳᠦᠭᠦᠯᠪᠡ᠃ ᠰᠤᠷᠭᠠᠭᠤᠯᠢ ᠶᠢᠨ | ᠬᠤᠭᠤᠯᠠᠨ ᠭᠡᠷ ᠢ ᠳᠠᠭᠠᠭᠠᠴᠢᠯᠠᠨ ᠡᠵᠡᠩᠨᠡᠬᠦ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠢᠳᠡᠭᠡᠨ ᠤ ᠠᠮᠤᠷ | ᠲᠦᠪᠰᠢᠨ ᠤ ᠬᠠᠮᠢᠶᠠᠷᠤᠯᠲᠠ ᠶᠢᠨ ᠠᠵᠢᠯᠲᠠᠨ᠂ ᠠᠵᠢᠯ ᠡᠷᠬᠢᠯᠡᠭᠰᠡᠳ ᠤᠨ ᠢᠳᠡᠭᠡᠨ ᠤ ᠠᠮᠤᠷ ᠲᠦᠪᠰᠢᠨ ᠤ ᠲᠤᠰᠬᠠᠢ | ᠮᠡᠷᠭᠡᠵᠢᠯ ᠤᠨ ᠪᠤᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠷᠢᠭᠤᠴᠠᠯᠭ᠎ᠠ ᠶᠢᠨ ᠦᠵᠡᠯ ᠤᠬᠠᠮᠰᠠᠷ ᠪᠠ | ᠠᠮᠤᠷ ᠲᠦᠪᠰᠢᠨ ᠤ ᠦᠵᠡᠯ 12315᠂ 12345 ᠵᠡᠷᠭᠡ ᠢᠳᠡᠭᠡᠨ ᠤ ᠠᠮᠤᠷ ᠲᠦᠪᠰᠢᠨ ᠤ ᠬᠠᠤᠯᠢ ᠲᠣᠭᠲᠠᠭᠠᠯ | ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ | ᠨᠠᠪᠲᠠᠷᠡᠭᠦᠯᠵᠦ᠂ ᠸᠢᠴᠠᠲ ᠤᠨ ᠨᠡᠶᠢᠲᠡ ᠶᠢᠨ ᠳ᠋ᠤᠭᠠᠷ᠂ ᠲᠢᠭ ᠲᠤᠭ ᠵᠡᠷᠭᠡ ᠰᠢᠨ᠎ᠡ ᠵᠠᠭᠤᠴᠢᠯᠠᠭᠤᠷ ᠤᠨ | ᠲᠠᠪᠴᠠᠩ ᠢᠶᠠᠷ ᠳᠠᠮᠵᠢᠭᠤᠯᠤᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠶᠢᠨ | ᠦᠷ᠎ᠡ ᠳ᠋ᠦᠩ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ | ᠬᠢᠨᠠᠯᠲᠠ ᠲᠠᠯᠪᠢᠬᠤ ᠶᠢ ᠬᠦᠯᠢᠶᠡᠨ᠎ᠡ᠃ ︽3 · 15︾ ᠤ ᠬᠡᠷᠡᠭᠯᠡᠭᠴᠢᠳ ᠤᠨ ᠡᠷᠬᠡ ᠠᠰᠢᠭ ᠤᠨ ᠤᠬᠠᠭᠤᠯᠭ᠎ᠠ ᠶᠢᠨ | ᠠᠵᠢᠯᠯᠠᠭ᠎ᠠ ᠲᠠᠢ ᠨᠢᠭᠲᠠ ᠤᠶᠠᠯᠳᠤᠭᠤᠯᠤᠨ᠂ ᠡᠵᠡᠩᠨᠡᠯᠲᠡ ᠶᠢᠨ ᠨᠢᠭᠡᠴᠡ ᠶᠢᠨ ᠢᠳᠡᠭᠡᠨ ᠤ ᠠᠮᠤᠷ ᠲᠦᠪᠰᠢᠨ ᠤ | ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠪᠠ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠦᠵᠡᠯ | ᠤᠬᠠᠮᠰᠠᠷ ᠢ ᠳᠡᠭᠡᠭᠰᠢᠯᠡᠭᠦᠯᠵᠦ᠂ ᠥᠷᠭᠡᠨ ᠣᠯᠠᠨ ᠪᠠᠭᠰᠢ ᠰᠤᠷᠤᠭᠴᠢᠳ ᠤᠨ ᠥᠪᠡᠷ ᠢ ᠪᠠᠨ ᠰᠡᠷᠭᠡᠶᠢᠯᠡᠬᠦ ᠦᠵᠡᠯ | ᠤᠬᠠᠮᠰᠠᠷ ᠪᠠ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠦᠵᠡᠯ ᠤᠬᠠᠮᠰᠠᠷ ᠢ ᠴᠢᠩᠭᠠᠷᠠᠭᠤᠯᠪᠠ᠃ | ᠵᠠᠯᠭᠠᠭᠠᠳ ᠲᠣᠭᠲᠠᠬᠤ ᠰᠢᠶᠠᠨ ᠤ ᠬᠢᠨ ᠬᠠᠷᠢᠶ᠎ᠠ ᠣᠷᠣᠨ ᠤ ᠪᠠᠨ ᠡᠯ᠎ᠡ ᠲᠦᠷᠦᠯ ᠤᠨ ᠰᠤᠷᠭᠠᠭᠤᠯᠢ ᠶᠢᠨ | ᠬᠤᠭᠤᠯᠠᠨ ᠭᠡᠷ᠂ ᠰᠤᠷᠭᠠᠭᠤᠯᠢ ᠶᠢᠨ ᠭᠠᠳᠠᠨᠠᠬᠢ ᠬᠤᠭᠤᠯᠠ ᠬᠠᠩᠭᠠᠬᠤ ᠨᠢᠭᠡᠴᠡ ᠵᠢᠴᠢ ᠰᠤᠷᠭᠠᠭᠤᠯᠢ ᠶᠢᠨ | ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤ ᠡᠵᠡᠩᠨᠡᠯᠲᠡ ᠶᠢᠨ ᠨᠢᠭᠡᠴᠡ ᠳᠤ ᠪᠦᠬᠦᠨ ᠢ ᠪᠦᠷᠬᠦᠭᠦᠯᠬᠦ ︽ᠡᠷᠬᠢᠨ | ᠬᠠᠷᠠᠬᠤ︾ ᠪᠠᠶᠢᠩᠭᠤ ᠶᠢᠨ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠠᠶᠤᠯ ᠲᠦᠭᠰᠢᠭᠦᠷᠢ ᠶᠢᠨ ᠭᠡᠮ | ᠰᠣᠭᠤᠭ ᠢ ᠴᠠᠭ ᠲᠤᠬᠠᠢ ᠳᠤᠨᠢ ᠪᠠᠶᠢᠴᠠᠭᠠᠨ ᠠᠷᠢᠯᠭᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ︽ᠠᠮᠤᠷ | ᠲᠦᠪᠰᠢᠨ ︾ ᠢ ᠪᠠᠬᠢᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠪᠠᠭᠰᠢ ᠰᠤᠷᠤᠭᠴᠢᠳ ᠤᠨ ︽ᠢᠳᠡᠭᠡᠨ | ᠤᠮᠳᠠᠭᠠᠨ ᠤ ᠠᠮᠤᠷ ᠲᠦᠪᠰᠢᠨ︾ ᠢ ᠪᠠᠲᠤᠯᠠᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |