ᠲᠣᠭᠲᠠᠬᠤ ᠰᠢᠶᠠᠨ᠄ ︽ᠰᠣᠶᠣᠯ ᠵᠤᠭᠠᠴᠠᠯ + ᠰᠤᠷᠭᠠᠨ ᠬᠥᠮᠦᠵᠢᠯ︾ ᠬᠤᠯᠪᠤᠭᠠᠯᠠᠨ ᠪᠥᠬᠦ ᠴᠠᠷᠠᠭᠠᠨ ᠤ ᠵᠤᠭᠠᠴᠠᠯ ᠤᠨ ᠰᠢᠨ᠎ᠡ ᠬᠠᠭᠤᠳᠠᠰᠤ ᠶᠢ ᠳᠡᠯᠭᠡᠪᠡ
ᠨᠡᠶᠢᠲᠡᠯᠡᠭᠰᠡᠨ ᠴᠠᠭ᠄
2024/4/17
     4 ᠳ᠋ᠤᠭᠡᠷ ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠶᠢᠨ ᠲᠣᠭᠲᠠᠬᠤ ᠬᠤᠪᠢᠶᠠᠷᠢ ᠰᠤᠷᠭᠠᠭᠤᠯᠢ ᠶᠢᠨ ᠰᠠᠭᠤᠷᠢ ᠲᠠᠯᠪᠢᠬᠤ ᠶᠣᠰᠣᠯᠠᠯ ᠬᠥᠬᠡᠬᠤᠲᠠ ᠶᠢᠨ ᠲᠣᠭᠲᠠᠬᠤ ᠰᠢᠶᠠᠨ ᠤ ᠨᠠᠨ ᠬᠤ᠋ ᠵᠤᠭᠠᠴᠠᠯ ᠤᠨ ᠲᠣᠭᠤᠷᠢᠭ ᠲᠤ ᠶᠠᠪᠤᠭᠳᠠᠪᠠ᠃ ᠡᠨᠡ ᠪᠣᠯ ᠥᠪᠥᠷ ᠮᠣᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠶᠢᠨ ᠭᠤᠣᠯ ᠰᠤᠷᠭᠠᠭᠤᠯᠢ ᠶᠢᠨ ᠲᠣᠭᠤᠷᠢᠭ᠂ ᠤᠮᠠᠷᠠᠲᠤ ᠰᠤᠷᠭᠠᠭᠤᠯᠢ ᠶᠢᠨ ᠲᠣᠭᠤᠷᠢᠭ᠂ ᠲᠠᠪᠤᠨ ᠲᠤᠯᠤᠭᠠᠢ ᠰᠤᠷᠭᠠᠭᠤᠯᠢ ᠶᠢᠨ ᠲᠣᠭᠤᠷᠢᠭ ᠤᠨ ᠳᠠᠷᠠᠭ᠎ᠠ ᠡᠬᠢᠯᠡᠨ ᠪᠠᠶᠢᠭᠤᠯᠤᠭᠰᠠᠨ ᠪᠠᠰᠠ ᠨᠢᠭᠡᠨ ᠰᠢᠨ᠎ᠡ ᠰᠤᠷᠭᠠᠭᠤᠯᠢ ᠶᠢᠨ ᠲᠣᠭᠤᠷᠢᠭ ᠪᠣᠯᠣᠨ᠎ᠠ᠂ ᠲᠣᠭᠲᠠᠬᠤ ᠰᠢᠶᠠᠨ ᠤ ︽ᠰᠣᠶᠣᠯ ᠤᠨ ᠵᠤᠭᠠᠴᠠᠯ + ᠰᠤᠷᠭᠠᠨ ᠬᠥᠮᠦᠵᠢᠯ︾ ᠢ ᠬᠤᠯᠪᠤᠭᠠᠯᠠᠨ ᠪᠦᠬᠦ ᠴᠠᠷᠠᠭ᠎ᠠ ᠶᠢᠨ ᠵᠤᠭᠠᠴᠠᠯ ᠢ ᠬᠥᠭᠵᠢᠭᠦᠯᠬᠦ ᠰᠢᠨ᠎ᠡ ᠬᠠᠭᠤᠳᠠᠰᠤ ᠶᠢ ᠳᠡᠯᠭᠡᠵᠡᠢ᠃      ᠥᠪᠥᠷ ᠮᠣᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠤᠩ ᠳ᠋ᠧ ᠳᠡᠭᠡᠳᠦ ᠰᠤᠷᠭᠠᠭᠤᠯᠢ ᠪᠠᠷ ᠰᠠᠭᠤᠷᠢᠯᠠᠵᠤ᠂ ᠰᠤᠷᠭᠠᠨ ᠬᠥᠮᠦᠵᠢᠯ ᠤᠨ ᠶᠠᠮᠤᠨ ᠤ ᠵᠥᠪᠰᠢᠶᠡᠷᠡᠯ ᠢᠶᠠᠷ ᠪᠠᠶᠢᠭᠤᠯᠤᠭᠰᠠᠨ ᠪᠦᠬᠦᠯᠢ ᠡᠳᠦᠷ ᠤᠨ ᠳᠦᠷᠢᠮᠲᠦ ᠠᠷᠠᠳ   ᠠᠴᠠ ᠡᠷᠭᠢᠯᠡᠭᠰᠡᠨ ᠵᠢᠩᠬᠢᠨᠢ ᠠᠩᠭᠢ ᠶᠢᠨ ᠳᠡᠭᠡᠳᠦ ᠰᠤᠷᠭᠠᠭᠤᠯᠢ ᠪᠣᠯᠣᠨ᠎ᠠ᠂ ᠣᠲᠣ 6 ᠶᠡᠭᠡ ᠰᠢᠨᠵᠢᠯᠡᠭᠡᠨ ᠤ ᠲᠥᠷᠥᠯ ᠂ 30 ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠪᠠ 6 ᠲᠤᠰᠬᠠᠢ ᠮᠡᠷᠭᠡᠵᠢᠯ ᠤᠨ ᠲᠤᠰᠬᠠᠢ ᠮᠡᠷᠭᠡᠵᠢᠯ ᠲᠠᠢ᠂ ᠰᠤᠷᠭᠠᠭᠤᠯᠢ ᠳᠤ ᠪᠠᠶᠢᠭ᠎ᠠ ᠰᠣᠷᠣᠭᠴᠢ 1.8 ᠲᠦᠮᠡ ᠭᠠᠷᠤᠢ ᠪᠣᠶ᠃      ᠣᠶᠢᠷ᠎ᠠ ᠶᠢᠨ ᠵᠢᠯ ᠠᠴᠠ᠂ ᠲᠣᠭᠲᠠᠬᠤ ᠰᠢᠶᠠᠨ ᠤᠮᠠᠷᠠᠲᠤ ᠶᠢᠨ ᠰᠣᠶᠣᠯ ᠤᠨ ᠲᠦᠷᠦᠯ ᠲᠡᠮᠳᠡᠭ ᠤᠨ ᠲᠣᠭᠲᠠᠬᠤ ᠬᠠᠭᠤᠳᠠᠰᠤ ᠶᠢ ᠬᠦᠴᠦᠯᠡᠨ ᠡᠭᠦᠳᠴᠦ᠂ ᠭᠠᠵᠠᠷ ᠣᠷᠣᠨ ᠤ ᠣᠨᠴᠠᠯᠢᠭ ᠪᠣᠯᠣᠨ ᠰᠣᠶᠣᠯ ᠤᠨ ᠡᠬᠢ ᠰᠤᠷᠪᠤᠯᠵᠢ ᠲᠠᠢ ᠨᠢᠭᠲᠠ ᠤᠶᠠᠯᠳᠤᠭᠤᠯᠵᠤ᠂ ᠰᠣᠶᠣᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠬᠤᠩ ᠳ᠋ᠧ ᠰᠤᠶᠤᠯ ᠵᠤᠭᠠᠴᠠᠯ ᠤᠨ ᠲᠦᠷᠦᠯ ᠵᠦᠢᠯ ᠢ ᠢᠳᠡᠪᠬᠢᠲᠡᠢ ᠣᠷᠣᠭᠤᠯᠤᠨ ᠠᠪᠴᠢᠷᠠᠵᠠᠢ᠂ ᠭᠤᠣᠯ ᠠᠭᠤᠯᠭ᠎ᠠ ᠨᠢ 1 ᠳᠡᠭᠡᠳᠦ ᠰᠤᠷᠭᠠᠭᠤᠯᠢ ᠪᠣᠯᠣᠨ 3 ᠵᠤᠭᠠᠴᠠᠯ ᠤᠨ ᠬᠡᠰᠡᠭ ᠢᠶᠠᠷ ᠪᠦᠷᠢᠯᠳᠦᠵᠡᠢ᠃ ᠡᠭᠦᠨ ᠳᠤ ᠭᠤᠣᠯᠳᠠᠭᠤ᠄ ᠥᠪᠥᠷ ᠮᠣᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠶᠢᠨ ᠲᠣᠭᠲᠠᠬᠤ ᠬᠤᠪᠢᠶᠠᠷᠢ ᠰᠤᠷᠭᠠᠭᠤᠯᠢ᠂ ᠭᠦ᠋ ᠴᠧᠩ ᠵᠤᠭᠠᠴᠠᠯ ᠤᠨ ᠬᠠᠪᠲᠠᠭᠠᠢ ᠬᠡᠰᠡᠭ ᠤᠨ ᠬᠠᠲᠤᠨ ᠭᠤᠣᠯ ᠤᠨ ᠣᠨᠢᠰᠤ ᠲᠦᠯᠬᠢᠭᠦᠷ ᠤᠨ ᠪᠠᠬᠢᠯᠡᠯᠲᠡ ᠬᠤᠲᠠ᠂ ᠨᠤᠭᠤ ᠭᠠᠵᠠᠷ ᠤᠨ ᠵᠤᠭᠠᠴᠠᠯ ᠤᠨ ᠬᠠᠪᠲᠠᠭᠠᠢ ᠬᠡᠰᠡᠭ ᠤᠨ ᠳᠡᠯᠡᠬᠡᠢ ᠶᠢᠨ ᠠᠷᠠᠳ ᠤᠨ ᠰᠠᠭᠤᠴᠠ ︵ᠪᠥᠮᠪᠥᠷᠴᠡᠭ ᠲᠣᠰᠬᠤᠨ︶᠂ ᠬᠠᠲᠤᠨ ᠭᠤᠣᠯ ᠤᠨ ᠵᠤᠭᠠᠴᠠᠯ ᠤᠨ ᠬᠠᠪᠲᠠᠭᠠᠢ ᠬᠡᠰᠡᠭ ᠤᠨ ᠡᠷᠳᠡᠮᠲᠡᠨ ᠮᠡᠷᠭᠡᠳ ᠤᠨ ᠰᠤᠳᠤᠯᠭᠠᠨ ᠤ ᠰᠠᠭᠤᠷᠢᠨ ᠵᠡᠷᠭᠡ ᠳᠥᠷᠪᠡᠨ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠪᠠᠭᠲᠠᠵᠤ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 7.2 ᠳ᠋ᠦᠩᠰᠢᠭᠤᠷ ᠲᠥᠭᠦᠷᠢᠭ ᠪᠠᠶᠢᠵᠤ᠂ ᠨᠢᠭᠡ ᠬᠤᠶᠠᠷ ᠭᠤᠷᠪᠠᠨ ᠬᠤᠭᠤᠴᠠᠭ᠎ᠠ ᠬᠤᠪᠢᠶᠠᠨ ᠬᠡᠷᠡᠭᠵᠢᠭᠦᠯᠵᠦ ᠂ ᠶᠡᠷᠦᠩᠬᠡᠢ ᠡᠵᠡᠯᠡᠬᠦ ᠭᠠᠵᠠᠷ ᠨᠢ ᠪᠠᠷᠤᠭ 4055 ᠮᠦ ᠪᠠᠶᠢᠨ᠎ᠠ᠃      ᠲᠣᠰ ᠤᠳᠠᠭᠠᠨ ᠤ ᠰᠠᠭᠤᠷᠢ ᠲᠠᠯᠪᠢᠭᠰᠠᠨ ᠥᠪᠥᠷ ᠮᠣᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠶᠢᠨ ᠲᠣᠭᠲᠠᠬᠤ ᠬᠤᠪᠢᠶᠠᠷᠢ ᠰᠤᠷᠭᠠᠭᠤᠯᠢ ᠶᠢᠨ ᠡᠵᠡᠯᠡᠬᠦ ᠲᠠᠯᠠᠪᠠᠶ ᠨᠢ ᠪᠠᠷᠤᠭ 500 ᠮᠦ ᠪᠠᠶᠢᠵᠤ᠂ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 3 ᠳ᠋ᠦᠩᠰᠢᠭᠤᠷ ᠲᠥᠭᠦᠷᠢᠭ ᠲᠤ ᠬᠦᠷᠴᠡᠢ᠃ ᠡᠭᠦᠨ ᠳᠤ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ ᠲᠠᠯᠠᠪᠠᠶ ᠨᠢ 1.8 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠪᠠᠷᠤᠭ 1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠎ᠠ᠃ ᠲᠣᠭᠲᠠᠬᠤ ᠬᠤᠪᠢᠶᠠᠷᠢ ᠲᠤᠭᠤᠷᠢᠭ ᠨᠢ ᠳᠥᠷᠪᠡᠯᠵᠢᠨ ᠬᠡᠯᠪᠡᠷᠢ ᠪᠠᠷ ᠪᠢᠴᠢᠭ ᠤᠨ ᠬᠦᠷᠢᠶᠡᠯᠡᠩ ᠮᠠᠶ᠋ᠢᠭ ᠤᠨ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠬᠤ ᠶᠢᠨ ᠬᠠᠮᠲᠤ ᠡᠷᠬᠢᠨ ᠲᠣᠭᠤᠷᠢᠨ ᠤ ᠨᠠᠭᠤᠷ ᠴᠥᠭᠦᠷᠥᠮ᠂ ᠨᠤᠭᠤ ᠭᠠᠵᠠᠷ᠂ ᠡᠷᠲᠡᠨ ᠤ ᠪᠠᠷᠢᠯᠭ᠎ᠠ ᠵᠡᠷᠭᠡ ᠦᠵᠡᠮᠵᠢ ᠶᠢᠨ ᠣᠷᠣᠨ ᠲᠠᠢ ᠤᠶᠠᠯᠳᠤᠭᠤᠯᠵᠤ᠂ ︽ᠦᠵᠡᠮᠵᠢ ᠶᠢᠨ ᠣᠷᠣᠨ + ᠳᠡᠭᠡᠳᠦ ᠰᠤᠷᠭᠠᠭᠤᠯᠢ︾ ᠮᠠᠶ᠋ᠢᠭ ᠤᠨ ᠦᠵᠡᠰᠬᠦᠯᠡᠩᠲᠦ ᠰᠠᠶᠢᠬᠠᠨ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠤᠨ᠎ᠠ᠃ ᠨᠠᠨ ᠬᠤ᠋ ᠪᠢᠴᠢᠭ ᠤᠨ ᠬᠦᠷᠢᠶᠡᠯᠡᠩ᠂ ᠦᠵᠡᠮᠵᠢ ᠰᠣᠨᠢᠷᠬᠠᠬᠤ ᠶᠡᠭᠡ ᠵᠠᠮ᠂ ᠬᠤᠨ ᠭᠠᠯᠠᠭᠤ ᠨᠠᠭᠤᠷ ᠂ ᠨᠣᠮ ᠤᠨ ᠰᠠᠩ᠂ ᠪᠠᠶᠢᠷᠢ ᠶᠢᠨ ᠭᠡᠷ᠂ ᠬᠤᠭᠤᠯᠠᠨ ᠭᠡᠷ᠂ ᠪᠤᠯᠪᠠᠰᠤᠷᠠᠯ ᠤᠨ ᠲᠣᠮᠣ ᠠᠰᠠᠷ᠂ ᠪᠡᠶ᠎ᠡ ᠶᠢᠨ ᠲᠠᠮᠢᠷ ᠤᠨ ᠣᠷᠳᠣᠨ ᠵᠡᠷᠭᠡ ᠰᠤᠷᠤᠭᠴᠢᠳ ᠤᠨ ᠳᠠᠳᠤᠯᠭ᠎ᠠ ᠪᠤᠯᠪᠠᠰᠤᠷᠠᠯ ᠤᠨ ᠲᠣᠭᠤᠷᠢᠭ ᠵᠢᠴᠢ ᠬᠠᠮᠢᠶ᠎ᠠ ᠪᠦᠬᠦᠢ ᠢᠵᠢ ᠪᠦᠷᠢᠳᠦᠭᠦᠯᠬᠦ ᠪᠡᠯᠡᠳᠬᠡᠮᠵᠢ ᠵᠡᠷᠭᠡ ᠶᠢ ᠪᠦᠲᠦᠭᠡᠨ ᠪᠠᠶᠢᠭᠤᠯᠤᠨ᠎ᠠ᠃      ︽ᠣᠶᠢᠷ᠎ᠠ ᠶᠢᠨ ᠵᠢᠯ ᠠᠴᠠ ᠨᠠᠰᠢ᠂ ᠰᠤᠷᠭᠠᠭᠤᠯᠢ ᠡᠷᠭᠢᠯᠡᠬᠦ ᠬᠡᠪᠴᠢᠶ᠎ᠡ ᠲᠠᠰᠤᠷᠠᠯᠲᠠ ᠦᠭᠡᠢ ᠥᠷᠭᠡᠳᠬᠦ ᠶᠢᠨ ᠳᠠᠭᠠᠤ ᠳᠤ᠂ ᠥᠪᠥᠷ ᠮᠣᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠶᠢᠨ ᠨᠡᠶᠢᠭᠡᠮ ᠤᠨ ᠦᠢᠯᠡᠴᠢᠯᠡᠭᠡᠨ ᠤ ᠴᠢᠳᠠᠪᠤᠷᠢ ᠴᠤ ᠠᠯᠬᠤᠮ ᠠᠯᠬᠤᠮ ᠢᠶᠠᠷ ᠴᠢᠩᠭᠠᠷᠠᠵᠤ ᠪᠠᠶᠢᠨ᠎ᠠ᠂ ᠮᠠᠨ ᠤ ᠰᠤᠷᠭᠠᠭᠤᠯᠢ ᠥᠪᠡᠷ ᠤᠨ ᠳᠠᠪᠠᠭᠤᠯᠢᠭ ᠢᠶᠠᠨ ᠢᠳᠡᠪᠬᠢᠲᠡᠢ ᠪᠠᠷ ᠪᠠᠳᠠᠷᠠᠭᠤᠯᠵᠤ᠂ ᠣᠷᠣᠨ ᠨᠤᠲᠤᠭ ᠤᠨ ᠬᠥᠭᠵᠢᠯᠲᠡ ᠶᠢᠨ ᠬᠡᠷᠡᠭᠴᠡᠭᠡ ᠶᠢ ᠰᠠᠨᠠᠭᠠᠴᠢᠯᠠᠭ᠎ᠠ ᠠᠴᠠ ᠪᠠᠨ ᠠᠪᠴᠠᠯᠳᠤᠭᠤᠯᠤᠨ᠂ ᠰᠤᠷᠭᠠᠭᠤᠯᠢ ᠪᠣᠯᠣᠨ ᠣᠷᠣᠨ ᠨᠤᠲᠤᠭ ᠤᠨ ᠭᠦᠨᠵᠡᠭᠡᠢ ᠬᠠᠮᠲᠤᠷᠠᠯᠴᠠᠭ᠎ᠠ ᠶᠢ ᠭᠦᠨᠵᠡᠭᠡᠢ ᠠᠬᠢᠭᠤᠯᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠶᠠᠪᠤᠴᠠ ᠳᠤ ᠳᠡᠭᠡᠳᠦ ᠰᠤᠷᠭᠠᠭᠤᠯᠢ ᠶᠢᠨ ᠬᠠᠷᠢᠭᠤᠴᠠᠯᠭ᠎ᠠ ᠪᠣᠯᠣᠨ ᠡᠭᠦᠷᠭᠡᠯᠡᠯ ᠢ ᠬᠠᠷᠠᠭᠤᠯᠵᠠᠢ︾ ᠭᠡᠵᠤ ᠥᠪᠥᠷ ᠮᠣᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠱᠧᠩ ᠰᠢᠩ ᠶᠠᠷᠢᠪᠠ᠃      ︽ᠲᠤᠰ ᠲᠦᠷᠦᠯ ᠵᠦᠢᠯ ᠪᠣᠯ ᠰᠤᠷᠭᠠᠭᠤᠯᠢ ᠣᠷᠣᠨ ᠨᠤᠲᠤᠭ ᠬᠤᠶᠠᠷ ᠲᠠᠯ᠎ᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠬᠤ ᠪᠣᠳᠠᠲᠠᠢ ᠠᠵᠢᠯᠯᠠᠭ᠎ᠠ ᠪᠣᠯᠣᠨ᠎ᠠ᠃ ᠮᠥᠨ ᠴᠦ ︿ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠪᠠᠷ ᠠᠵᠤ ᠠᠬᠤᠢ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠳᠤ ᠴᠢᠳᠠᠪᠤᠷᠢ ᠣᠯᠭᠤᠬᠤ﹀ ᠪᠣᠳᠠᠲᠠᠢ ᠦᠢᠯᠡᠳᠦᠯᠭᠡ ᠶᠢ ᠴᠢᠷᠮᠠᠶᠢᠨ ᠦᠢᠯᠡᠳᠦᠯᠭᠡᠵᠢᠭᠦᠯᠦᠭᠰᠡᠨ ᠪᠣᠯᠬᠤᠷ ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠦᠢᠯᠡᠰ ᠤᠨ ᠨᠠᠩ ᠰᠠᠶᠢᠨ ᠬᠥᠭᠵᠢᠯᠲᠡ ᠶᠢ ᠬᠦᠴᠦᠲᠡᠢ ᠲᠦᠯᠬᠢᠨ ᠠᠬᠢᠭᠤᠯᠵᠤ᠂ ᠲᠣᠭᠲᠠᠬᠤ ᠰᠣᠶᠣᠯ  ᠵᠤᠭᠠᠴᠠᠯ ᠤᠨ ᠠᠵᠤ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠬᠤ ᠨᠢ ᠯᠠᠪᠲᠠᠢ ᠶᠤᠮ︾ ᠭᠡᠵᠦ ᠲᠣᠭᠲᠠᠬᠤ ᠰᠢᠶᠠᠨ ᠤ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠭᠤᠸ ᠵᠧᠩ ᠬᠡᠯᠡᠵᠡᠢ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1