ᠪᠥᠬᠦ ᠣᠷᠣᠨ ᠤ ᠲᠤᠯᠠᠭᠠᠯᠭ᠎ᠠ ᠶᠢᠨ ᠢᠨᠵᠧᠨᠧᠷᠢᠩ ᠤᠨ ᠠᠵᠢᠯ ᠤᠨ ᠲᠤᠬᠠᠢ ᠶᠢᠨ ᠲᠠᠯᠠᠪᠠᠶ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠦᠳᠡᠭᠡ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2024/4/17
                  ᠦᠪᠦᠷ ᠪᠠᠷᠢᠯᠭ᠎ᠠ ᠴᠢᠨᠠᠷ  ﹇2024﹈ 79 ᠳ᠋ᠤᠭᠡᠷ ᠲᠣᠭᠠᠲᠤ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ᠄      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠤᠳᠠᠭᠠᠨ ᠤ ᠪᠦᠬᠦ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠲᠤᠯᠠᠭᠠᠯᠭ᠎ᠠ ᠶᠢᠨ ᠢᠨᠵᠧᠨᠧᠷᠢᠩ ᠤᠨ ᠠᠵᠢᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠬᠤᠲᠠ ᠪᠠᠯᠭᠠᠰᠤ ᠶᠢᠨ ᠲᠤᠯᠠᠭᠠᠯᠭ᠎ᠠ ᠶᠢᠨ ᠢᠨᠵᠧᠨᠧᠷᠢᠩ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠶ ᠶᠢᠨ ᠶᠠᠰᠤ ᠴᠢᠨᠠᠷ ᠤᠨ ᠠᠮᠤᠷ ᠲᠦᠪᠰᠢᠨ ᠤ ᠲᠠᠯ᠎ᠠ ᠪᠠᠷ ᠬᠢ ᠲᠣᠪᠣᠶᠢᠮ᠎ᠠ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠪᠠᠷᠢᠯᠭ᠎ᠠ ᠶᠢᠨ ᠲᠤᠬᠠᠢ ᠶᠢᠨ ᠲᠠᠯᠠᠪᠠᠶ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠳᠤᠯᠠᠬᠤ ᠶᠢᠨ ᠲᠦᠯᠦᠭᠡ᠂ ᠡᠳᠦᠭᠡ ᠬᠠᠮᠢᠶ᠎ᠠ ᠪᠦᠬᠦᠢ ᠤᠴᠢᠷ ᠢ ᠲᠤᠤᠷᠠᠬᠢ ᠮᠡᠳᠦ ᠮᠡᠳᠡᠭᠳᠡᠶ᠎ᠡ      ᠨᠢᠭᠡ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠯᠠᠭᠠᠯᠭ᠎ᠠ ᠶᠢᠨ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ      ᠲᠤᠯᠠᠭᠠᠯᠭ᠎ᠠ ᠶᠢᠨ ᠢᠨᠵᠧᠨᠧᠷᠢᠩ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠪᠠᠶᠢᠷᠢᠯᠠᠭᠤᠯᠤᠯᠲᠠ ᠪᠣᠯᠣᠨ᠎ᠠ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠭᠠᠷᠳᠠᠴᠠ ᠮᠥᠨ᠂ ᠡᠭᠦᠨ ᠤ ᠳᠡᠭᠡᠷ᠎ᠡ ᠮᠠᠨ ᠤ ᠣᠷᠣᠨ ᠤ ᠳᠤᠯᠠᠭᠠᠯᠭ᠎ᠠ ᠶᠢᠨ ᠬᠤᠭᠤᠴᠠᠭ᠎ᠠ ᠳᠠᠭᠤᠰᠬᠤ ᠭᠡᠵᠦ ᠪᠠᠶᠢᠨ᠎ᠠ᠂ ᠲᠤᠯᠠᠭᠠᠯᠭ᠎ᠠ ᠶᠢᠨ ᠢᠨᠵᠧᠨᠧᠷᠢᠩ ᠤᠨ ᠲᠥᠷᠥᠯ ᠵᠦᠢᠯ ᠢ ᠲᠥᠪᠯᠡᠷᠡᠭᠦᠯᠦᠨ ᠡᠬᠢᠯᠡᠵᠦ ᠠᠵᠢᠯ ᠰᠡᠷᠭᠦᠭᠡᠬᠦ ᠬᠤᠭᠤᠴᠠᠭᠠᠨ ᠳᠤ ᠤᠷᠤᠵᠤ᠂ ᠡᠯ᠎ᠡ ᠲᠥᠷᠥᠯ ᠤᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠠᠶᠤᠯ ᠲᠦᠭᠰᠢᠭᠦᠷᠢ ᠳᠤ ᠴᠢᠭᠯᠡᠭᠦᠯᠦᠨ᠂ ᠡᠯ᠎ᠡ ᠠᠶᠢᠮᠠᠭ ᠬᠤᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠦᠳᠲᠡᠷ ᠲᠦᠷᠭᠡᠨ ᠬᠥᠳᠡᠯᠦᠯᠴᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ ᠡᠨᠡ ᠬᠦ ᠭᠤᠣᠯ ᠰᠢᠵᠢᠮ ᠢ ᠪᠠᠲᠤ ᠡᠵᠡᠮᠰᠢᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠲᠤᠯᠠᠭᠠᠯᠭ᠎ᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ︾ ᠢ ᠴᠢᠩᠭ᠎ᠠ ᠬᠡᠷᠡᠭᠵᠢᠭᠦᠯᠵᠦ᠂ ᠲᠤᠯᠠᠭᠠᠯᠭ᠎ᠠ ᠶᠢᠨ ᠢᠨᠵᠧᠨᠧᠷᠢᠩ ᠤᠨ ᠪᠠᠷᠢᠯᠭ᠎ᠠ ᠶᠢᠨ ᠠᠵᠢᠯ ᠤᠨ ᠲᠤᠬᠠᠢ ᠶᠢᠨ ᠭᠠᠵᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠬᠠᠷᠠᠯᠳᠠ ᠪᠠᠨ ᠲᠤᠳᠤᠷᠬᠠᠶᠢᠯᠠᠵᠦ᠂ ᠨᠢᠭᠡᠳᠦᠯᠲᠡᠢ ᠲᠥᠯᠥᠪᠯᠡᠨ ᠰᠦᠪᠡᠭᠴᠢᠯᠡᠵᠦ᠂ ᠨᠠᠷᠢᠨ ᠨᠢᠮᠪᠠᠢ ᠪᠠᠶᠢᠷᠢᠯᠠᠭᠤᠯᠤᠨ᠂ ᠥᠨᠳᠥᠷ ᠦᠷ᠎ᠡ ᠪᠦᠲᠦᠮᠵᠢᠲᠡᠶ ᠪᠠᠷ ᠠᠬᠢᠭᠤᠯᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠳᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠶᠢᠵᠠᠮ ᠢᠶᠠᠨ ᠲᠦᠷᠭᠡᠳᠬᠡᠨ᠂ ᠡᠷᠴᠢᠮ ᠢᠶᠠᠨ ᠴᠢᠩᠭᠠᠷᠠᠭᠤᠯᠵᠤ᠂ ᠬᠠᠷᠢᠭᠤᠴᠠᠯᠭᠠᠲᠤ ᠰᠡᠳᠬᠢᠯᠭᠡ ᠪᠠ ᠰᠠᠨᠠᠭᠠᠴᠢᠯᠠᠭᠠᠲᠤ ᠴᠢᠨᠠᠷ ᠢᠶᠠᠨ ᠴᠢᠩᠭᠠᠷᠠᠭᠤᠯᠤᠨ᠂ ︽ᠢᠯᠴᠢ ᠬᠠᠩᠭᠠᠯᠭ᠎ᠠ ᠶᠢᠨ ᠵᠤᠭᠰᠤᠬᠤ ᠡᠳᠦᠷ ᠪᠣᠯ ᠳᠠᠷᠤᠢ ᠲᠤᠯᠠᠭᠠᠯᠭ᠎ᠠ ᠶᠢᠨ ᠢᠨᠵᠧᠨᠧᠷᠢᠩ ᠤᠨ ᠠᠵᠢᠯ ᠡᠬᠢᠯᠡᠬᠦ ᠴᠠᠭ ᠮᠥᠨ︾ ᠭᠡᠳᠡᠭ ᠢ ᠦᠨᠡᠨᠬᠦ ᠪᠡᠶᠡᠯᠡᠭᠦᠯᠵᠦ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃      ᠬᠤᠶᠠᠷ᠂ ᠡᠯ᠎ᠡ ᠲᠠᠯ᠎ᠠ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠲᠤᠯᠠᠭᠠᠯᠭ᠎ᠠ ᠶᠢᠨ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠪᠥᠬᠦ ᠨᠠᠶᠢᠳᠠᠪᠦᠷᠢᠵᠢᠭᠤᠯᠤᠨ᠎ᠠ᠃      ᠡᠯ᠎ᠡ ᠠᠶᠢᠮᠠᠭ ᠬᠤᠲᠠ ᠨᠤᠭᠤᠳ ᠲᠤᠯᠠᠭᠠᠯᠭ᠎ᠠ ᠶᠢᠨ ᠢᠨᠵᠧᠨᠧᠷᠢᠩ ᠤᠨ ᠠᠵᠢᠯ ᠤᠨ ᠲᠤᠬᠠᠢ ᠶᠢᠨ ᠲᠠᠯᠠᠪᠠᠶ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠪᠦᠲᠦᠭᠡᠨ ᠪᠠᠶᠢᠭᠤᠯᠬᠤ᠂ ᠬᠠᠶᠢᠨ ᠪᠠᠶᠢᠴᠠᠭᠠᠬᠤ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠤᠯᠳᠠ ᠵᠡᠷᠭᠡ ᠲᠠᠪᠤᠨ ᠲᠠᠯ᠎ᠠ ᠶᠢᠨ ᠬᠠᠷᠢᠭᠤᠴᠠᠯᠭ᠎ᠠ ᠶᠢᠨ ᠭᠤᠣᠯ ᠴᠣᠭᠴᠠ ᠶᠢ ᠰᠢᠮᠳᠠᠭᠤᠯᠵᠤ ᠪᠠᠶᠢᠭᠠᠳ ᠶᠠᠰᠤ ᠴᠢᠨᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠵᠤ᠂ ᠪᠠᠷᠢᠯᠭ᠎ᠠ ᠶᠢᠨ ᠲᠤᠬᠠᠢ ᠶᠢᠨ ᠲᠠᠯᠠᠪᠠᠶ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠎ᠠ᠃      ︵ᠨᠢᠭᠡ︶ ᠪᠦᠲᠦᠭᠡᠨ ᠪᠠᠶᠢᠭᠤᠯᠬᠤ ᠨᠢᠭᠡᠴᠢ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠪᠦᠲᠦᠭᠡᠨ ᠪᠠᠶᠢᠭᠤᠯᠬᠤ ᠨᠢᠭᠡᠴᠢ ᠶᠢ ᠰᠢᠮᠳᠠᠭᠤᠯᠵᠤ ᠪᠠᠶᠢᠭᠠᠳ ᠶᠠᠰᠤ ᠴᠢᠨᠠᠷ ᠤᠨ ᠠᠮᠤᠷ ᠲᠦᠪᠰᠢᠨ ᠤ ᠲᠡᠷᠢᠭᠦᠨ ᠴᠢᠬᠤᠯᠠ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠠᠰ ᠳᠠᠷᠠᠭᠠᠯᠠᠯ ᠢ ᠴᠢᠩᠭ᠎ᠠ ᠵᠢᠷᠤᠮᠯᠠᠨ᠂ ᠲᠤᠯᠠᠭᠠᠯᠭ᠎ᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠥᠬᠦ ᠶᠠᠪᠤᠴᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠵᠦᠢ ᠵᠣᠬᠢᠰᠲᠠᠢ ᠪᠠᠷᠢᠯᠭ᠎ᠠ ᠶᠢᠨ ᠬᠤᠭᠤᠴᠠᠭ᠎ᠠ ᠪᠠ ᠪᠠᠶᠢᠭᠤᠯᠬᠤ ᠦᠨ᠎ᠡ ᠶᠢ ᠪᠠᠲᠤᠯᠠᠵᠤ᠂ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶ᠎ᠠ ᠶᠢ ᠪᠠᠭᠤᠷᠠᠭᠤᠯᠵᠤ ᠪᠣᠯᠬᠤ ᠦᠭᠡᠢ᠂ ᠭᠡᠷ᠎ᠡ ᠳᠤ ᠪᠣᠯᠵᠣᠨ ᠲᠣᠭᠲᠠᠭᠰᠠᠨ ᠪᠠᠷᠢᠯᠭ᠎ᠠ ᠶᠢᠨ ᠬᠤᠭᠤᠴᠠᠭ᠎ᠠ ᠶᠢ ᠳᠤᠷ᠎ᠠ ᠪᠠᠷ ᠢᠶᠠᠨ ᠪᠠᠭᠠᠰᠬᠠᠵᠤ ᠪᠣᠯᠬᠤ ᠦᠭᠡᠢ᠂ ᠬᠠᠤᠯᠢ ᠲᠣᠭᠲᠠᠭᠠᠯ ᠢ ᠵᠥᠷᠢᠴᠡᠨ ᠪᠠᠷᠢᠯᠭ᠎ᠠ ᠶᠢ ᠳᠠᠭᠠᠭᠠᠴᠢᠯᠠᠭᠤᠯᠵᠤ ᠪᠣᠯᠬᠤ ᠦᠭᠡᠢ᠃      ︵ᠬᠤᠶᠠᠷ︶ ᠬᠠᠶᠢᠨ ᠪᠠᠶᠢᠴᠠᠭᠠᠯᠳᠠ ᠶᠢᠨ ᠨᠢᠭᠡᠴᠢ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠬᠠᠶᠢᠨ ᠪᠠᠶᠢᠴᠠᠭᠠᠯᠳᠠ ᠶᠢᠨ ᠨᠢᠭᠡᠴᠢ ᠶᠢ ᠰᠢᠮᠳᠠᠭᠤᠯᠵᠤ ᠪᠠᠶᠢᠭᠠᠳ ᠬᠠᠶᠢᠨ ᠪᠠᠶᠢᠴᠠᠭᠠᠬᠤ ᠲᠤᠬᠠᠢ ᠶᠢᠨ ᠲᠠᠯᠠᠪᠠᠶ ᠶᠢᠨ ᠠᠵᠢᠯ ᠤᠨ ᠶᠠᠰᠤ ᠴᠢᠨᠠᠷ ᠤᠨ ᠠᠮᠤᠷ ᠲᠦᠪᠰᠢᠨ ᠢ ᠴᠢᠩᠭᠠᠳᠬᠠᠵᠤ᠂ ᠠᠵᠢᠯᠯᠠᠭᠰᠠᠳ ᠲᠤ ᠠᠵᠢᠯᠯᠠᠬᠤ ᠳᠦᠷᠢᠮ ᠢ ᠴᠢᠩᠭ᠎ᠠ ᠬᠡᠷᠡᠭᠵᠢᠭᠦᠯᠬᠦ ᠶᠢᠨ ᠬᠠᠮᠲᠤ᠂ ᠪᠦᠲᠦᠭᠡᠨ ᠪᠠᠶᠢᠭᠤᠯᠬᠤ ᠨᠢᠭᠡᠴᠢ ᠶᠢᠨ ᠬᠠᠩᠭᠠᠭᠰᠠᠨ ᠮᠠᠲ᠋ᠧᠷᠢᠶᠠᠯ ᠪᠠ ᠲᠠᠯᠠᠪᠤᠷ ᠤᠨ ᠪᠠᠶᠢᠳᠠᠯ ᠢ ᠦᠨᠳᠦᠰᠦᠯᠡᠨ᠂ ᠠᠷᠭ᠎ᠠ ᠬᠡᠮᠵᠢᠶ᠎ᠡ ᠠᠪᠴᠤ ᠪᠠᠶᠢᠭᠠᠳ ᠡᠯ᠎ᠡ ᠲᠥᠷᠥᠯ ᠤᠨ ᠬᠥᠮᠥᠰ᠂ ᠲᠠᠯᠠᠪᠤᠷ ᠤᠨ ᠳᠣᠲᠣᠷᠠᠬᠢ ᠪᠠ ᠡᠷᠬᠢᠨ ᠲᠣᠭᠤᠷᠢᠨ ᠤ ᠪᠠᠷᠢᠯᠭ᠎ᠠ᠂ ᠪᠠᠷᠢᠯᠭ᠎ᠠ ᠶᠢᠨ ᠵᠦᠢᠯ ᠵᠢᠴᠢ ᠡᠯ᠎ᠡ ᠲᠥᠷᠥᠯ ᠤᠨ ᠬᠤᠭᠤᠯᠠᠢ ᠤᠲᠠᠰᠤᠨ ᠤ ᠪᠡᠯᠡᠳᠬᠡᠮᠵᠢ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠬᠠᠮᠢᠶ᠎ᠠ ᠪᠦᠬᠦᠢ ᠬᠠᠶᠢᠨ ᠪᠠᠶᠢᠴᠠᠭᠠᠬᠤ ᠠᠵᠢᠯᠲᠠᠨ ᠢ ᠵᠣᠬᠢᠶᠠᠨ ᠪᠠᠶᠢᠭᠤᠯᠤᠨ ᠪᠠᠷᠢᠯᠭ᠎ᠠ ᠶᠢᠨ ᠵᠢᠷᠤᠭ ᠲᠥᠯᠥᠪᠯᠡᠭᠡ ᠪᠠ ᠪᠠᠷᠢᠯᠭ᠎ᠠ ᠶᠢᠨ ᠠᠵᠢᠯ ᠤᠨ ᠳᠤᠮᠳᠠᠬᠢ ᠬᠠᠶᠢᠨ ᠪᠠᠶᠢᠴᠠᠭᠠᠬᠤ ᠠᠵᠢᠯ ᠯᠤᠭ᠎ᠠ ᠬᠤᠯᠪᠣᠭᠳᠠᠬᠤ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃      ︵ᠭᠤᠷᠪᠠ︶ ᠵᠢᠷᠤᠭᠯᠠᠨ ᠲᠥᠯᠥᠪᠯᠡᠬᠦ ᠨᠢᠭᠡᠴᠢ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠵᠢᠷᠤᠭᠯᠠᠨ ᠲᠥᠯᠥᠪᠯᠡᠭᠡ ᠶᠢᠨ ᠨᠢᠭᠡᠴᠢ ᠶᠢ ᠰᠢᠮᠳᠠᠭᠤᠯᠵᠤ ᠪᠠᠶᠢᠭᠠᠳ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠳᠠᠭᠠᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠳᠤ ᠬᠤᠯᠪᠣᠭᠳᠠᠬᠤ ᠭᠤᠣᠯᠳᠠᠯᠭ᠎ᠠ ᠲᠠᠢ ᠣᠷᠣᠨ ᠪᠠᠶᠢᠷᠢ ᠪᠠ ᠭᠤᠭᠴᠤᠭ᠎ᠠ ᠶᠢ ᠲᠣᠳᠣᠷᠬᠠᠶᠢᠯᠠᠬᠤ ᠶᠢᠨ ᠬᠠᠮᠲᠤ᠂ ᠵᠢᠷᠤᠭ ᠲᠥᠯᠥᠪᠯᠡᠭᠡ ᠶᠢᠨ ᠬᠠᠷᠢᠭᠤ ᠰᠣᠷᠪᠤᠯᠵᠢᠯᠠᠭ᠎ᠠ ᠥᠷᠨᠢᠭᠦᠯᠵᠦ ᠂ ᠪᠠᠷᠢᠯᠭ᠎ᠠ ᠶᠢᠨ ᠲᠤᠬᠠᠢ ᠶᠢᠨ ᠭᠠᠵᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠠᠰᠠᠭᠤᠳᠠᠯ ᠤᠨ ᠳᠠᠯᠳᠠ ᠬᠡᠮ ᠢ ᠲᠤᠬᠠᠢ ᠶᠢᠨ ᠭᠠᠵᠠᠷ ᠲᠤᠨᠢ ᠣᠶᠢᠯᠠᠭᠠᠨ᠂ ᠲᠤᠰᠬᠠᠢ ᠮᠡᠷᠭᠡᠵᠢᠯ ᠤᠨ ᠲᠠᠯ᠎ᠠ ᠠᠴᠠ ᠴᠡᠭᠴᠡᠯᠡᠨ ᠰᠠᠶᠢᠵᠢᠷᠠᠭᠤᠯᠬᠤ ᠰᠠᠨᠠᠯ ᠢᠶᠠᠨ ᠳᠤᠷᠠᠳᠬᠤ ᠬᠡᠷᠡᠭᠲᠡᠢ᠃ ᠰᠢᠨ᠎ᠡ ᠪᠦᠲᠦᠴᠡ᠂ ᠰᠢᠨ᠎ᠡ ᠮᠠᠲ᠋ᠧᠷᠢᠶᠠᠯ᠂ ᠰᠢᠨ᠎ᠡ ᠤᠷ᠎ᠠ ᠮᠡᠷᠭᠡᠰᠢᠯ ᠪᠠ ᠣᠨᠴᠠᠭᠠᠶ ᠪᠦᠲᠦᠴᠡ ᠶᠢ ᠬᠡᠷᠡᠭᠯᠡᠭᠰᠡᠨ ᠪᠠᠶᠢᠪᠠᠯ᠂ ᠪᠠᠷᠢᠯᠭ᠎ᠠ ᠶᠢᠨ ᠠᠵᠢᠯ ᠬᠢᠵᠦ ᠪᠠᠶᠢᠭ᠎ᠠ ᠬᠥᠮᠥᠰ ᠤᠨ ᠠᠶᠤᠯᠭᠦᠢ ᠪᠠᠶᠢᠬᠤ ᠶᠢ ᠪᠠᠲᠤᠯᠠᠬᠤ ᠪᠠ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢᠨ ᠲᠤᠬᠠᠢ ᠰᠠᠨᠠᠭᠤᠯᠭ᠎ᠠ ᠳᠤᠷᠠᠳᠤᠨ᠎ᠠ᠃      ︵ᠳᠥᠷᠪᠡ︶ ᠪᠠᠷᠢᠯᠭ᠎ᠠ ᠪᠠᠷᠢᠬᠤ ᠨᠢᠭᠡᠴᠢ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠪᠠᠷᠢᠯᠭ᠎ᠠ ᠪᠠᠷᠢᠬᠤ ᠨᠢᠭᠡᠴᠢ ᠶᠢᠨ ᠶᠠᠰᠤ ᠴᠢᠨᠠᠷ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠲᠥᠷᠥᠯ ᠵᠦᠢᠯ ᠤᠨ ᠬᠠᠷᠢᠭᠤᠴᠠᠯᠭᠠᠲᠠᠨ᠂ ᠮᠡᠷᠭᠡᠵᠢᠯ ᠤᠨ ᠬᠠᠷᠢᠭᠤᠴᠠᠯᠭᠠᠲᠠᠨ᠂ ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠬᠠᠢ ᠲᠤᠰᠢᠶᠠᠯᠲᠤ ᠠᠵᠢᠯᠲᠠᠨ ᠵᠡᠷᠭᠡ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠠᠵᠢᠯᠲᠠᠨ ᠤ ᠠᠵᠢᠯ ᠤᠨ ᠪᠠᠶᠢᠷᠢ ᠳᠠᠭᠠᠨ ᠡᠭᠦᠷᠭᠡ ᠲᠤᠰᠢᠶᠠᠯ ᠭᠦᠢᠴᠡᠳᠭᠡᠬᠦ ᠶᠢ ᠪᠠᠳᠤᠯᠠᠨ᠎ᠠ᠃ ᠪᠠᠷᠢᠯᠭ᠎ᠠ ᠶᠢᠨ ᠠᠵᠢᠯ ᠤᠨ ᠲᠥᠰᠥᠯ ᠢ ᠰᠢᠨᠵᠢᠯᠡᠬᠦ ᠤᠬᠠᠭᠠᠨᠴᠢ ᠪᠠᠷ ᠨᠠᠷᠢᠨ ᠲᠣᠳᠣᠷᠬᠠᠢ ᠲᠣᠭᠲᠠᠭᠠᠵᠤ᠂ ᠪᠠᠷᠢᠯᠭ᠎ᠠ ᠶᠢᠨ ᠠᠵᠢᠯ ᠤᠨ ᠵᠣᠬᠢᠶᠠᠨ ᠪᠠᠶᠢᠭᠤᠯᠤᠯᠲᠠ᠂ ᠮᠡᠷᠭᠡᠵᠢᠯ ᠤᠨ ᠠᠷᠭ᠎ᠠ ᠬᠡᠮᠵᠢᠶ᠎ᠡ᠂ ᠬᠥᠮᠦᠵᠢᠯ ᠪᠤᠯᠪᠠᠰᠤᠷᠠᠯ ᠵᠡᠷᠭᠡ ᠠᠭᠤᠯᠭ᠎ᠠ ᠶᠢ ᠲᠣᠳᠣᠷᠬᠠᠶᠢᠯᠠᠨ᠂ ᠪᠠᠷᠢᠯᠭ᠎ᠠ ᠶᠢᠨ ᠠᠵᠢᠯ ᠤᠨ ᠲᠤᠬᠠᠢ ᠶᠢᠨ ᠲᠠᠯᠠᠪᠠᠶ᠂ ᠡᠷᠬᠢᠨ ᠲᠣᠭᠤᠷᠢᠨ ᠤ ᠣᠷᠴᠢᠨ ᠲᠣᠭᠤᠷᠢᠨ᠂ ᠴᠠᠭ ᠠᠭᠤᠷ ᠤᠨ ᠪᠠᠶᠢᠳᠠᠯ ᠵᠡᠷᠭᠡ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠪᠥᠬᠦ ᠲᠠᠯ᠎ᠠ ᠪᠠᠷ ᠢᠯᠭᠠᠨ ᠦᠨᠡᠯᠡᠵᠦ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ︔ ᠠᠵᠢᠯᠴᠢᠳ ᠤᠨ ᠭᠤᠷᠪᠠᠨ ᠱᠠᠲᠤᠨ ᠤ ᠠᠮᠤᠷ ᠲᠦᠪᠰᠢᠨ ᠤ ᠬᠥᠮᠦᠵᠢᠯ᠂ ᠪᠤᠯᠪᠠᠰᠤᠷᠠᠯ᠂ ᠠᠮᠤᠷ ᠲᠦᠪᠰᠢᠨ ᠤ ᠮᠡᠷᠭᠡᠵᠢᠯ ᠤᠨ ᠦᠨᠳᠦᠰᠦᠨ ᠵᠦᠢᠯ ᠢ ᠲᠤᠰᠢᠶᠠᠬᠤ ᠵᠡᠷᠭᠡ ᠠᠵᠢᠯ ᠢ ᠰᠠᠶᠢᠲᠤᠷ ᠬᠢᠵᠦ᠂ ᠣᠨᠴᠠ ᠲᠥᠷᠥᠯ ᠤᠨ ᠠᠵᠢᠯᠯᠠᠭᠰᠠᠳ ᠤᠨ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠃      ︵ᠲᠠᠪᠤ︶ ᠬᠢᠨᠠᠨ ᠬᠠᠮᠢᠶᠠᠷᠤᠯᠳᠠ ᠶᠢᠨ ᠨᠢᠭᠡᠴᠢ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠬᠢᠨᠠᠨ ᠬᠠᠮᠢᠶᠠᠷᠤᠯᠳᠠ ᠶᠢᠨ ᠨᠢᠭᠡᠴᠢ ᠶᠢ ᠰᠢᠮᠳᠠᠭᠤᠯᠵᠤ ᠪᠠᠶᠢᠭᠠᠳ ᠪᠠᠷᠢᠯᠭ᠎ᠠ ᠶᠢᠨ ᠲᠤᠬᠠᠢ ᠶᠢᠨ ᠲᠠᠯᠠᠪᠠᠶ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠶᠡᠷᠦᠩᠬᠡᠢ ᠬᠢᠨᠠᠨ ᠬᠠᠮᠢᠶᠠᠷᠬᠤ ᠢᠨᠵᠧᠨᠧᠷ᠂ ᠲᠤᠰᠬᠠᠢ ᠬᠢᠨᠠᠨ ᠬᠠᠮᠢᠶᠠᠷᠬᠤ ᠢᠨᠵᠧᠨᠧᠷ ᠤᠨ ᠠᠵᠢᠯ ᠤᠨ ᠪᠠᠶᠢᠷᠢ ᠳᠠᠭᠠᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠲᠤᠯᠠᠭᠠᠯᠭ᠎ᠠ ᠶᠢᠨ ᠢᠨᠵᠧᠨᠧᠷᠢᠩ ᠤᠨ ᠪᠣᠳᠠᠲᠠᠢ ᠲᠠᠢ ᠤᠶᠠᠯᠳᠤᠭᠤᠯᠤᠨ᠂ ᠴᠢᠭᠯᠡᠭᠦᠯᠬᠦ ᠴᠢᠨᠠᠷᠲᠠᠢ ᠬᠢᠨᠠᠨ ᠬᠠᠮᠢᠶᠠᠷᠬᠤ ᠲᠥᠯᠦᠪᠵᠢᠭᠦᠯᠭᠡ᠂ ᠬᠢᠨᠠᠨ ᠬᠠᠮᠢᠶᠠᠷᠤᠯᠳᠠ ᠶᠢᠨ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠵᠤ᠂ ᠵᠡᠷᠭᠡᠪᠡᠷ ᠰᠢᠯᠭᠠᠨ ᠪᠠᠶᠢᠴᠠᠭᠠᠬᠤ᠂ ᠬᠠᠵᠠᠭᠤ ᠠᠴᠠ ᠵᠣᠭᠰᠣᠬᠤ᠂ ᠲᠣᠭᠤᠷᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢ ᠠᠪᠴᠤ᠂ ᠪᠠᠷᠢᠯᠭ᠎ᠠ ᠶᠢᠨ ᠲᠤᠬᠠᠢ ᠶᠢᠨ ᠭᠠᠵᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠬᠠᠮᠢᠶᠠᠷᠬᠤ ᠠᠵᠢᠯ ᠢ ᠴᠢᠩᠭᠠᠳᠬᠠᠬᠤ ᠬᠡᠷᠡᠭᠲᠡᠢ᠃ ᠶᠠᠰᠤ ᠴᠢᠨᠠᠷ ᠤᠨ ᠠᠮᠤᠷ ᠲᠦᠪᠰᠢᠨ ᠤ ᠠᠰᠠᠭᠤᠳᠠᠯ ᠤᠨ ᠳᠠᠯᠳᠠ ᠬᠡᠮ ᠢ ᠣᠯᠵᠤ ᠮᠡᠳᠡᠪᠡᠯ᠂ ᠪᠠᠷᠢᠯᠭ᠎ᠠ ᠪᠠᠷᠢᠬᠤ ᠨᠢᠭᠡᠴᠢ ᠶᠢ ᠰᠢᠮᠳᠠᠭᠤᠯᠵᠤ ᠪᠠᠶᠢᠭᠠᠳ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠨ ᠰᠠᠶᠢᠵᠢᠷᠠᠭᠤᠯᠵᠤ᠂ ᠪᠢᠲᠡᠭᠦᠦ ᠴᠠᠭᠠᠷᠢᠭ ᠢᠶᠠᠷ ᠴᠡᠭᠴᠡᠯᠡᠨ ᠰᠠᠶᠢᠵᠢᠷᠠᠭᠤᠯᠬᠤ ᠬᠡᠷᠡᠭᠳᠡᠢ᠂ ᠴᠡᠭᠴᠡᠯᠡᠨ ᠰᠠᠶᠢᠵᠢᠷᠠᠭᠤᠯᠬᠤ ᠦᠭᠡᠢ ᠪᠤᠶᠤ ᠪᠠᠷᠢᠯᠭ᠎ᠠ ᠪᠠᠷᠢᠬᠤ ᠪᠠᠨ ᠵᠣᠭᠰᠤᠭᠠᠬᠤ ᠦᠭᠡᠢ ᠪᠠᠶᠢᠪᠠᠯ᠂ ᠬᠠᠷᠢᠶ᠎ᠠ ᠭᠠᠵᠠᠷ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃      ᠭᠤᠷᠪᠠ᠂ ᠬᠠᠮᠢᠶᠠᠷᠤᠨ ᠡᠵᠡᠮᠳᠡᠬᠦ ᠭᠤᠣᠯᠳᠠᠯᠭ᠎ᠠ ᠪᠠᠨ ᠳᠣᠪᠤᠶᠢᠯᠭᠠᠵᠤ᠂ ᠲᠤᠯᠠᠭᠠᠯᠭ᠎ᠠ ᠶᠢᠨ ᠢᠨᠵᠧᠨᠧᠷᠢᠩ ᠤᠨ ᠶᠠᠰᠤ ᠴᠢᠨᠠᠷ ᠠᠮᠤᠷ ᠲᠦᠪᠰᠢᠨ ᠤ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃      ᠡᠯ᠎ᠡ ᠠᠶᠢᠮᠠᠭ ᠬᠤᠲᠠ ᠨᠤᠭᠤᠳ ︽ᠪᠦᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠠᠶᠦᠯᠭᠦᠢ ᠦᠢᠯᠡᠳᠪᠦᠷᠢᠯᠡᠯ ᠤᠨ  ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ︵2024 — 2026 ᠣᠨ︶︾ ᠲᠠᠢ ᠤᠶᠠᠯᠳᠤᠭᠤᠯᠤᠨ᠂ ᠮᠠᠨ ᠤ ᠲᠢᠩᠬᠢᠮ ᠤᠨ ︽2024 ᠣᠨ ᠤ ᠪᠥᠬᠦ ᠣᠷᠣᠨ ᠤ ᠭᠡᠷ ᠪᠠᠶᠢᠰᠢᠩ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠠᠵᠢᠯ ᠡᠬᠢᠯᠡᠬᠦ ᠪᠠ ᠠᠵᠢᠯ ᠰᠡᠷᠭᠦᠭᠡᠬᠦ ᠠᠶᠦᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠪᠠᠷᠢᠯᠭ᠎ᠠ ᠴᠢᠨᠠᠷ ﹇2024﹈ 55 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠲᠤᠯᠠᠭᠠᠯᠭ᠎ᠠ ᠶᠢᠨ ᠢᠨᠵᠧᠨᠧᠷᠢᠩ ᠤᠨ ᠠᠵᠢᠯ ᠡᠬᠢᠯᠡᠬᠦ ᠪᠠ ᠠᠵᠢᠯ ᠰᠡᠷᠭᠦᠭᠡᠬᠦ ᠪᠠᠶᠢᠴᠠᠭᠠᠯᠲᠠ ᠶᠢ ᠳᠠᠷᠤᠢ ᠲᠦᠷᠭᠡᠨ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ᠂ ᠲᠤᠯᠠᠭᠠᠯᠭ᠎ᠠ ᠶᠢᠨ ᠢᠨᠵᠧᠨᠧᠷᠢᠩ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠲᠠᠢ ᠪᠠᠶᠢᠴᠠᠭᠠᠬᠤ ᠬᠦᠷᠢᠶ᠎ᠡ ᠬᠡᠪᠴᠢᠶᠡᠨ ᠳᠤ ᠤᠷᠤᠭᠤᠯᠵᠦ᠂ ᠲᠤᠯᠠᠭᠠᠯᠭ᠎ᠠ ᠶᠢᠨ ᠢᠨᠵᠧᠨᠧᠷᠢᠩ ᠤᠨ ᠪᠠᠷᠢᠯᠭ᠎ᠠ ᠶᠢᠨ ᠠᠵᠢᠯ ᠤᠨ ᠲᠤᠬᠠᠢ ᠶᠢᠨ ᠲᠠᠯᠠᠪᠠᠶ ᠶᠢᠨ ᠶᠠᠰᠤ ᠴᠢᠨᠠᠷ ᠤᠨ ᠠᠮᠤᠷ ᠲᠦᠪᠰᠢᠨ ᠤ ᠡᠯ᠎ᠡ ᠲᠥᠷᠥᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃      ︵ᠨᠢᠭᠡ︶ ᠪᠠᠷᠢᠯᠭ᠎ᠠ ᠶᠢᠨ ᠶᠠᠰᠤ ᠴᠢᠨᠠᠷ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠭᠤᠣᠯᠳᠠᠯᠭ᠎ᠠ      1᠂ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠪᠠᠷᠢᠯᠭ᠎ᠠ ᠶᠢᠨ ᠵᠢᠷᠤᠭ ᠲᠦᠯᠦᠪᠵᠢᠭᠦᠯᠦᠯᠭᠡ ᠶᠢᠨ ᠪᠢᠴᠢᠭ ᠮᠠᠲ᠋ᠧᠷᠢᠶᠠᠯ᠂ ᠬᠢᠨᠠᠨ ᠵᠥᠪᠰᠢᠶᠡᠷᠡᠭᠦᠯᠦᠭᠰᠡᠨ ᠪᠠᠷᠢᠯᠭ᠎ᠠ ᠶᠢᠨ ᠵᠣᠬᠢᠶᠠᠨ ᠪᠠᠶᠢᠭᠤᠯᠤᠯᠲᠠ ᠶᠢᠨ ᠵᠢᠷᠤᠭ ᠲᠦᠯᠦᠪᠵᠢᠭᠦᠯᠦᠯᠭᠡ ᠪᠠ ᠲᠤᠰᠬᠠᠢ ᠵᠦᠢᠯ ᠤᠨ ᠪᠠᠷᠢᠯᠭ᠎ᠠ ᠪᠠᠷᠢᠬᠤ ᠲᠥᠰᠥᠯ ᠢ ᠴᠢᠩᠭ᠎ᠠ ᠵᠢᠷᠤᠮᠯᠠᠨ ᠪᠠᠷᠢᠯᠭ᠎ᠠ ᠪᠠᠷᠢᠬᠤ ᠬᠡᠷᠡᠭᠲᠡᠢ᠂ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠪᠠᠷᠢᠯᠭ᠎ᠠ ᠶᠢᠨ ᠵᠢᠷᠤᠭ ᠢ ᠳᠤᠷ᠎ᠠ ᠪᠠᠷ ᠢᠶᠠᠨ ᠵᠠᠰᠠᠵᠤ ᠪᠣᠯᠬᠤ ᠦᠭᠡᠢ᠃ ᠪᠠᠷᠢᠯᠭ᠎ᠠ ᠪᠠᠷᠢᠬᠤ ᠲᠥᠰᠥᠯ ᠨᠢ ᠨᠢᠭᠡᠨᠲᠡ ᠪᠠᠶᠢᠭ᠎ᠠ ᠪᠡᠯᠡᠳᠬᠡᠮᠵᠢ ᠪᠤᠶᠤ ᠪᠠᠷᠢᠯᠭ᠎ᠠ ᠪᠠᠷ ᠦᠩᠭᠡᠷᠡᠬᠦ ᠳᠤ ᠬᠠᠮᠢᠶ᠎ᠠ ᠪᠦᠬᠦᠢ ᠥᠮᠴᠢᠯᠡᠬᠦ ᠡᠷᠬᠡ ᠪᠤᠶᠤ ᠬᠠᠮᠢᠶᠠᠷᠤᠯᠲᠠ ᠶᠢᠨ ᠨᠢᠭᠡᠴᠢ ᠶᠢᠨ ᠵᠥᠪᠰᠢᠶᠡᠷᠡᠯ ᠢ ᠣᠯᠬᠤ ᠬᠡᠷᠡᠭᠲᠡᠢ︔ ᠪᠠᠷᠢᠯᠭ᠎ᠠ ᠶᠢᠨ ᠠᠵᠢᠯ ᠳᠤ ᠨᠥᠯᠥᠭᠡᠯᠡᠭᠳᠡᠭᠰᠡᠨ ᠬᠡᠪᠴᠢᠶᠡᠨ ᠳᠣᠲᠣᠷᠠᠬᠢ ᠪᠠᠷᠢᠯᠭ᠎ᠠ ᠳᠤ ᠪᠠᠷᠢᠯᠭ᠎ᠠ ᠶᠢᠨ ᠪᠠᠶᠢᠳᠠᠯ ᠳᠤ ᠭᠤᠷᠪᠠᠳᠠᠭᠢ ᠡᠲᠡᠭᠡᠳ ᠤᠨ ᠬᠢᠨᠠᠨ ᠡᠵᠡᠮᠳᠡᠬᠦ ᠬᠡᠮᠵᠢᠯᠲᠡ ᠬᠢᠬᠦ ᠬᠡᠷᠡᠭᠲᠡᠢ᠃      2᠂ ᠲᠦᠭᠦᠬᠡᠢ ᠮᠠᠲ᠋ᠧᠷᠢᠶᠠᠯ ᠤᠨ ᠲᠠᠯᠠᠪᠤᠷ ᠲᠤ ᠣᠷᠣᠬᠤ ᠪᠣᠭᠤᠮᠲᠠ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠮᠠᠲ᠋ᠧᠷᠢᠶᠠᠯ᠂ ᠲᠤᠨᠤᠭ ᠰᠡᠯᠪᠢᠭᠡᠰᠦ ᠵᠡᠷᠭᠡ ᠶᠢ ᠤᠯᠤᠰ ᠤᠨ ᠪᠠ ᠣᠷᠣᠨ ᠨᠤᠲᠤᠭ ᠤᠨ ᠬᠤᠯᠪᠣᠭᠳᠠᠯ ᠪᠦᠬᠦᠢ ᠪᠠᠷᠢᠮᠵᠢᠶ᠎ᠠ ᠶᠢᠨ ᠲᠣᠭᠲᠠᠭᠠᠯ ᠬᠢᠭᠡᠳ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠳᠤ ᠨᠡᠶᠢᠴᠡᠭᠦᠯᠵᠦ᠂ ᠲᠠᠯᠠᠪᠤᠷ ᠲᠤ ᠣᠷᠣᠬᠤ ᠠᠴᠠ ᠪᠠᠨ ᠡᠮᠦᠨ᠎ᠡ ᠪᠠᠷᠢᠮᠵᠢᠶ᠎ᠠ ᠶᠢᠨ ᠵᠢᠷᠤᠮᠵᠢᠯ ᠤᠨ ᠱᠠᠭᠠᠷᠳᠠᠯᠭ᠎ᠠ ᠶᠣᠰᠣᠭᠠᠷ ᠲᠠᠬᠢᠨ ᠰᠢᠯᠭᠠᠨ ᠪᠠᠶᠢᠴᠠᠭᠠᠬᠤ ᠬᠡᠷᠡᠭᠲᠡᠢ᠂ ᠬᠢᠮᠳᠠ ᠪᠥᠭᠡᠳ ᠴᠢᠨᠠᠷ ᠮᠠᠭᠤᠲᠠᠢ ᠪᠠᠷᠢᠯᠭ᠎ᠠ ᠶᠢᠨ ᠮᠠᠲ᠋ᠧᠷᠢᠶᠠᠯ ᠢ ᠰᠣᠩᠭᠤᠨ ᠬᠡᠷᠡᠭᠯᠡᠵᠦ ᠪᠣᠯᠬᠤ ᠦᠭᠡᠢ᠃ ᠨᠠᠶᠢᠳᠠᠯᠭ᠎ᠠ ᠪᠠᠷ ᠪᠠᠶᠢᠴᠠᠭᠠᠨ ᠰᠢᠯᠭᠠᠬᠤ ᠲᠥᠷᠥᠯ ᠵᠦᠢᠯ᠂ ᠵᠠᠪᠠᠯ ᠪᠠᠶᠢᠴᠠᠭᠠᠬᠤ ᠭᠦᠢᠴᠡᠳᠭᠡᠯ ᠲᠤᠭ᠎ᠠ᠂ ᠲᠥᠯᠥᠭᠡᠯᠡᠭᠴᠢ ᠲᠤᠭ᠎ᠠ ᠵᠡᠷᠭᠡ ᠨᠢ ᠬᠠᠮᠢᠶ᠎ᠠ ᠪᠦᠬᠦᠢ ᠪᠠᠷᠢᠮᠵᠢᠶ᠎ᠠ ᠪᠠ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠬᠠᠩᠭᠠᠵᠤ᠂ ᠲᠣᠭᠲᠠᠭᠠᠯ ᠠᠴᠠ ᠵᠥᠷᠢᠴᠡᠨ ᠪᠠᠭᠠᠰᠬᠠᠵᠤ ᠪᠣᠯᠬᠤ ᠦᠭᠡᠢ᠃      3᠂ ᠡᠯ᠎ᠡ ᠪᠠᠷᠢᠯᠭ᠎ᠠ ᠶᠢᠨ ᠵᠠᠩᠭᠢᠯᠠᠭ᠎ᠠ ᠶᠢᠨ ᠴᠡᠭ ᠤᠨ ᠶᠠᠰᠤ ᠴᠢᠨᠠᠷ ᠤᠨ ᠪᠣᠭᠤᠮᠲᠠ ᠶᠢ ᠡᠵᠡᠮᠳᠡᠵᠦ᠂ ᠪᠠᠷᠢᠯᠭ᠎ᠠ ᠶᠢᠨ ᠴᠢᠬᠤᠯᠠ ᠠᠵᠢᠯ ᠤᠨ ᠳᠠᠷᠠᠭᠠᠯᠠᠯ ᠢ ᠤᠷᠢᠳᠴᠢᠯᠠᠨ ᠢᠯᠭᠠᠨ ᠲᠠᠨᠢᠬᠤ ᠶᠢᠨ ᠬᠠᠮᠲᠤ ᠲᠣᠳᠣᠷᠬᠠᠶᠢᠯᠠᠵᠤ᠂ ᠳᠠᠯᠳᠠ ᠪᠠᠷᠢᠯᠭ᠎ᠠ ᠶᠢ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠰᠢᠯᠭᠠᠨ ᠠᠪᠤᠭᠰᠠᠨ ᠲᠡᠮᠳᠡᠭᠯᠡᠯ ᠳᠤ ᠴᠠᠭ ᠲᠤᠬᠠᠢ ᠳᠤᠨᠢ ᠭᠠᠷ ᠤᠨ ᠥᠰᠥᠭ ᠵᠢᠷᠤᠵᠤ᠂ ᠬᠡᠷᠡᠯ ᠵᠢᠷᠤᠭ ᠤᠨ ᠮᠠᠲ᠋ᠧᠷᠢᠶᠠᠯ ᠢ ᠦᠯᠡᠳᠡᠭᠡᠨ ᠬᠠᠳᠠᠭᠠᠯᠠᠵᠤ᠂ ᠬᠡᠷᠡᠯ ᠵᠢᠷᠤᠭ ᠤᠨ ᠮᠠᠲ᠋ᠧᠷᠢᠶᠠᠯ ᠳᠤ ᠡᠷᠬᠡᠪᠰᠢ ᠳᠠᠯᠳᠠ ᠣᠷᠣᠨ ᠪᠠᠶᠢᠷᠢ᠂ ᠠᠭᠤᠯᠭ᠎ᠠ᠂ ᠰᠢᠯᠭᠠᠨ ᠠᠪᠬᠤ ᠠᠵᠢᠯᠲᠠᠨ ᠵᠡᠷᠭᠡ ᠠᠭᠤᠯᠭ᠎ᠠ ᠶᠢ ᠦᠨᠡᠨ ᠪᠣᠳᠠᠲᠠᠢ ᠪᠠᠷ ᠲᠤᠰᠬᠠᠬᠤ ᠬᠡᠷᠡᠭᠲᠡᠢ᠃ ᠲᠥᠷᠥᠯ ᠬᠤᠪᠢᠶᠠᠭᠰᠠᠨ ᠪᠠᠷᠢᠯᠭ᠎ᠠ ᠶᠢ ᠵᠢᠷᠤᠮᠵᠢᠯ ᠤᠨ ᠱᠠᠭᠠᠷᠳᠠᠯᠭ᠎ᠠ ᠶᠣᠰᠣᠭᠠᠷ ᠵᠣᠬᠢᠶᠠᠨ ᠪᠠᠶᠢᠭᠤᠯᠤᠨ ᠰᠢᠯᠭᠠᠨ ᠠᠪᠬᠤ ᠶᠢᠨ ᠬᠠᠮᠲᠤ ᠰᠢᠯᠭᠠᠨ ᠠᠪᠤᠭᠰᠠᠨ ᠲᠡᠮᠳᠡᠭᠯᠡᠯ ᠳᠤ ᠭᠠᠷ ᠤᠨ ᠥᠰᠥᠭ ᠵᠢᠷᠤᠬᠤ ᠬᠡᠷᠡᠭᠲᠡᠢ᠃      ︵ᠬᠤᠶᠠᠷ︶ ᠪᠠᠷᠢᠯᠭ᠎ᠠ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠭᠤᠣᠯᠳᠠᠯᠭ᠎ᠠ      1᠂ ᠪᠠᠷᠢᠯᠭ᠎ᠠ ᠶᠢᠨ ᠲᠤᠬᠠᠢ ᠶᠢᠨ ᠭᠠᠵᠠᠷ ᠤᠨ ᠢᠯᠡ ᠭᠠᠵᠠᠷ ᠲᠤ ᠠᠮᠤᠷ ᠲᠦᠪᠰᠢᠨ ᠤ ᠰᠡᠷᠡᠮᠵᠢ ᠶᠢᠨ ᠲᠡᠮᠳᠡᠭ ᠵᠢᠴᠢ ᠢᠯᠡ ᠨᠡᠶᠢᠲᠡᠯᠡᠬᠦ ᠫᠠᠶᠢᠰᠠ ᠪᠠᠶᠢᠷᠢᠯᠠᠭᠤᠯᠵᠤ᠂ ᠰᠥᠨᠢ ᠶᠢᠨ ᠪᠠᠷᠢᠯᠭ᠎ᠠ ᠶᠢᠨ ᠠᠵᠢᠯ ᠳᠤ ᠰᠡᠷᠡᠮᠵᠢ ᠶᠢᠨ ᠳ᠋ᠧᠩ ᠪᠠᠶᠢᠷᠢᠯᠠᠭᠤᠯᠬᠤ ᠬᠡᠷᠡᠭᠲᠡᠢ᠃ ᠠᠵᠢᠯᠯᠠᠬᠤ ᠣᠷᠣᠨ ᠲᠣᠭᠤᠷᠢᠭ ᠢ ᠪᠢᠲᠡᠭᠦᠮᠵᠢᠯᠡᠨ ᠬᠠᠮᠢᠶᠠᠷᠴᠤ᠂ ᠠᠵᠢᠯᠲᠠᠨ ᠠᠮᠤᠷ ᠲᠦᠪᠰᠢᠨ ᠤ ᠮᠠᠯᠠᠭᠠᠢ ᠶᠢ ᠵᠥᠪ ᠵᠡᠭᠦᠬᠦ ᠪᠠ ᠠᠮᠤᠷ ᠲᠦᠪᠰᠢᠨ ᠤ ᠪᠦᠰᠡ ᠵᠡᠷᠭᠡ ᠬᠠᠮᠠᠭᠠᠯᠠᠯᠲᠠ ᠶᠢᠨ ᠬᠡᠷᠡᠭᠰᠡᠯ ᠢ ᠵᠢᠷᠤᠮᠵᠢᠭᠤᠯᠤᠨ ᠬᠡᠷᠡᠭᠯᠡᠵᠦ᠂ ᠰᠤᠯᠠ ᠦᠭᠡᠢ ᠬᠥᠮᠥᠰ ᠤᠨ ᠪᠠᠷᠢᠯᠭ᠎ᠠ ᠶᠢᠨ ᠲᠣᠭᠤᠷᠢᠭ ᠲᠤ ᠣᠷᠣᠬᠤ ᠶᠢ ᠴᠠᠭᠠᠵᠠᠯᠠᠬᠤ ᠬᠡᠷᠡᠭᠲᠡᠢ᠃ ᠠᠵᠢᠯᠯᠠᠬᠤ ᠠᠴᠠ ᠪᠠᠨ ᠡᠮᠦᠨ᠎ᠡ ᠲᠤᠬᠠᠢ ᠶᠢᠨ ᠲᠠᠯᠠᠪᠠᠶ ᠳᠤ ᠢᠯᠡ᠂ ᠳᠠᠯᠳᠠ ᠳᠡᠪᠢᠰᠦᠭᠰᠡᠨ ᠡᠯ᠎ᠡ ᠲᠥᠷᠥᠯ ᠤᠨ ᠬᠤᠭᠤᠯᠠᠢ ᠱᠤᠭᠤᠮ ᠤᠨ ᠪᠡᠯᠡᠳᠬᠡᠮᠵᠢ ᠳᠤ ᠢᠯᠡᠷᠬᠡᠢ ᠲᠡᠮᠳᠡᠭ ᠲᠠᠯᠪᠢᠵᠤ᠂ ᠪᠠᠷᠢᠯᠭ᠎ᠠ ᠶᠢᠨ  ᠠᠵᠢᠯᠴᠢᠨ ᠠᠴᠠ ᠪᠣᠯᠵᠤ ᠬᠤᠬᠢᠷᠠᠯ ᠤᠴᠠᠷᠠᠭᠤᠯᠵᠤ ᠮᠡᠳᠡᠬᠦ ᠬᠥᠷᠰᠢ ᠵᠡᠷᠭᠡᠯᠡᠳᠡᠭᠡ ᠪᠠᠷᠢᠯᠭ᠎ᠠ᠂ ᠬᠥᠮᠥᠨ ᠶᠠᠪᠤᠬᠤ ᠵᠠᠮ᠂ ᠭᠠᠵᠠᠷ ᠳᠣᠣᠷᠠᠬᠢ ᠬᠤᠭᠤᠯᠠᠢ ᠱᠤᠭᠤᠮ ᠵᠡᠷᠭᠡ ᠳᠤ ᠲᠤᠰᠬᠠᠢ ᠵᠦᠢᠯ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃      2᠂ ᠲᠣᠭᠲᠠᠭᠠᠭᠰᠠᠨ ᠱᠠᠭᠠᠷᠳᠠᠯᠭ᠎ᠠ ᠶᠣᠰᠣᠭᠠᠷ ᠭᠤᠤ ᠰᠤᠪᠠᠭ ᠤᠨ ᠲᠤᠰᠬᠠᠢ ᠵᠦᠢᠯ ᠤᠨ ᠪᠠᠷᠢᠯᠭ᠎ᠠ ᠪᠠᠷᠢᠬᠤ ᠲᠥᠰᠥᠯ ᠢ ᠨᠠᠶᠢᠷᠠᠭᠤᠯᠤᠨ ᠵᠣᠬᠢᠶᠠᠵᠤ᠂ ᠬᠢᠨᠠᠨ ᠬᠠᠷᠭᠤᠭᠤᠯᠬᠤ᠂ ᠵᠥᠪᠰᠢᠶᠡᠷᠡᠬᠦ ᠲᠡᠰ ᠳᠠᠷᠠᠭᠠᠯᠠᠯ ᠢ ᠨᠠᠶᠢᠳᠠᠪᠤᠷᠢᠵᠢᠭᠤᠯᠬᠤ ᠶᠢᠨ ᠬᠠᠮᠲᠤ ᠲᠤᠰᠬᠠᠢ ᠵᠦᠢᠯ ᠤᠨ ᠪᠠᠷᠢᠯᠭ᠎ᠠ ᠪᠠᠷᠢᠬᠤ ᠲᠥᠰᠥᠯ ᠢ ᠴᠢᠩᠭ᠎ᠠ ᠵᠢᠷᠤᠮᠯᠠᠨ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠢ᠃ ᠬᠥᠷᠥᠰᠥ ᠰᠢᠷᠣᠢ ᠶᠢᠨ ᠴᠢᠨᠠᠷ᠂ ᠭᠠᠵᠠᠷ ᠳᠣᠣᠷᠠᠬᠢ ᠤᠰᠤᠨ ᠲᠦᠪᠰᠢᠨ᠂ ᠮᠠᠯᠲᠠᠬᠤ ᠭᠦᠨ ᠤ ᠬᠡᠮᠵᠢᠶ᠎ᠡ ᠵᠡᠷᠭᠡ ᠪᠠᠶᠢᠳᠠᠯ ᠢ ᠦᠨᠳᠦᠰᠦᠯᠡᠨ ᠨᠠᠯᠠᠤ ᠲᠠᠯᠪᠢᠬᠤ᠂ ᠲᠤᠯᠭᠠᠭᠤᠷᠢᠯᠠᠨ ᠬᠠᠮᠠᠭᠠᠯᠠᠬᠤ ᠵᠡᠷᠭᠡ ᠠᠷᠭ᠎ᠠ ᠬᠡᠮᠵᠢᠶ᠎ᠡ ᠶᠢ ᠠᠪᠤᠨ᠎ᠠ︔ ᠮᠠᠯᠲᠠᠭᠰᠠᠨ ᠤ ᠳᠠᠷᠠᠭᠠᠬᠢ ᠭᠤᠸ ᠰᠤᠪᠠᠭ ᠢ ᠲᠣᠭᠲᠠᠭᠠᠯ ᠶᠣᠰᠣᠭᠠᠷ ᠰᠢᠯᠭᠠᠨ ᠠᠪᠬᠤ ᠬᠡᠷᠡᠭᠲᠡᠢ︔ ᠭᠤᠤ ᠶᠢᠨ ᠡᠷᠬᠢᠨ ᠲᠣᠭᠤᠷᠢᠨ ᠳᠤ ᠣᠪᠣᠭᠠᠯᠠᠨ ᠲᠡᠭᠡᠭᠡᠪᠦᠷᠢᠯᠡᠬᠦ ᠶᠢ ᠴᠢᠩᠭ᠎ᠠ ᠬᠢᠵᠠᠭᠠᠷᠯᠠᠨ᠎ᠠ︔ ᠪᠣᠷᠣᠭᠠᠨ ᠤ ᠤᠯᠠᠷᠢᠯ ᠳᠤ ᠪᠠᠷᠢᠯᠭ᠎ᠠ ᠪᠠᠷᠢᠬᠤ ᠳᠠᠭᠠᠨ ᠤᠰᠤ ᠵᠠᠯᠠᠬᠤ ᠰᠤᠪᠠᠭ ᠪᠠ ᠤᠰᠤ ᠴᠤᠭᠯᠠᠭᠤᠯᠬᠤ ᠬᠤᠳᠳᠤᠭ ᠭᠠᠷᠭᠠᠵᠤ᠂ ᠤᠰᠤ ᠲᠠᠲᠠᠬᠤ ᠲᠥᠬᠦᠭᠡᠷᠦᠮᠵᠢ ᠪᠠᠨ ᠰᠠᠶᠢᠲᠤᠷ ᠪᠡᠯᠡᠳᠬᠡᠵᠦ᠂ ᠪᠣᠷᠣᠭᠠᠨ ᠤ ᠤᠰᠤᠨ ᠳᠤ ᠳᠡᠪᠲᠦᠭᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃      3᠂ ᠬᠦᠨ ᠨᠦᠬᠡ ᠶᠢᠨ ᠬᠠᠵᠠᠭᠤ  ᠳᠤ ᠬᠠᠮᠠᠭᠠᠯᠠᠯᠲᠠ ᠶᠢᠨ ᠬᠡᠷᠡᠰᠬᠡ᠂ ᠬᠠᠮᠠᠭᠠᠯᠠᠯᠲᠠ ᠶᠢᠨ ᠡᠭᠦᠳᠡ᠂ ᠭᠢᠰᠬᠢᠭᠦᠷ ᠬᠠᠪᠲᠠᠰᠤ᠂ ᠲᠣᠣᠷ ᠵᠡᠷᠭᠡ ᠠᠶᠦᠯᠭᠦᠢ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ ᠳᠤᠷ᠎ᠠ ᠪᠠᠷ ᠢᠶᠠᠨ ᠨᠤᠷᠠᠭᠠᠬᠤ᠂ ᠡᠪᠳᠡᠬᠦ᠂ ᠰᠢᠯᠵᠢᠭᠦᠯᠬᠦ᠂ ᠰᠤᠯᠠᠷᠠᠭᠤᠯᠬᠤ ᠵᠡᠷᠭᠡ ᠪᠠᠶᠢᠳᠠᠯ ᠢ ᠴᠢᠩᠭ᠎ᠠ ᠰᠡᠷᠭᠡᠶᠢᠯᠡᠬᠦ ᠬᠡᠷᠡᠭᠲᠡᠢ᠃ ᠲᠦᠷ ᠴᠠᠭ ᠴᠠᠬᠢᠯᠭᠠᠨ ᠬᠡᠷᠡᠭᠯᠡᠬᠦ ᠳᠡᠭᠡᠨ ᠲᠣᠭᠲᠠᠭᠠᠯ ᠤᠨ ᠱᠠᠭᠠᠷᠳᠠᠯᠭ᠎ᠠ ᠶᠣᠰᠣᠭᠠᠷ TN-S ᠵᠠᠯᠭᠠᠯᠲᠠ ᠶᠢᠨ ᠬᠠᠮᠠᠭᠠᠯᠠᠯᠲᠠ ᠶᠢᠨ ᠰᠢᠰᠲ᠋ᠧᠮ ᠲᠣᠬᠢᠷᠠᠭᠤᠯᠵᠤ᠂ ᠴᠠᠬᠢᠯᠭᠠᠨ ᠬᠥᠳᠡᠯᠭᠡᠭᠦᠷᠲᠦ ᠪᠠᠭᠠᠵᠢ ᠶᠢ ᠠᠳᠬᠤᠬᠤ ᠳᠠᠭᠠᠨ ᠬᠥᠨᠳᠡᠶᠢᠷᠡᠭᠦᠯᠬᠦ ᠠᠷᠭ᠎ᠠ ᠬᠡᠮᠵᠢᠶ᠎ᠡ ᠠᠪᠴᠤ᠂ ᠴᠠᠬᠢᠯᠭᠠᠨ ᠡᠭᠦᠰᠬᠡᠭᠴᠢ ᠶᠢᠨ ᠤᠲᠠᠰᠤ ᠪᠠ ᠤᠭᠯᠠᠭᠤᠷ ᠢ ᠵᠠᠳᠠᠯᠵᠤ ᠥᠭᠡᠷᠡᠴᠢᠯᠡᠬᠦ ᠶᠢ ᠴᠠᠭᠠᠵᠠᠯᠠᠵᠤ᠂ ᠲᠤᠰᠬᠠᠢ ᠬᠡᠷᠡᠭᠯᠡᠬᠦ ᠬᠥᠳᠡᠯᠦᠩᠭᠦᠢ ᠨᠡᠭᠡᠭᠡᠯᠭᠡ ᠶᠢᠨ ᠬᠠᠶᠢᠷᠴᠠᠭ ᠢ ᠬᠡᠷᠡᠭᠯᠡᠬᠦ ᠬᠡᠷᠡᠭᠲᠡᠢ᠂ ᠴᠠᠬᠢᠯᠭᠠᠨ ᠤᠭᠯᠠᠭᠤᠷᠭ᠎ᠠ ᠪᠠᠷ ᠨᠡᠭᠡᠭᠡᠯᠭᠡ ᠶᠢᠨ ᠬᠠᠶᠢᠷᠴᠠᠭ ᠢ ᠣᠷᠣᠯᠠᠭᠤᠯᠵᠤ ᠪᠣᠯᠬᠤ ᠦᠭᠡᠢ᠃      4᠂ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ ᠪᠣᠯᠣᠨ ᠠᠪᠴᠢᠭᠤᠯᠤᠭᠰᠠᠨ ᠬᠡᠢ ᠪᠡᠶᠡᠲᠦ ᠶᠢᠨ  ᠯᠤᠩᠬᠤᠨ ᠳᠤ ᠲᠤᠰᠬᠠᠢ ᠬᠥᠮᠥᠷᠭᠡ ᠪᠠᠶᠢᠭᠤᠯᠵᠤ᠂ ᠲᠥᠷᠥᠯ ᠬᠤᠪᠢᠶᠠᠨ ᠲᠤᠰᠠᠭᠠᠷᠯᠠᠨ ᠬᠠᠳᠠᠭᠠᠯᠠᠵᠤ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠲᠤᠬᠢᠷᠠᠭᠤᠯᠵᠤ᠂ ᠬᠠᠷᠢᠭᠤᠴᠠᠯᠭ᠎ᠠ ᠡᠭᠦᠷᠭᠡᠯᠡᠭᠴᠢ ᠶᠢ ᠨᠠᠶᠢᠳᠠᠪᠤᠷᠢᠵᠢᠭᠤᠯᠬᠤ ᠶᠢᠨ ᠬᠠᠮᠲᠤ ᠭᠠᠯ ᠤᠨᠲᠠᠷᠠᠭᠠᠬᠤ ᠵᠠᠮ᠂ ᠪᠠᠷᠢᠯᠭ᠎ᠠ ᠶᠢᠨ ᠵᠠᠮ᠂ ᠪᠠᠷᠢᠯᠭ᠎ᠠ ᠶᠢᠨ ᠮᠠᠲ᠋ᠧᠷᠢᠶᠠᠯ ᠤᠨ ᠵᠠᠮ ᠤᠨ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠪᠤᠢ ᠪᠦᠬᠦᠢ ᠭᠠᠯ ᠨᠣᠴᠣᠭᠠᠵᠤ ᠠᠵᠢᠯᠯᠠᠭᠤᠯᠬᠤ ᠳᠤ ᠡᠷᠬᠡᠪᠰᠢ ᠬᠢᠨᠠᠨ ᠵᠥᠪᠰᠢᠶᠡᠷᠡᠭᠦᠯᠬᠦ ᠪᠠᠷ ᠳᠠᠮᠵᠢᠭᠤᠯᠵᠤ᠂ ᠭᠠᠯ ᠨᠣᠴᠣᠭᠠᠬᠤ ᠦᠨᠡᠮᠯᠡᠯ ᠢ ᠭᠦᠢᠴᠡᠳᠬᠡᠵᠦ᠂ ᠠᠵᠢᠯᠯᠠᠬᠤ ᠴᠠᠭ᠂ ᠭᠠᠵᠠᠷ᠂ ᠬᠥᠮᠥᠨ ᠪᠠ ᠪᠣᠳᠠᠲᠠᠢ ᠠᠷᠭ᠎ᠠ ᠬᠡᠮᠵᠢᠶ᠎ᠡ ᠶᠢ ᠲᠣᠳᠣᠷᠬᠠᠢ ᠪᠣᠯᠭᠠᠬᠤ ᠬᠡᠷᠡᠭᠲᠡᠢ︔ ᠭᠠᠯ ᠬᠡᠷᠡᠭᠯᠡᠬᠦ ᠠᠴᠠ ᠪᠠᠨ ᠡᠮᠦᠨ᠎ᠡ ᠠᠵᠢᠯᠯᠠᠵᠤ ᠪᠠᠶᠢᠭ᠎ᠠ ᠲᠤᠬᠠᠢ ᠶᠢᠨ ᠭᠠᠵᠠᠷ ᠢ ᠴᠡᠪᠡᠷᠯᠡᠵᠦ᠂ ᠰᠢᠲᠠᠮᠠᠬᠠᠢ ᠪᠣᠳᠠᠰ ᠢ ᠰᠢᠯᠵᠢᠭᠦᠯᠦᠨ ᠠᠷᠢᠯᠭᠠᠵᠤ᠂ ᠭᠠᠯ ᠢ ᠰᠡᠷᠭᠡᠶᠢᠯᠡᠬᠦ ᠴᠢᠬᠤᠯᠠ ᠪᠦᠬᠦᠢ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ︔ ᠭᠠᠯ ᠨᠣᠴᠣᠭᠠᠵᠤ ᠠᠵᠢᠯᠯᠠᠭᠰᠠᠳ ᠨᠢ ᠭᠠᠯ ᠨᠣᠴᠣᠭᠠᠬᠤ ᠠᠵᠢᠯᠯᠠᠭᠠᠨ ᠤ ᠳᠦᠷᠢᠮ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠠᠰ ᠳᠠᠷᠠᠭᠠᠯᠠᠯ ᠢ ᠰᠠᠶᠢᠨ ᠮᠡᠳᠡᠬᠦ ᠬᠡᠷᠡᠭᠲᠡᠢ︔ ᠭᠠᠯ ᠨᠣᠴᠣᠭᠠᠵᠤ ᠠᠵᠢᠯᠯᠠᠬᠤ ᠬᠤᠭᠤᠴᠠᠭᠠᠨ ᠳᠤ᠂ ᠲᠤᠰᠬᠠᠢ ᠬᠥᠮᠥᠨ ᠢᠶᠠᠷ ᠲᠤᠬᠠᠢ ᠶᠢᠨ ᠲᠠᠯᠠᠪᠤᠷ ᠤᠨ ᠬᠢᠨᠠᠨ ᠬᠠᠮᠠᠭᠠᠯᠠᠯᠲᠠ ᠶᠢ ᠬᠠᠷᠢᠭᠤᠴᠠᠭᠤᠯᠬᠤ ᠬᠡᠷᠡᠭᠲᠡᠢ︔ ᠭᠠᠯ ᠨᠣᠴᠣᠬᠤ ᠣᠷᠣᠨ ᠳᠤ ᠰᠠᠯᠬᠢ ᠰᠠᠶᠢᠨ ᠨᠡᠪᠲᠡᠷᠡᠵᠦ᠂ ᠬᠤᠣᠷᠲᠤ ᠬᠡᠢ ᠪᠡᠶᠡᠲᠦ ᠪᠤᠶᠤ ᠤᠲᠤᠭ᠎ᠠ ᠤᠨᠢᠶᠠᠷ ᠬᠤᠷᠠᠬᠤ ᠠᠴᠠ ᠰᠡᠷᠭᠡᠶᠢᠯᠡᠬᠦ ᠬᠡᠷᠡᠭᠲᠡᠢ᠃      5᠂ ᠬᠢᠵᠠᠭᠠᠷ ᠲᠠᠢ ᠣᠷᠣᠨ ᠵᠠᠢ ᠳᠤ ᠠᠵᠢᠯᠯᠠᠬᠤ ᠢᠨᠵᠧᠨᠧᠷᠢᠩ ᠤᠨ ᠲᠥᠷᠥᠯ ᠵᠦᠢᠯ ᠳᠤ᠂ ᠬᠢᠵᠠᠭᠠᠷ ᠲᠠᠢ ᠣᠷᠣᠨ ᠵᠠᠢ ᠳᠤ ᠠᠵᠢᠯᠯᠠᠬᠤ ᠣᠨᠴᠠᠯᠢᠭ ᠪᠠ ᠪᠣᠳᠠᠲᠠᠢ ᠪᠠᠶᠢᠳᠠᠯ ᠢ ᠦᠨᠳᠦᠰᠦᠯᠡᠨ ᠬᠢᠵᠠᠭᠠᠷ ᠲᠠᠢ ᠣᠷᠣᠨ ᠵᠠᠢ ᠳᠤ ᠠᠵᠢᠯᠯᠠᠬᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠪᠠ ᠠᠮᠤᠷ ᠲᠦᠪᠰᠢᠨ ᠢᠶᠠᠷ ᠠᠵᠢᠯᠯᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠬᠢᠵᠠᠭᠠᠷ ᠲᠠᠢ ᠣᠷᠣᠨ ᠵᠠᠢ ᠳᠤ ᠠᠵᠢᠯᠯᠠᠬᠤ ᠶᠢ ᠬᠢᠨᠠᠨ ᠵᠥᠪᠰᠢᠶᠡᠷᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠵᠥᠪᠰᠢᠶᠡᠷᠡᠯ ᠦᠭᠡᠢ ᠪᠠᠷ ᠬᠢᠵᠠᠭᠠᠷ ᠲᠠᠢ ᠣᠷᠣᠨ ᠵᠠᠢ ᠳᠤ ᠳᠤᠷ᠎ᠠ ᠪᠠᠷ ᠢᠶᠠᠨ ᠣᠷᠣᠵᠤ ᠠᠵᠢᠯᠯᠠᠵᠤ ᠪᠣᠯᠬᠤ ᠦᠭᠡᠢ᠃ ᠬᠢᠵᠠᠭᠠᠷ ᠲᠠᠢ ᠣᠷᠣᠨ ᠵᠠᠢ ᠳᠤ ᠠᠵᠢᠯᠯᠠᠬᠤ ᠲᠠᠯᠠᠪᠤᠷ ᠭᠠᠵᠠᠷ ᠤᠨ ᠤᠷᠤᠵᠤ ᠭᠠᠷᠬᠤ ᠡᠭᠦᠳᠡ ᠶᠢᠨ ᠡᠷᠬᠢᠨ ᠲᠣᠭᠤᠷᠢᠨ ᠤ ᠢᠯᠡᠷᠬᠡᠢ ᠣᠷᠣᠨ ᠪᠠᠶᠢᠷᠢ ᠳᠤ ᠠᠮᠤᠷ ᠲᠦᠪᠰᠢᠨ ᠤ ᠰᠡᠷᠡᠮᠵᠢ ᠶᠢᠨ ᠲᠡᠮᠳᠡᠭ ᠪᠤᠶᠤ ᠠᠮᠤᠷ ᠲᠦᠪᠰᠢᠨ ᠤ ᠮᠡᠳᠡᠭᠳᠡᠬᠦ ᠫᠠᠶᠢᠰᠠ ᠪᠠᠶᠢᠷᠢᠯᠠᠭᠤᠯᠵᠤ᠂ ᠠᠵᠢᠯᠯᠠᠬᠤ ᠠᠴᠠ ᠪᠠᠨ ᠡᠮᠦᠨ᠎ᠡ ᠰᠠᠯᠬᠢ ᠨᠡᠪᠲᠡᠷᠡᠭᠦᠯᠬᠦ ᠪᠦᠲᠦᠮᠵᠢᠲᠡᠶ ᠠᠷᠭ᠎ᠠ ᠬᠡᠮᠵᠢᠶ᠎ᠡ ᠠᠪᠬᠤ ᠶᠢᠨ ᠬᠠᠮᠲᠤ ᠬᠢᠵᠠᠭᠠᠷ ᠲᠠᠢ ᠣᠷᠣᠨ ᠵᠠᠢ ᠳᠤ ᠬᠡᠢ ᠪᠡᠶᠡᠲᠦ ᠶᠢᠨ ᠪᠠᠶᠢᠴᠠᠭᠠᠨ ᠬᠡᠮᠵᠢᠯᠲᠡ ᠪᠠ ᠣᠷᠴᠢᠨ ᠲᠣᠭᠤᠷᠢᠨ ᠤ ᠦᠨᠡᠯᠡᠨ ᠵᠢᠱᠢᠯᠲᠡ ᠬᠢᠵᠦ᠂ ᠣᠷᠣᠨ ᠵᠠᠢ ᠶᠢᠨ ᠳᠣᠲᠣᠷ᠎ᠠ ᠬᠤᠣᠷᠲᠠᠢ ᠬᠡᠢ ᠪᠡᠶᠡᠲᠦ ᠪᠠ ᠠᠶᠤᠯᠲᠠᠢ ᠬᠦᠴᠦᠨ ᠵᠦᠢᠯ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠢᠵᠠᠭᠠᠷ ᠲᠠᠢ ᠣᠷᠣᠨ ᠵᠠᠢ ᠳᠤ ᠠᠵᠢᠯᠯᠠᠬᠤ ᠣᠷᠴᠢᠨ ᠲᠣᠭᠤᠷᠢᠨ ᠪᠠ ᠠᠵᠢᠯᠯᠠᠬᠤ ᠠᠭᠤᠯᠭ᠎ᠠ ᠶᠢ ᠦᠨᠳᠦᠰᠦᠯᠡᠨ᠂ ᠰᠢᠨᠵᠢᠯᠡᠬᠦ ᠤᠬᠠᠭᠠᠨᠴᠢ᠂ ᠵᠦᠢ ᠵᠣᠬᠢᠰᠲᠠᠢ᠂ ᠪᠦᠲᠦᠮᠵᠢᠲᠡᠶ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠢ ᠲᠥᠰᠥᠯ ᠢ ᠲᠣᠭᠲᠠᠭᠠᠵᠤ᠂ ᠬᠡᠢ ᠪᠡᠶᠡᠲᠦ ᠶᠢ ᠪᠠᠶᠢᠴᠠᠭᠠᠨ ᠰᠢᠯᠭᠠᠬᠤ ᠲᠥᠬᠦᠭᠡᠷᠦᠮᠵᠢ᠂ ᠠᠮᠢᠰᠬᠤᠯ ᠤᠨ ᠬᠠᠮᠠᠭᠠᠯᠠᠯᠲᠠ ᠶᠢᠨ ᠬᠡᠷᠡᠭᠰᠡᠯ᠂ ᠬᠤᠪᠢ ᠶᠢᠨ ᠬᠠᠮᠠᠭᠠᠯᠠᠯᠲᠠ ᠶᠢᠨ ᠬᠡᠷᠡᠭᠰᠡᠯ ᠪᠠ ᠰᠠᠯᠬᠢ ᠨᠡᠪᠲᠡᠷᠡᠭᠦᠯᠬᠦ ᠲᠥᠬᠦᠭᠡᠷᠦᠮᠵᠢ᠂ ᠭᠡᠷᠡᠯᠲᠦᠭᠦᠯᠭᠡ ᠶᠢᠨ ᠲᠥᠬᠦᠭᠡᠷᠦᠮᠵᠢ᠂ ᠴᠢᠮᠡᠭᠡ ᠨᠡᠪᠲᠡᠷᠡᠯᠭᠡ ᠶᠢᠨ ᠲᠥᠬᠦᠭᠡᠷᠦᠮᠵᠢ ᠵᠢᠴᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠥᠬᠦᠭᠡᠷᠦᠮᠵᠢ ᠵᠡᠷᠭᠡ ᠶᠢ ᠲᠣᠬᠢᠷᠠᠭᠤᠯᠬᠤ ᠬᠡᠷᠡᠭᠲᠡᠢ᠃      6᠂ ᠪᠠᠷᠢᠯᠭ᠎ᠠ ᠪᠠᠷᠢᠬᠤ ᠲᠤᠬᠠᠢ ᠶᠢᠨ ᠭᠠᠵᠠᠷ ᠤᠨ ᠲᠣᠭᠤᠰᠣ ᠳᠡᠭᠳᠡᠬᠦ ᠶᠢ ᠵᠠᠰᠠᠬᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠪᠠᠷᠢᠯᠭ᠎ᠠ ᠶᠢᠨ ᠰᠢᠷᠣᠢ ᠶᠢ ᠪᠦᠷᠬᠦᠭᠦᠯᠵᠦ᠂ ᠪᠠᠷᠢᠯᠭ᠎ᠠ ᠶᠢᠨ ᠬᠤᠭ ᠨᠣᠪᠰᠢ᠂ ᠰᠢᠷᠣᠢ ᠶᠢ ᠴᠠᠭ ᠲᠤᠬᠠᠢ ᠲᠤᠨᠢ ᠴᠡᠪᠡᠷᠯᠡᠨ ᠲᠡᠭᠡᠭᠡᠪᠦᠷᠢᠯᠡᠵᠦ᠂ ᠲᠡᠭᠡᠭᠡᠪᠦᠷᠢ ᠶᠢᠨ ᠲᠡᠷᠭᠡ ᠬᠥᠰᠬᠡ ᠪᠠᠷᠢᠯᠭ᠎ᠠ ᠶᠢᠨ ᠭᠠᠵᠠᠷ ᠢᠶᠠᠷ ᠣᠷᠣᠵᠤ ᠭᠠᠷᠬᠤ ᠳᠤ ᠤᠬᠢᠶᠠᠵᠤ ᠴᠡᠪᠡᠷᠯᠡᠨ᠂ ᠵᠠᠮ ᠢ ᠪᠣᠬᠢᠷᠲᠤᠭᠤᠯᠬᠤ ᠠᠴᠠ ᠰᠡᠷᠭᠡᠶᠢᠯᠡᠵᠦ᠂ ᠪᠠᠷᠢᠯᠭ᠎ᠠ ᠪᠠᠷᠢᠬᠤ ᠲᠤᠬᠠᠢ ᠶᠢᠨ ᠭᠠᠵᠠᠷ ᠢ ︽ᠵᠢᠷᠭᠤᠭᠠᠨ ᠵᠠᠭᠤᠨ ᠤ ᠵᠠᠭᠤ︾ ᠳᠤ ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃      ᠳᠥᠷᠪᠡ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠳᠠᠯᠠᠵᠤ᠂ ᠲᠤᠯᠠᠭᠠᠯᠭ᠎ᠠ ᠶᠢᠨ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠳᠤᠯᠠᠬᠤ ᠬᠡᠷᠡᠭᠳᠡᠢ᠃      ᠡᠯ᠎ᠡ ᠠᠶᠢᠮᠠᠭ ᠬᠤᠲᠠ ᠨᠤᠭᠤᠳ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠬᠡᠷᠡᠭᠵᠢᠭᠦᠯᠬᠦ︾ ᠪᠠ ︽ᠬᠡᠨ ᠪᠠᠶᠢᠴᠠᠭᠠᠪᠠᠯ᠂ ᠬᠡᠨ ᠭᠠᠷ ᠤᠨ ᠥᠰᠥᠭ ᠵᠢᠷᠤᠵᠤ᠂ ᠬᠡᠨ ᠬᠠᠷᠢᠭᠤᠴᠠᠬᠤ︾ ᠵᠠᠷᠴᠢᠮ ᠢ ᠪᠠᠷᠢᠮᠲᠠᠯᠠᠵᠤ᠂ ︽ᠢᠯᠡᠭᠦᠦ ᠮᠡᠳᠡᠭᠡᠯᠡᠬᠦ᠂ ᠢᠯᠡᠭᠦᠦ ᠰᠢᠮᠳᠠᠭᠤᠯᠬᠤ᠂ ᠢᠯᠡᠭᠦᠦ ᠳᠠᠯᠳᠠᠭᠤᠷ ᠰᠤᠷᠪᠤᠯᠵᠢᠯᠠᠬᠤ︾ ᠵᠡᠷᠭᠡ ᠠᠷᠭ᠎ᠠ ᠪᠠᠷᠢᠯ ᠢ ᠬᠡᠷᠡᠭᠯᠡᠨ᠂ ᠦᠨᠡᠨ ᠪᠣᠳᠠᠲᠠᠢ ᠬᠠᠳᠠᠭᠤ ᠴᠢᠩᠭ᠎ᠠ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠳᠠᠯᠠᠬᠤ ᠬᠡᠷᠡᠭᠲᠡᠢ ᠃ ᠠᠶᠤᠯ ᠲᠦᠭᠰᠢᠭᠦᠷᠢ ᠶᠢᠨ ᠲᠣᠪᠣᠶᠢᠮ᠎ᠠ ᠭᠤᠭᠴᠤᠭ᠎ᠠ ᠪᠣᠯᠣᠨ ᠬᠠᠮᠤᠭ ᠤᠨ ᠰᠠᠨᠠᠭ᠎ᠠ ᠠᠮᠤᠷ ᠦᠭᠡᠢ ᠪᠠᠭᠤᠷᠠᠢ ᠭᠠᠵᠠᠷ ᠣᠷᠣᠨ᠂ ᠣᠷᠣᠨ ᠪᠠᠶᠢᠷᠢ ᠳᠤ ᠲᠠᠬᠢᠨ ᠪᠠᠶᠢᠴᠠᠭᠠᠯᠲᠠ ᠬᠢᠵᠦ᠂ ᠲᠠᠬᠢᠨ ᠬᠢᠨᠠᠨ ᠵᠢᠯᠤᠭᠤᠳᠬᠤ ᠶᠢᠨ ᠬᠠᠮᠲᠤ ᠣᠷᠣᠰᠢᠵᠤ ᠪᠠᠶᠢᠭ᠎ᠠ ᠠᠰᠠᠭᠤᠳᠠᠯ ᠤᠨ ᠳᠠᠯᠳᠠ ᠭᠡᠮ ᠤᠯᠠᠨ᠂ ᠤᠳᠠᠭ᠎ᠠ ᠳᠠᠷᠠᠭᠠᠯᠠᠨ ᠴᠡᠭᠴᠡᠯᠡᠨ ᠰᠠᠶᠢᠵᠢᠷᠠᠭᠤᠯᠬᠤ ᠦᠭᠡᠢ ᠨᠠᠶᠢᠳᠠᠪᠤᠷᠢᠵᠢᠭᠤᠯᠬᠤ ᠦᠭᠡᠢ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠠᠵᠢᠯᠲᠠᠨ ᠤᠯᠠᠨ ᠤᠳᠠᠭ᠎ᠠ ᠠᠵᠢᠯ ᠤᠨ ᠪᠠᠶᠢᠷᠢ ᠳᠤ ᠪᠠᠶᠢᠬᠤ ᠦᠭᠡᠢ ᠠᠵᠤ ᠠᠬᠤᠶᠢᠯᠠᠯ ᠪᠣᠯᠣᠨ ᠲᠦᠷᠦᠯ ᠵᠦᠢᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠪᠣᠯᠣᠨ ᠤᠳᠠᠭ᠎ᠠ ᠶᠢ ᠳᠡᠭᠡᠭᠰᠢᠯᠡᠭᠦᠯᠬᠦ ᠬᠡᠷᠡᠭᠲᠡᠢ᠃ ᠪᠠᠶᠢᠴᠠᠭᠠᠬᠤ ᠶᠢᠨ ᠳᠠᠭᠠᠤ ᠰᠠᠶᠢᠵᠢᠷᠠᠭᠤᠯᠬᠤ᠂ ᠪᠠᠶᠢᠴᠠᠭᠠᠵᠦ ᠭᠠᠷᠭᠠᠪᠠᠯ ᠲᠠᠷᠤᠢ ᠰᠠᠶᠢᠵᠢᠷᠠᠭᠤᠯᠬᠤ ᠶᠢ ᠪᠠᠷᠢᠮᠲᠠᠯᠠᠵᠤ᠂ ᠦᠷ᠎ᠡ ᠪᠦᠲᠦᠮᠵᠢ ᠶᠢ ᠨᠢ ᠮᠥᠷᠳᠡᠨ ᠠᠰᠠᠭᠤᠵᠤ᠂ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ ᠳᠡᠶᠢᠯᠬᠦ ᠦᠭᠡᠢ ᠶᠢ ᠨᠢ ᠴᠠᠭ ᠲᠤᠬᠠᠢ ᠳᠤᠨᠢ ᠪᠦᠲᠦᠮᠵᠢᠲᠡᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠴᠡᠭᠴᠡᠯᠡᠨ ᠰᠠᠶᠢᠵᠢᠷᠠᠭᠤᠯᠬᠤ ᠲᠥᠰᠥᠯ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭ᠎ᠠ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠡᠭᠦᠷᠭᠡᠯᠡᠭᠴᠢ ᠪᠣᠯᠣᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠪᠢᠲᠡᠭᠦᠦ ᠴᠠᠭᠠᠷᠢᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠬᠡᠷᠡᠭᠵᠢᠭᠦᠯᠬᠦ ᠬᠡᠷᠡᠭᠲᠡᠢ᠃ ᠣᠯᠠᠨᠲᠠ ᠪᠠᠶᠢᠴᠠᠭᠠᠭᠰᠠᠨ ᠴᠦ ᠰᠠᠶᠢᠵᠢᠷᠠᠭᠤᠯᠬᠤ ᠦᠭᠡᠢ ᠪᠤᠶᠤ ᠬᠦᠨᠳᠦ ᠶᠡᠭᠡ ᠠᠳᠡᠯ ᠤᠨ ᠳᠠᠯᠳᠠ ᠬᠡᠮ ᠣᠷᠳᠣ ᠬᠤᠭᠤᠴᠠᠭ᠎ᠠ ᠪᠠᠷ ᠣᠷᠣᠰᠢᠵᠤ ᠪᠠᠶᠢᠭ᠎ᠠ ᠲᠥᠷᠥᠯ ᠵᠦᠢᠯ ᠪᠠ ᠬᠥᠮᠥᠰ ᠢ ᠢᠯᠡ ᠪᠠᠷ ᠢᠯᠡᠴᠢᠯᠡᠬᠦ ᠶᠢᠨ ᠬᠠᠮᠲᠤ ᠬᠠᠷ᠎ᠠ ᠲᠠᠩᠰᠠᠨ ᠳᠤ ᠣᠷᠣᠭᠤᠯᠤᠨ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠬᠦ ᠬᠡᠷᠡᠭᠲᠡᠢ᠃ ᠠᠵᠢᠯ ᠢᠶᠠᠨ ᠠᠬᠢᠭᠤᠯᠤᠭᠰᠠᠨ ᠢᠶᠠᠷ ᠰᠤᠯᠠ᠂ ᠬᠦᠨᠳᠦ ᠶᠡᠭᠡ ᠠᠳᠡᠯ ᠤᠨ ᠳᠠᠯᠳᠠ ᠬᠡᠮ ᠢ ᠴᠡᠭᠴᠡᠯᠡᠨ ᠵᠠᠰᠠᠬᠤ ᠪᠠᠷ ᠰᠤᠯᠠ ᠪᠠᠶᠢᠭ᠎ᠠ ᠭᠠᠵᠠᠷ ᠣᠷᠣᠨ ᠪᠣᠯᠣᠨ ᠨᠢᠭᠡᠴᠢ ᠲᠠᠢ ᠴᠠᠭ ᠲᠤᠬᠠᠢ ᠳᠤᠨᠢ ᠪᠣᠯᠵᠣᠨ ᠶᠠᠷᠢᠯᠴᠠᠵᠤ᠂ ᠣᠯᠠᠨ ᠳᠤ ᠮᠡᠳᠡᠭᠳᠡᠵᠦ᠂ ᠢᠯᠡᠴᠢᠯᠡᠬᠦ ᠬᠡᠷᠡᠭᠲᠡᠢ᠃ ᠠᠰᠠᠭᠤᠳᠠᠯ ᠲᠠᠢ ᠪᠠᠶᠢᠲᠠᠯ᠎ᠠ ᠪᠠᠶᠢᠴᠠᠭᠠᠵᠤ ᠭᠠᠷᠭᠠᠵᠤ ᠳᠡᠶᠢᠯᠬᠦ ᠦᠭᠡᠢ ᠪᠤᠶᠤ ᠠᠰᠠᠭᠤᠳᠠᠯ ᠢ ᠪᠠᠶᠢᠴᠠᠭᠠᠵᠤ ᠭᠠᠷᠭᠠᠭᠰᠠᠨ ᠤ ᠲᠠᠷᠠᠭ᠎ᠠ ᠮᠥᠷᠳᠡᠨ ᠴᠡᠭᠴᠡᠯᠡᠨ ᠰᠠᠶᠢᠵᠢᠷᠠᠭᠤᠯᠤᠭᠰᠠᠨ ᠨᠢ ᠭᠦᠢᠴᠡᠳ ᠦᠭᠡᠢ ᠠᠴᠠ ᠪᠣᠯᠵᠤ ᠡ᠊ᠨᠳᠡᠯ ᠭᠠᠷᠤᠭᠰᠠᠨ ᠪᠠᠶᠢᠪᠠᠯ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠡ᠊ᠨᠳᠡᠯ ᠢ ᠮᠡᠳᠡᠭᠦᠯᠬᠦ ᠦᠭᠡᠢ ᠨᠢᠭᠤᠭᠰᠠᠨ᠂ ᠬᠤᠳᠠᠯ ᠢᠶᠠᠷ ᠮᠡᠳᠡᠭᠦᠯᠦᠭᠰᠡᠨ᠂ ᠤᠳᠠᠭᠠᠰᠢᠷᠠᠭᠤᠯᠤᠨ ᠮᠡᠳᠡᠭᠦᠯᠦᠭᠰᠡᠨ᠂ ᠣᠷᠬᠢᠭᠳᠠᠭᠤᠯᠤᠨ ᠮᠡᠳᠡᠭᠦᠯᠦᠭᠰᠡᠨ ᠠᠵᠤ ᠠᠬᠤᠶᠢᠯᠠᠯ ᠪᠣᠯᠣᠨ ᠠᠵᠢᠯᠲᠠᠨ ᠢ ᠬᠠᠤᠯᠢ ᠶᠣᠰᠣᠭᠠᠷ ᠰᠢᠳᠬᠡᠬᠦ ᠬᠡᠷᠡᠭᠲᠡᠢ᠃ ︽ᠵᠥᠪᠰᠢᠶᠡᠷᠡᠭᠦᠯᠦᠭᠡᠳᠦᠢ ᠪᠠᠷ ᠤᠷᠢᠳᠠᠪᠠᠷ ᠪᠠᠶᠢᠭᠤᠯᠬᠤ︾᠂ ᠳᠠᠭᠠᠭᠠᠴᠢᠯᠠᠯᠲᠠ ᠳᠤ ᠰᠦᠯᠪᠡᠭᠡᠯᠡᠬᠦ᠂ ᠬᠡᠰᠡᠭᠯᠡᠨ ᠰᠠᠯᠭᠠᠵᠤ ᠳᠠᠭᠠᠭᠠᠴᠢᠯᠠᠭᠤᠯᠬᠤ᠂ ᠰᠢᠯᠵᠢᠭᠦᠯᠦᠨ ᠳᠠᠭᠠᠭᠠᠴᠢᠯᠠᠭᠤᠯᠬᠤ᠂ ᠬᠠᠤᠯᠢ ᠠᠴᠠ ᠵᠥᠷᠢᠴᠡᠨ ᠬᠤᠪᠢᠶᠠᠨ ᠳᠠᠭᠠᠭᠠᠴᠢᠯᠠᠬᠤ᠂ ᠬᠢᠷᠢ ᠴᠢᠳᠠᠮᠵᠢ ᠠᠴᠠ ᠬᠡᠲᠦᠷᠡᠭᠦᠯᠦᠨ ᠪᠠᠷᠢᠯᠭ᠎ᠠ ᠳᠠᠭᠠᠭᠠᠴᠢᠯᠠᠬᠤ᠂ ᠵᠢᠷᠤᠭ ᠲᠦᠯᠦᠪᠵᠢᠭᠦᠯᠭᠡ ᠦᠭᠡᠢ ᠪᠠᠷᠢᠯᠭ᠎ᠠ ᠪᠠᠷᠢᠬᠤ᠂ ᠵᠦᠢ ᠵᠣᠬᠢᠰᠲᠠᠢ ᠪᠠᠷᠢᠯᠭ᠎ᠠ ᠶᠢᠨ ᠬᠤᠭᠤᠴᠠᠭ᠎ᠠ ᠶᠢ ᠳᠤᠷ᠎ᠠ ᠪᠠᠷ ᠢᠶᠠᠨ ᠪᠠᠭᠠᠰᠬᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠤᠯᠢ ᠲᠣᠭᠲᠠᠭᠠᠯ ᠶᠣᠰᠣᠭᠠᠷ ᠰᠢᠢᠳᠭᠡᠨ ᠲᠣᠷᠭᠠᠬᠤ ᠬᠡᠷᠡᠭᠲᠡᠢ᠃ ᠡᠭᠦᠨ ᠤ ᠬᠠᠮᠲᠤ᠂ ᠲᠤᠯᠠᠭᠠᠯᠭ᠎ᠠ ᠶᠢᠨ ᠢᠨᠵᠧᠨᠧᠷᠢᠩ ᠤᠨ ᠠᠵᠢᠯ ᠤᠨ ᠲᠤᠬᠠᠢ ᠶᠢᠨ ᠲᠠᠯᠠᠪᠠᠶ ᠶᠢᠨ ᠶᠠᠰᠤ ᠴᠢᠨᠠᠷ ᠤᠨ ᠠᠮᠤᠷ ᠲᠦᠪᠰᠢᠨ ᠤ ᠲᠠᠯ᠎ᠠ ᠶᠢᠨ ᠮᠡᠳᠡᠯᠭᠡ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠪᠥᠬᠦ ᠠᠵᠢᠯᠲᠠᠨ ᠤ ᠶᠠᠰᠤ ᠴᠢᠨᠠᠷ ᠤᠨ ᠠᠮᠤᠷ ᠲᠦᠪᠰᠢᠨ ᠤ ᠲᠠᠨᠢᠯᠳᠠ ᠶᠢ ᠲᠡᠭᠡᠭᠰᠢᠯᠡᠭᠦᠯᠦᠨ᠎ᠡ᠃ ᠡᠭᠦᠨ ᠤ ᠬᠠᠮᠲᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠤᠯᠠᠮ ᠴᠢᠨᠠᠭᠰᠢᠳᠠ ᠰᠢᠯᠤᠭᠤᠳᠬᠠᠵᠤ᠂ ᠤᠯᠠᠨ ᠲᠦᠮᠡᠨ ᠤ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠴᠠᠭ ᠲᠤᠬᠠᠢ ᠳᠤᠨᠢ ᠲᠣᠬᠢᠲᠠᠢ ᠰᠢᠢᠳᠪᠦᠷᠢᠯᠡᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠢᠩᠬᠢᠮ              2024 ᠣᠨ ᠤ 4 ᠳ᠋ᠤᠭᠡᠷ ᠰᠠᠷ᠎ᠠ ᠶᠢᠨ 12 ᠤᠨ ᠡᠳᠦᠷ ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1