ᠬᠥᠬᠡᠬᠤᠲᠠ ᠶᠢᠨ ᠲᠣᠭᠲᠠᠬᠤ ᠰᠢᠶᠠᠨ᠄ ︽ᠲᠠᠪᠤ ᠶᠢ ᠰᠤᠷᠤᠯᠴᠠᠬᠤ︾ ᠨᠢ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠴᠢᠳᠠᠪᠤᠷᠢ ᠶᠢᠨ ᠳᠡᠭᠡᠭᠰᠢᠯᠡᠯᠲᠡ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/4/18
      ᠣᠶᠢᠷ᠎ᠠ ᠶᠢᠨ ᠵᠢᠯ ᠳᠤ᠂ ᠬᠥᠬᠡᠬᠤᠲᠠ ᠶᠢᠨ ᠲᠣᠭᠲᠠᠬᠤ ᠰᠢᠶᠠᠨ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠬᠦᠴᠦᠨ᠂ ᠨᠢᠭᠲᠠᠷᠠᠭᠤᠯᠬᠤ ᠬᠦᠴᠦᠨ᠂ ᠳᠠᠶᠢᠴᠢᠨ ᠬᠦᠴᠦᠨ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠪᠯᠡᠷᠡᠭᠦᠯᠦᠨ ︽ᠳᠠᠭᠠᠭᠤᠯᠤᠨ ᠰᠤᠷᠤᠯᠴᠠᠬᠤ︾᠂ ︽ᠬᠠᠷᠢᠯᠴᠠᠨ ᠰᠤᠷᠤᠯᠴᠠᠬᠤ︾᠂ ︽ᠰᠤᠳᠤᠯᠤᠨ ᠰᠤᠷᠤᠯᠴᠠᠬᠤ︾ ᠵᠡᠷᠭᠡ ᠬᠡᠯᠪᠡᠷᠢ ᠪᠠᠷ ᠳᠠᠮᠵᠢᠭᠤᠯᠤᠨ᠂ ᠠᠵᠢᠯ ᠤᠨ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠠᠳᠠᠯ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠬᠥᠭᠵᠢᠭᠡᠨ ᠂ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠴᠢᠳᠠᠪᠤᠷᠢ ᠰᠠᠶᠢᠲᠠᠢ᠂ ᠣᠪᠣᠷ ᠰᠤᠷᠲᠠᠯ ᠰᠢᠯᠢᠳᠡᠭ ᠰᠠᠶᠢᠨ᠂ ᠪᠣᠳᠠᠲᠤ ᠪᠦᠲᠦᠮᠵᠢ ᠪᠠᠷ ᠲᠣᠪᠣᠶᠢᠮ᠎ᠠ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠡᠩᠨᠡᠭᠡ ᠶᠢ ᠬᠦᠴᠦᠯᠡᠨ ᠪᠠᠶᠢᠭᠤᠯᠵᠤ᠂ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠬᠦᠴᠦᠨ ᠴᠢᠳᠠᠪᠤᠷᠢ ᠶᠢ  ᠲᠡᠭᠡᠭᠰᠢᠯᠡᠭᠦᠯᠪᠡ᠃      ︽ᠳᠠᠭᠠᠭᠤᠯᠤᠨ ᠰᠤᠷᠤᠯᠴᠠᠬᠤ︾ ᠶᠢ ᠲᠥᠪᠯᠡᠷᠡᠭᠦᠯᠦᠨ ᠪᠣᠯᠪᠠᠰᠤᠷᠠᠭᠤᠯᠤᠨ᠎ᠠ᠃ ᠶᠠᠭᠤ ᠬᠢᠪᠡᠯ ᠲᠡᠭᠦᠨ ᠢ ᠰᠤᠷᠬᠤ᠂ ᠶᠠᠭᠤ ᠳᠤᠲᠠᠭᠳᠠᠪᠠᠯ ᠲᠡᠭᠦᠨ ᠢ ᠨᠥᠬᠦᠪᠦᠷᠢᠯᠡᠬᠦ ᠵᠠᠷᠴᠢᠮ ᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠥᠮᠦᠵᠢᠯ  ᠪᠤᠯᠪᠠᠰᠤᠷᠠᠯ ᠤᠨ ︽ᠵᠠᠪᠠᠯ ᠰᠤᠷᠬᠤ ᠬᠢᠴᠢᠶᠡᠯ︾ ᠪᠣᠯᠭᠠᠬᠤ ᠶᠢᠨ ᠬᠠᠮᠲᠤ᠂ ᠪᠦᠬᠦ ᠠᠵᠢᠯᠲᠠᠨ ᠢ ᠲᠥᠪᠯᠡᠷᠡᠭᠦᠯᠦᠨ ᠪᠣᠯᠪᠠᠰᠤᠷᠠᠭᠤᠯᠬᠤ᠂ ᠲᠤᠰᠬᠠᠢ ᠰᠡᠳᠦᠪ ᠢᠶᠠᠷ ᠪᠣᠯᠪᠠᠰᠤᠷᠠᠭᠤᠯᠬᠤ᠂ ᠡᠳᠦᠷ ᠲᠤᠲᠤᠮ ᠤᠨ ᠡᠭᠡᠯᠵᠢᠯᠡᠨ ᠪᠣᠯᠪᠠᠰᠤᠷᠠᠭᠤᠯᠬᠤ ᠬᠡᠯᠪᠡᠷᠢ ᠪᠠᠷ ᠳᠠᠮᠵᠢᠭᠤᠯᠤᠨ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ᠂ ᠠᠳᠠᠯ ᠠᠬᠤᠢ ᠶᠢᠨ ᠬᠠᠮᠢᠶᠠᠷᠤᠯᠲᠠ᠂ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ᠂ ᠵᠥᠷᠢᠴᠡᠯ ᠢ ᠰᠢᠢᠳᠪᠦᠷᠢᠯᠡᠬᠦ ᠵᠡᠷᠭᠡ ᠭᠤᠣᠯ ᠠᠵᠢᠯ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠬᠡᠷᠡᠭ ᠤᠨ ᠵᠢᠱᠢᠶ᠎ᠡ ᠶᠢᠨ ᠵᠠᠳᠠᠯᠤᠯᠲᠠ᠂ ᠮᠥᠷᠭᠦᠯᠳᠦᠯ ᠤᠨ ᠶᠠᠷᠢᠯᠴᠠᠭ᠎ᠠ ᠬᠢᠵᠦ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮᠴᠢ ᠴᠢᠨᠠᠷ ᠤᠨ ᠪᠣᠯᠪᠠᠰᠤᠷᠠᠯ᠂ ᠤᠨᠤᠯ ᠤᠨ ᠲᠦᠪᠰᠢᠨ ᠪᠣᠯᠣᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢ ᠣᠶᠢᠯᠠᠭᠠᠬᠤ᠂ ᠵᠠᠰᠠᠯᠲᠠ ᠶᠢ ᠣᠶᠢᠯᠠᠭᠠᠬ᠊ ᠤ᠂ ᠦᠢᠯᠡᠴᠢᠯᠡᠭᠡ ᠶᠢ ᠣᠶᠢᠯᠠᠭᠠᠬᠤ᠂ ᠰᠢᠨ᠎ᠡ ᠴᠠᠭ ᠦᠶ᠎ᠡ ᠶᠢᠨ ᠤᠯᠠᠨ ᠲᠦᠮᠡᠨ ᠤ ᠠᠵᠢᠯ ᠢ ᠬᠢᠵᠦ ᠴᠢᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠬᠥᠮᠥᠵᠢᠭᠦᠯᠬᠦ ᠪᠠᠷ ᠵᠣᠷᠢᠯᠭ᠎ᠠ ᠪᠣᠯᠭᠠᠨ᠂ ᠰᠢᠷᠢᠰ ︽ᠰ᠊ ‍ᠤᠷᠤᠯᠴᠠᠬᠤ ᠪᠣᠯᠪᠠᠰᠤᠷᠠᠬᠤ ᠠᠳᠠᠯᠢᠳᠬᠠᠬᠤ︾ ᠠᠵᠢᠯᠯᠠᠭ᠎ᠠ ᠶᠢ ᠥᠷᠨᠢᠭᠦᠯᠵᠦ᠂ ︽ᠨᠢᠭᠡᠳᠦᠭᠡᠷ ᠭᠠᠷ︾  ᠤᠨ ᠵᠠᠰᠠᠯᠲᠠ ᠶᠢᠨ ᠴᠢᠳᠠᠪᠤᠷᠢ ᠶᠢ ᠨᠡᠩ ᠰᠢᠷᠪᠦᠰᠦᠯᠢᠭ  ᠪᠤᠯᠭᠠᠨ᠎ᠠ᠃      ︽ᠬᠠᠷᠢᠯᠴᠠᠨ ᠰᠤᠷᠤᠯᠴᠠᠬᠤ︾  ᠪᠠᠷ ᠲᠤᠰ ᠪᠡᠶ᠎ᠡ ᠪᠠᠨ ᠤᠬᠠᠪᠤᠷᠢᠯᠠᠨ᠎ᠠ᠃ ᠪᠣᠯᠪᠠᠰᠤᠷᠠᠯ ᠤᠨ ᠰᠡᠳᠬᠢᠮᠵᠢ ᠶᠢᠨ ᠰᠢᠨ᠎ᠡ ᠶᠢ ᠡᠭᠦᠳᠴᠦ᠂ ᠲᠣᠭᠲᠠᠮᠠᠯ ᠬᠤᠭᠤᠴᠠᠭ᠎ᠠ ᠲᠠᠢ ᠪᠠᠷ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠬᠤᠢ ᠲᠠᠯᠠᠪᠠᠶ ᠶᠢᠨ ᠬᠠᠷᠢᠯᠴᠠᠨ ᠰᠤᠷᠤᠯᠴᠠᠵᠤ ᠬᠠᠷᠢᠯᠴᠠᠨ ᠦᠨᠡᠯᠡᠵᠦ ᠬᠠᠷᠢᠯᠴᠠᠨ ᠲᠣᠯᠢᠯᠠᠬᠤ ᠲᠠᠪᠴᠠᠩ ᠢ ᠪᠠᠶᠢᠭᠤᠯᠵᠤ᠂ ᠡᠯ᠎ᠡ ᠨᠡᠶᠢᠭᠡᠮ ᠲᠣᠭᠤᠷᠢᠭ ᠢ ᠵᠣᠬᠢᠶᠠᠨ ᠪᠠᠶᠢᠭᠤᠯᠵᠤ ᠰᠠᠷ᠎ᠠ ᠪᠦᠷᠢ ᠰᠢᠶᠠᠩ ᠪᠠᠯᠭᠠᠰᠤ ᠠᠯᠤᠰᠯᠠᠭᠰᠠᠨ ᠲᠤᠬᠠᠢ ᠶᠢᠨ ᠭᠠᠵᠠᠷ ᠤᠨ ᠰᠣᠯᠢᠯᠴᠠᠭ᠎ᠠ ᠰᠤᠷᠤᠯᠴᠠᠯᠭ᠎ᠠ ᠶᠢ ᠥᠷᠨᠢᠭᠦᠯᠵᠦ᠂ ᠵᠣᠬᠢᠶᠠᠨ ᠪᠠᠶᠢᠭᠤᠯᠬᠤ ᠬᠡᠯᠲᠡᠰ ᠠᠴᠠ ᠭᠤᠣᠯᠯᠠᠨ ᠡᠷᠬᠢᠯᠡᠵᠦ᠂ 17 ᠨᠡᠶᠢᠭᠡᠮ ᠲᠣᠭᠤᠷᠢᠭ ᠠᠴᠠ ᠡᠭᠡᠯᠵᠢᠯᠡᠨ ᠳᠠᠭᠠᠭᠠᠴᠢᠯᠠᠨ ᠡᠷᠬᠢᠯᠡᠵᠦ᠂ ︽ᠪᠣᠳᠠᠲᠠᠢ᠂ ᠪᠣᠳᠠᠲᠤ ᠬᠡᠷᠡᠭᠴᠡᠭᠡ ᠲᠠᠢ᠂ ᠪᠣᠳᠠᠲᠤ ᠦᠷ᠎ᠡ ᠪᠦᠲᠦᠮᠵᠢ ᠲᠠᠢ︾ ᠪᠠᠶᠢᠬᠤ ᠵᠠᠷᠴᠢᠮ ᠢᠶᠠᠷ᠂ ᠦᠨᠳᠦᠰᠦᠨ ᠱᠠᠲᠤᠨ ᠤ ᠬᠥᠭᠵᠢᠯᠲᠡ ᠳᠤ ᠦᠢᠯᠡᠴᠢᠯᠡᠬᠦ᠂ ᠠᠷᠠᠳ ᠤᠨ ᠠᠮᠢᠳᠤᠷᠠᠯ ᠳᠤ ᠦᠢᠯᠡᠴᠢᠯᠡᠬᠦ᠂ ᠤᠯᠠᠨ ᠲᠦᠮᠡᠨ ᠳᠤ ᠦᠢᠯᠡᠴᠢᠯᠡᠬᠦ ᠵᠣᠪᠠᠭᠤᠷᠢ ᠵᠦᠳᠡᠭᠦᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠲᠣᠭᠤᠷᠢᠭ ᠤᠨ ᠲᠤᠬᠠᠢ ᠶᠠᠷᠢᠬᠤ᠂ ᠲᠦᠷᠦᠯ ᠲᠡᠮᠳᠡᠭ ᠤᠨ ᠲᠤᠬᠠᠢ ᠶᠠᠷᠢᠬᠤ᠂ ᠵᠠᠰᠠᠯᠲᠠ ᠶᠢᠨ ᠲᠤᠬᠠᠢ ᠶᠠᠷᠢᠯᠴᠠᠬᠤ ᠶᠢᠨ ᠲᠣᠭᠤᠷᠢᠨ ᠳᠤ᠂ ︽ᠦᠵᠡᠬᠦ᠂  ᠰᠣᠨᠣᠰᠬᠤ᠂ ᠶᠠᠷᠢᠬᠤ᠂ ᠪᠢᠴᠢᠬᠦ᠂ ᠦᠨᠡᠯᠡᠬᠦ︾ ᠪᠠᠷ ᠳᠠᠮᠵᠢᠨ ᠪᠦᠬᠦ ᠲᠠᠯ᠎ᠠ ᠪᠠᠷ ᠣᠶᠢᠯᠠᠭᠠᠵᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠰᠤᠷᠤᠯᠴᠠᠨ ᠰᠡᠳᠬᠢᠵᠦ ᠦᠢᠯᠡᠳᠦᠯᠭᠡᠵᠢᠭᠦᠯᠬᠦ᠂ ᠰᠠᠶᠢᠨ ᠲᠠᠯ᠎ᠠ ᠶᠢ ᠨᠢ ᠠᠪᠴᠤ ᠰᠠᠭᠠᠷᠠᠤ ᠲᠠᠯ᠎ᠠ ᠪᠠᠨ ᠨᠥᠬᠦᠪᠦᠷᠢᠯᠡᠬᠦ ᠶᠢ ᠠᠬᠢᠭᠤᠯᠤᠨ᠎ᠠ᠃       ᠴᠠᠭ ᠢ ᠠᠮᠵᠢᠨ ︽ᠮᠥᠷᠥᠶᠢᠴᠡᠨ ᠰᠤᠷᠤᠯᠴᠠᠨ᠎ᠠ︾᠃ ᠮᠥᠷᠥᠶᠢᠴᠡᠨ ᠰᠤᠷᠤᠯᠴᠠᠯᠭ᠎ᠠ ᠶᠢ ᠠᠬᠢᠭᠤᠯᠬᠤ᠂ ᠤᠷᠤᠯᠳᠤᠭᠠᠨ ᠢᠶᠠᠷ ᠺᠠᠳ᠋ᠷ ᠢ ᠠᠬᠢᠭᠤᠯᠬᠤ ᠶᠢ ᠲᠤᠪᠤᠶᠢᠯᠭᠠᠵᠦ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠰᠡᠳᠬᠢᠴᠡ ᠠᠷᠭ᠎ᠠ᠂ ᠤᠶᠤᠨ ᠰᠠᠨᠠᠭᠠᠨ ᠤ ᠳᠦᠷᠰᠦ ᠪᠠᠶᠢᠳᠠᠯ᠂ ᠬᠡᠪ ᠴᠢᠨᠠᠷ ᠴᠢᠳᠠᠪᠤᠷᠢ ᠶᠢ ᠪᠦᠬᠦ ᠲᠠᠯ᠎ᠠ ᠪᠠᠷ ᠰᠢᠯᠭᠠᠨ ᠪᠠᠶᠢᠴᠠᠭᠠᠨ᠎ᠠ᠃ ᠪᠠᠯᠭᠠᠰᠤᠨ ᠤ ᠨᠠᠮ ᠤᠨ ᠬᠤᠷᠢᠶ᠎ᠠ ︽ᠭᠠᠷᠠᠭ ᠤᠨ ᠰᠡᠭᠦᠯᠴᠢ ᠶᠢᠨ ᠲᠠᠪᠴᠠᠩ ᠤᠨ ᠤᠷᠤᠯᠳᠤᠭᠠᠨ︾ ᠢ ᠡᠷᠭᠢᠯᠡᠵᠦ᠂ ᠰᠤᠷᠤᠯᠭ᠎ᠠ ᠶᠢᠨ ᠰᠢᠯᠭᠠᠯᠲᠠ ᠶᠢᠨ ᠳᠦᠷᠢᠮ ᠢ ᠪᠠᠶᠢᠭᠤᠯᠤᠨ᠂ ᠮᠡᠳᠡᠯᠭᠡ ᠶᠢᠨ ᠤᠷᠤᠯᠳᠤᠭᠠᠨ ᠶᠠᠪᠤᠭᠤᠯᠬᠤ᠂ ᠮᠠᠷᠭᠤᠬᠤ᠂ ᠲᠦᠷᠭᠡᠨ ᠠᠰᠠᠭᠤᠵᠤ ᠲᠦᠷᠭᠡᠨ ᠬᠠᠷᠢᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠥᠷᠥ ᠶᠢᠨ ᠪᠣᠳᠣᠯᠭ᠎ᠠ ᠶᠢᠨ ᠣᠨᠣᠯ ᠪᠠ ᠲᠤᠬᠠᠶᠢᠯᠠᠭᠰᠠᠨ ᠠᠵᠢᠯ ᠤᠨ ᠰᠠᠭᠤᠷᠢ ᠶᠢ ᠪᠠᠲᠤᠳᠬᠠᠪᠠ᠃ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ︽ᠵᠠᠭᠤᠨ ᠠᠰᠠᠭᠤᠳᠠᠯ ᠢ ᠨᠢᠭᠡ ᠠᠮᠠ  ᠪᠠᠷ ᠲᠣᠳᠣᠷᠬᠠᠢ ᠪᠣᠯᠭᠠᠬᠤ︾ ᠰᠤᠷᠤᠯᠴᠠᠵᠤ ᠬᠡᠷᠡᠭᠯᠡᠬᠦ ᠠᠵᠢᠯᠯᠠᠭ᠎ᠠ ᠶᠢ ᠥᠷᠨᠢᠭᠦᠯᠵᠦ᠂ ᠣᠯᠠᠨ ᠲᠦᠮᠡᠨ ᠤ ᠠᠵᠢᠯ ᠤᠨ ︽ᠠᠷᠪᠠᠨ ᠬᠠᠤᠯᠢ ᠠᠷᠪᠠᠨ ᠰᠤᠷᠭᠠᠯ︾ ᠢ ᠳᠡᠯᠭᠡᠷᠡᠭᠦᠯᠵᠦ᠂ ᠨᠠᠮ ᠤᠨ ᠪᠠᠶᠢᠭᠤᠯᠤᠯᠲᠠ ᠶᠢᠨ ᠠᠷᠪᠠᠨ ᠠᠰᠠᠭᠤᠯᠲᠠ᠂ ᠨᠡᠶᠢᠭᠡᠮ ᠤᠨ ᠪᠠᠶᠢᠳᠠᠯ ᠤᠨ ᠠᠷᠪᠠᠨ ᠠᠰᠠᠭᠤᠯᠲᠠ᠂ ᠠᠷᠠᠳ ᠤᠨ ᠠᠮᠢᠳᠤᠷᠠᠯ ᠤᠨ ᠠᠷᠪᠠᠨ ᠠᠰᠠᠭᠤᠯᠲᠠ ᠂ ᠵᠠᠰᠠᠯᠲᠠ ᠶᠢᠨ ᠠᠷᠪᠠᠨ ᠠᠰᠠᠭᠤᠯᠲᠠ ᠵᠡᠷᠭᠡ ᠪᠠᠷ ᠭᠤᠣᠯᠳᠠᠯᠭ᠎ᠠ ᠪᠣᠯᠭᠠᠨ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠣᠶᠢᠯᠠᠭᠠᠭᠳᠠᠬᠤᠨ᠂ ᠰᠢᠨ᠎ᠡ ᠡᠭᠦᠷᠭᠡ ᠶᠢ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠵᠤ᠂ ᠲᠤᠬᠠᠢ ᠶᠢᠨ ᠲᠠᠯᠠᠪᠤᠷ ᠲᠤ ᠠᠰᠠᠭᠤᠯᠲᠠ ᠬᠠᠷᠢᠭᠤᠯᠲᠠ ᠥᠭᠴᠦ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ᠰᠠᠨᠠᠭᠠᠴᠢᠯᠠᠭ᠎ᠠ ᠠᠴᠠ ᠪᠠᠨ ᠰᠤᠷᠤᠯᠴᠠᠬᠤ︾ ︽ᠲᠠᠪᠯᠠᠨ ᠠᠵᠢᠯᠯᠠᠬᠤ︾ ᠶᠢ ᠭᠡᠳᠡᠷᠭᠦ ᠰᠢᠬᠠᠮᠳᠠᠭᠤᠯᠵᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠲᠡᠷᠢᠭᠦᠨ ᠤ ᠬᠢ ᠶᠢ ᠡᠭᠦᠳᠬᠦ ᠪᠠᠷ ᠴᠢᠷᠮᠠᠶᠢᠬᠤ ᠶᠢ ᠵᠣᠷᠢᠭᠵᠢᠭᠤᠯᠤᠨ᠎ᠠ      ᠭᠠᠳᠠᠭᠰᠢ ᠭᠠᠷᠴᠤ ︽ᠡᠷᠳᠡᠮ ᠰᠢᠨᠵᠢᠯᠡᠭᠡᠨ ᠤ ᠰᠤᠳᠤᠯᠭᠠᠨ︾   ᠢ ᠲᠣᠭᠤᠷᠢᠨ ᠦᠵᠡᠨ᠎ᠡ᠃ ᠱᠦᠵᠢ ᠶᠢ ᠭᠠᠳᠠᠭᠰᠢ ᠭᠠᠷᠭᠠᠵᠤ᠂ ᠲᠤᠷᠰᠢᠯᠭ᠎ᠠ ᠶᠢ ᠣᠷᠣᠭᠤᠯᠤᠨ ᠠᠪᠴᠢᠷᠠᠵᠤ᠂ ᠨᠡᠶᠢᠭᠡᠮ ᠲᠣᠭᠤᠷᠢᠭ ᠤᠨ ᠠᠵᠢᠯ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠠᠬᠢᠭᠤᠯᠤᠨ᠎ᠠ᠃ ︽ᠠᠰᠠᠭᠤᠳᠠᠯ ᠳᠤᠷᠠᠳᠬᠤ ︱ ᠭᠠᠵᠠᠷ ᠰᠣᠩᠭᠤᠬᠤ ︱ ᠰᠤᠳᠤᠯᠤᠨ ᠦᠢᠯᠡᠳᠬᠦ ᠲᠥᠰᠥᠯ ︱ ᠰᠢᠨᠤᠯᠲᠠᠢ ᠲᠣᠭᠤᠷᠢᠨ ᠦᠵᠡᠬᠦ ︱ ᠰᠡᠳᠬᠢᠴᠡ ᠪᠠᠨ ᠬᠤᠪᠢᠷᠠᠭᠤᠯᠬᠤ ︱ ᠥᠪᠡᠷ ᠢ ᠪᠠᠨ ᠳᠡᠭᠡᠭᠰᠢᠯᠡᠭᠦᠯᠬᠦ︾ ᠭᠠᠳᠠᠭᠰᠢ ᠭᠠᠷᠴᠤ ᠰᠤᠷᠤᠯᠴᠠᠬᠤ ᠪᠢᠲᠡᠭᠦᠦ ᠴᠠᠭᠠᠷᠢᠭ ᠤᠨ ᠬᠡᠯᠬᠢᠶ᠎ᠡ ᠶᠢ ᠪᠠᠶᠢᠭᠤᠯᠵᠤ᠂ ᠲᠣᠭᠲᠠᠮᠠᠯ ᠪᠤᠰᠤ ᠬᠤᠭᠤᠴᠠᠭ᠎ᠠ  ᠲᠠᠢ  ᠪᠠᠷ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠷ ᠢ ᠵᠣᠬᠢᠶᠠᠨ ᠪᠠᠶᠢᠭᠤᠯᠤᠨ ᠬᠠᠩᠵᠧᠦ᠂ ᠣᠷᠳᠣᠰ᠂ ᠦᠬᠠᠢ᠂ ᠪᠤᠭᠤᠲᠤ ᠵᠡᠷᠭᠡ ᠭᠠᠵᠠᠷ ᠲᠤ ᠣᠴᠢᠭᠤᠯᠵᠤ᠂ ︽ᠲᠤᠷᠰᠢᠯᠭ᠎ᠠ ᠰᠤᠷᠤᠯᠴᠠᠬᠤ᠂ ᠵᠥᠷᠢᠶ᠎ᠡ ᠪᠠᠨ ᠡᠷᠢᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ᠂ ᠳᠡᠭᠡᠭᠰᠢᠯᠡᠭᠦᠯᠬᠦ ᠶᠢ ᠠᠬᠢᠭᠤᠯᠬᠤ︾ ᠱᠠᠭᠠᠷᠳᠠᠯᠭ᠎ᠠ ᠶᠣᠰᠣᠭᠠᠷ᠂ ᠲᠡᠷᠢᠭᠦᠨ ᠤ ᠭᠠᠵᠠᠷ ᠣᠷᠣᠨ ᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠰᠡᠳᠬᠢᠴᠡ᠂ ᠰᠢᠨ᠎ᠡ ᠠᠷᠭ᠎ᠠ ᠪᠠ ᠰᠢᠨ᠎ᠡ ᠠᠷᠭ᠎ᠠ ᠬᠡᠮᠵᠢᠶ᠎ᠡ ᠶᠢ ᠰᠤᠷᠤᠯᠴᠠᠨ ᠲᠣᠯᠢᠯᠠᠬᠤ ᠶᠢᠨ ᠬᠠᠮᠲᠤ᠂ ᠲᠡᠷᠢᠭᠦᠨ ᠤ ᠨᠡᠶᠢᠭᠡᠮ ᠲᠣᠭᠤᠷᠢᠭ ᠯᠤᠭ᠎ᠠ ᠬᠤᠣᠰᠯᠠᠨ ᠬᠠᠮᠲᠤ ᠪᠠᠷ ᠪᠠᠶᠢᠭᠤᠯᠬᠤ᠂ ᠦᠷᠭᠦᠯᠵᠢᠯᠡᠨ ᠰᠣᠯᠢᠯᠴᠠᠬᠤ ᠶᠢ ᠢᠳᠡᠪᠬᠢᠲᠡᠢ ᠠᠬᠢᠭᠤᠯᠵᠤ᠂ ︽ᠪᠤᠰᠤᠳ ᠤᠨ ᠠᠭᠤᠯᠠ ᠶᠢᠨ ᠴᠢᠯᠠᠭᠤ︾ ᠪᠠᠷ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠰᠡᠳᠬᠢᠴᠡ ᠪᠠᠨ ᠬᠤᠪᠢᠷᠠᠭᠤᠯᠵᠤ ᠬᠠᠷᠠᠭ᠎ᠠ ᠪᠠᠨ ᠥᠷᠭᠡᠳᠬᠡᠬᠦ᠂ ᠴᠢᠳᠠᠪᠤᠷᠢ ᠪᠠᠨ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃      ᠨᠡᠶᠢᠲᠡᠯᠢᠭ ᠵᠢᠱᠢᠶ᠎ᠡ ᠪᠠᠷ ᠵᠠᠮᠴᠢᠯᠠᠬᠤ ᠳᠤ ︽ᠠᠮᠢᠳᠤᠯᠢᠭ ᠢᠶᠠᠷ ᠰᠤᠷᠤᠯᠴᠠᠬᠤ︾ ᠬᠡᠷᠡᠭᠲᠡᠢ᠃ ᠨᠠᠷᠢᠯᠢᠭ᠂ ᠠᠮᠢᠳᠤᠯᠢᠭ ᠢᠶᠠᠷ ᠰᠤᠷᠴᠤ ᠠᠮᠢᠳᠤᠯᠢᠭ ᠢᠶᠠᠷ ᠬᠡᠷᠡᠭᠯᠡᠬᠦ ᠶᠢ ᠲᠤᠪᠤᠶᠢᠯᠭᠠᠵᠦ᠂ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠤᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠦᠨᠳᠦᠰᠦᠯᠡᠨ ︽ᠨᠢᠭᠡ ᠨᠡᠶᠢᠭᠡᠮ ᠲᠣᠭᠤᠷᠢᠭ ᠲᠤ ᠨᠢᠭᠡ ᠨᠡᠷᠡᠳᠤ ᠲᠡᠮᠳᠡᠭᠲᠦ᠂ ᠨᠢᠭᠡ ᠨᠡᠶᠢᠭᠡᠮ ᠲᠣᠭᠤᠷᠢᠭ ᠲᠤ ᠨᠢᠭᠡ ᠣᠨᠴᠠᠯᠢᠭ︾ ᠢ ᠬᠦᠴᠦᠯᠡᠨ ᠪᠤᠢ ᠪᠣᠯᠭᠠᠵᠤ᠂ ᠵᠢᠯ ᠪᠦᠷᠢ 1 ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠵᠤ᠂ ᠨᠠᠮ ᠤᠨ ᠪᠠᠶᠢᠭᠤᠯᠤᠯᠲᠠ ᠶᠢ ᠠᠳᠬᠤᠨ ᠦᠨᠳᠦᠰᠦᠨ ᠱᠠᠲᠤᠨ ᠤ ᠵᠠᠰᠠᠯᠲᠠ ᠶᠢ ᠠᠬᠢᠭᠤᠯᠬᠤ ᠴᠢᠳᠠᠪᠤᠷᠢ ᠶᠢ ᠳᠡᠭᠡᠭᠰᠢᠯᠡᠭᠦᠯᠬᠦ ︽ᠵᠡᠪᠰᠡᠭ ᠤᠨ ᠡᠷᠳᠡᠮ ᠤᠨ ᠮᠥᠷᠥᠶᠢᠴᠡᠭᠡᠨ︾ ᠢ ᠴᠠᠭ ᠲᠤᠬᠠᠢ ᠳᠤᠨᠢ ᠡᠷᠬᠢᠯᠡᠵᠦ᠂ ᠰᠢᠯᠢᠳᠡᠭ ᠠᠷᠭ᠎ᠠ ᠬᠢᠳᠡᠯ ᠢ ᠳ᠋ᠦᠩᠨᠡᠨ ᠪᠣᠯᠪᠠᠰᠤᠷᠠᠭᠤᠯᠵᠤ᠂ ᠰᠢᠯᠢᠳᠡᠭ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠦᠨ᠎ᠡ᠃ ︽ᠱᠦᠵᠢ ᠶᠢᠨ ᠶᠠᠷᠢᠶᠠᠨ ᠤ ᠲᠠᠪᠴᠠᠩ᠂ ᠲᠦᠷᠦᠭᠦᠴᠢ ᠭᠠᠯᠠᠭᠤ ᠶᠢᠨ ᠬᠢᠴᠢᠶᠡᠯ ᠤᠨ ᠲᠠᠩᠬᠢᠮ︾ ᠢᠶᠠᠷ ᠳᠠᠮᠵᠢᠭᠤᠯᠤᠨ ᠤᠬᠠᠭᠤᠯᠤᠨ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠨᠡᠶᠢᠲᠡᠯᠢᠭ ᠵᠢᠱᠢᠶ᠎ᠡ ᠪᠠᠷ ᠵᠠᠮ ᠳᠠᠭᠠᠭᠤᠯᠬᠤ᠂ ᠲᠤᠷᠰᠢᠯᠭ᠎ᠠ ᠶᠢ ᠳᠡᠯᠭᠡᠷᠡᠭᠦᠯᠬᠦ᠂ ᠵᠢᠱᠢᠶ᠎ᠡ ᠦᠵᠡᠭᠦᠯᠦᠨ ᠳᠠᠶᠢᠴᠢᠯᠠᠬᠤ ᠶᠢ ᠲᠠᠰᠤᠷᠠᠯᠲᠠ ᠦᠭᠡᠢ ᠴᠢᠩᠭᠠᠳᠬᠠᠨ᠂ ᠦᠨᠳᠦᠰᠦᠨ ᠱᠠᠲᠤ ᠶᠢ ᠶᠡᠬᠡᠪᠡᠷ ᠠᠳᠬᠤᠬᠤ᠂ ᠵᠠᠰᠠᠯᠲᠠ ᠶᠢ ᠠᠮᠢᠳᠤᠯᠢᠭ ᠬᠢᠬᠦ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠣᠯᠠᠨ ᠲᠦᠮᠡᠨ ᠤ ᠪᠠᠴᠢᠮ ᠪᠡᠷᠬᠡ ᠵᠣᠪᠠᠵᠤ ᠪᠠᠶᠢᠭ᠎ᠠ ᠠᠰᠠᠭᠤᠳᠠᠯ ᠳᠤ ᠬᠠᠷᠢᠭᠤ ᠥᠭᠬᠦ ᠳᠤᠮᠳᠠ ᠵᠠᠰᠠᠯᠲᠠ ᠶᠢᠨ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ︽ᠲᠦᠷᠦᠭᠦᠴᠢ ᠭᠠᠯᠠᠭᠤ ᠶᠢᠨ ᠦᠢᠯᠡᠳᠦᠯ︾ ᠢᠶᠠᠷ ᠨᠡᠶᠢᠭᠡᠮ ᠲᠣᠭᠤᠷᠢᠭ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠠᠶᠢᠴᠢᠯᠠᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ ᠤᠨ ᠶᠦᠨ ᠵᠦᠩ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1