ᠲᠣᠭᠲᠠᠬᠤ ᠰᠢᠶᠠᠨ ᠤ ᠨᠣᠮ ᠤᠨ ᠰᠠᠩ 2024 ᠣᠨ ᠤ ︽ᠪᠢᠳᠡᠨ ᠤ ᠪᠠᠶᠠᠷ ᠤᠨ ᠡᠳᠦᠷ · 4.23 ᠳᠡᠯᠡᠬᠡᠢ ᠶᠢᠨ ᠨᠣᠮ ᠤᠩᠰᠢᠬᠤ ᠡᠳᠦᠷ︾ ᠤᠨ ᠪᠠᠭᠠᠴᠤᠳ ᠬᠡᠦᠬᠡᠳ ᠤᠨ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ ᠡᠷᠭᠢᠯᠡᠪᠡ
ᠨᠡᠶᠢᠲᠡᠯᠡᠭᠰᠡᠨ ᠴᠠᠭ᠄
2024/4/19
      ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠵᠤ᠂ ᠪᠠᠭᠠᠴᠤᠳ ᠬᠡᠦᠬᠡᠳ ᠤᠨ ᠡᠬᠡ ᠤᠯᠤᠰ ᠢᠶᠠᠨ ᠬᠠᠶᠢᠷᠠᠯᠠᠬᠤ᠂ ᠨᠤᠲᠤᠭ ᠤᠰᠤ ᠪᠠᠨ ᠬᠠᠶᠢᠷᠠᠯᠠᠬᠤ ᠬᠠᠶᠢᠷ᠎ᠠ ᠰᠡᠳᠬᠢᠯᠭᠡ ᠶᠢ ᠬᠥᠭᠵᠢᠭᠡᠵᠦ᠂ ᠰᠣᠶᠣᠯ ᠤᠨ ᠢᠲᠡᠭᠡᠯ ᠢ ᠪᠠᠲᠤᠳᠬᠠᠬᠤ ᠶᠢᠨ ᠲᠥᠯᠥᠭᠡ᠂ 4 ᠳ᠋ᠤᠭᠡᠷ ᠰᠠᠷ᠎ᠠ ᠶᠢᠨ 10 ︱ 4 ᠳ᠋ᠤᠭᠡᠷ ᠰᠠᠷ᠎ᠠ ᠶᠢᠨ 19 ᠤ ᠡᠳᠦᠷ ᠪᠤᠯᠳᠠᠯ᠎ᠠ᠂ ᠲᠣᠭᠲᠠᠬᠤ ᠰᠢᠶᠠᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠲᠣᠭᠲᠠᠬᠤ ᠰᠢᠶᠠᠨ ᠤ ᠨᠣᠮ ᠤᠨ ᠰᠠᠩ ᠠᠴᠠ ᠳᠠᠭᠠᠭᠠᠴᠢᠯᠠᠨ ᠡᠷᠬᠢᠯᠡᠭᠰᠡᠨ 2024 ᠣᠨ ᠤ ︽ᠮᠠᠨ ᠤ ᠪᠠᠶᠠᠷ ᠤᠨ ᠡᠳᠦᠷ · 4.23 ᠳᠡᠯᠡᠬᠡᠢ ᠶᠢᠨ ᠨᠣᠮ ᠤᠩᠰᠢᠬᠤ ᠡᠳᠦᠷ︾ ᠤᠨ ᠪᠠᠭᠠᠴᠤᠳ ᠤᠨ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ ᠲᠣᠭᠲᠠᠬᠤ ᠰᠢᠶᠠᠨ ᠤ ᠨᠣᠮ ᠤᠨ ᠰᠠᠩ ᠳᠤ ᠶᠠᠪᠤᠭᠳᠠᠪᠠ᠃
     ᠲᠣᠰ ᠤᠳᠠᠭᠠᠨ ᠤ ᠪᠠᠭᠠᠴᠤᠳ ᠬᠡᠦᠬᠡᠳ ᠤᠨ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠨᠢ ᠨᠤᠲᠤᠭ ᠤᠨ ᠢᠶᠠᠨ ᠲᠡᠦᠬᠡ ᠰᠣᠶᠣᠯ᠂ ᠨᠤᠲᠤᠭ ᠤᠨ ᠵᠠᠩ ᠠᠭᠠᠯᠢ᠂ ᠬᠥᠭᠵᠢᠯᠲᠡ ᠶᠢᠨ ᠠᠮᠵᠢᠯᠲᠠ ᠪᠦᠲᠦᠮᠵᠢ᠂ ᠴᠠᠭ ᠦᠶ᠎ᠡ ᠶᠢᠨ ᠳᠦᠷᠰᠦ ᠪᠠᠶᠢᠳᠠᠯ ᠵᠡᠷᠭᠡ ᠴᠢᠯᠦᠭᠡᠲᠦ ᠰᠡᠳᠦᠪ ᠤᠨ ᠲᠣᠭᠤᠷᠢᠨ ᠳᠤ ᠵᠣᠬᠢᠶᠠᠨ ᠪᠦᠲᠦᠭᠡᠵᠦ᠂ ᠤᠰᠤᠨ ᠪᠤᠳᠤᠭ ᠤᠨ ᠵᠢᠷᠤᠭ᠂ ᠬᠢᠲᠠᠳ ᠵᠢᠷᠤᠭ᠂ ᠪᠣᠷᠣ ᠵᠢᠷᠤᠭ᠂ ᠬᠠᠲᠠᠭᠤ ᠪᠢᠷ ᠤᠨ ᠤᠷᠠᠨ ᠪᠢᠴᠢᠯᠭᠡ᠂ ᠪᠦᠲᠦᠭᠡᠯᠴᠢ ᠭᠠᠷ ᠤᠷᠠᠯᠠᠯ ᠵᠡᠷᠭᠡ ᠣᠯᠠᠨ ᠵᠦᠢᠯ ᠤᠨ ᠢᠯᠡᠷᠡᠭᠦᠯᠦᠯ ᠤᠨ ᠬᠡᠯᠪᠡᠷᠢ ᠪᠠᠷ ᠵᠣᠬᠢᠶᠠᠨ ᠪᠦᠲᠦᠭᠡᠭᠰᠡᠨ ᠪᠠᠭᠠᠴᠤᠳ ᠬᠡᠦᠬᠡᠳ ᠤᠨ ᠵᠠᠭᠤ ᠭᠠᠷᠤᠢ ᠤᠷᠠᠨ ᠵᠢᠷᠤᠭ ᠤᠨ ᠪᠦᠲᠦᠭᠡᠯ ᠢ ᠳᠡᠯᠭᠡᠨ ᠦᠵᠡᠭᠦᠯᠵᠡᠢ᠃
     ᠵᠢᠷᠤᠭ ᠨᠢᠭᠡᠪᠦᠷᠢ ᠨᠢ ᠴᠥᠮ ᠲᠡᠳᠡᠨ ᠤ ᠰᠡᠳᠬᠢᠯ ᠲᠠᠯᠪᠢᠨ ᠠᠵᠢᠭᠯᠠᠵᠤ᠂ ᠤᠷᠭᠤᠭᠤᠯᠤᠨ ᠪᠣᠳᠣᠯᠲᠠ ᠪᠠ ᠵᠣᠬᠢᠶᠠᠨ ᠪᠦᠲᠦᠭᠡᠯᠭᠡ ᠶᠢᠨ ᠬᠢᠨᠢ ᠦᠷ᠎ᠡ ᠪᠦᠲᠦᠭᠡᠯ ᠶᠤᠮ᠃ ᠵᠦᠢᠯ ᠪᠦᠷᠢ ᠳᠤ ᠴᠥᠮ ᠥᠪᠡᠷᠮᠢᠴᠡ ᠣᠨᠴᠠᠯᠢᠭ ᠲᠠᠢ ᠢᠯᠡᠳᠬᠡᠯᠲᠡ ᠶᠢ ᠠᠬᠤᠭᠤᠯᠵᠤ ᠪᠠᠶᠢᠳᠠᠭ᠂ ᠳᠡᠳᠡ ᠳᠥᠭᠦᠮᠬᠡᠨ ᠵᠢᠷᠤᠭᠠᠰᠤ ᠪᠠ ᠭᠡᠭᠡᠨ ᠲᠤᠩᠭᠠᠯᠠᠭ ᠥᠩᠭᠡ ᠪᠤᠳᠤᠭ ᠢᠶᠠᠷ ᠢᠶᠠᠨ ᠳᠡᠯᠡᠬᠡᠢ ᠶᠢᠷᠲᠢᠨᠴᠦ ᠶᠢᠨ ᠲᠤᠬᠠᠢ ᠠᠩᠬ᠎ᠠ ᠠᠯᠬᠤᠮ ᠤᠨ ᠲᠠᠨᠢᠯᠲᠠ ᠪᠠ ᠬᠢᠵᠠᠭᠠᠯᠠᠰᠢ ᠦᠭᠡᠢ ᠳᠦᠷᠰᠦᠯᠡᠨ ᠪᠤᠳᠤᠬᠤ ᠴᠢᠳᠠᠪᠤᠷᠢ ᠪᠠᠨ ᠢᠯᠡᠳᠬᠡᠵᠦ᠂ ᠳᠡᠳᠡᠨ ᠤ ᠡᠬᠡ ᠤᠯᠤᠰ ᠪᠠ ᠨᠤᠲᠤᠭ ᠤᠰᠤ ᠪᠠᠨ ᠮᠠᠭᠲᠠᠨ ᠰᠠᠶᠢᠰᠢᠶᠠᠬᠤ ᠪᠠ ᠬᠠᠶᠢᠷᠠᠯᠠᠬᠤ ᠰᠡᠳᠬᠢᠯᠭᠡ ᠶᠢ ᠭᠦᠢᠴᠡᠳ ᠢᠯᠡᠷᠡᠭᠦᠯᠵᠦ᠂ ᠲᠤᠬᠠᠢ ᠶᠢᠨ ᠲᠠᠯᠠᠪᠠᠢ ᠶᠢᠨ ᠤᠩᠰᠢᠭᠴᠢᠳ ᠲᠤ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠭᠦᠨᠵᠡᠭᠡᠢ ᠣᠶᠢᠯᠠᠭᠠᠭᠤᠯᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠣᠶᠢᠯᠠᠭᠠᠭᠤᠯᠵᠤ᠂ ᠰᠣᠶᠣᠯ ᠤᠨ ᠢᠲᠡᠭᠡᠯ ᠢ ᠨᠢ ᠨᠡᠮᠡᠭᠳᠡᠭᠦᠯᠵᠡᠢ᠃
     ᠲᠣᠰ ᠤᠳᠠᠭᠠᠨ ᠤ ᠠᠵᠢᠯᠯᠠᠭ᠎ᠠ ᠨᠢ ᠪᠠᠭᠠᠴᠤᠳ ᠬᠡᠦᠬᠡᠳ ᠲᠤ ᠥᠪᠡᠷ ᠢ ᠪᠠᠨ ᠳᠡᠯᠭᠡᠨ ᠦᠵᠡᠭᠦᠯᠬᠦ ᠪᠠ ᠰᠤᠷᠤᠯᠴᠠᠯᠭ᠎ᠠ ᠰᠣᠯᠢᠯᠴᠠᠭ᠎ᠠ ᠶᠢᠨ ᠰᠠᠶᠢᠨ ᠲᠠᠪᠴᠠᠩ ᠢ ᠪᠠᠶᠢᠭᠤᠯᠵᠤ ᠥᠭᠬᠦ ᠶᠢᠨ ᠬᠠᠮᠲᠤ ᠪᠠᠰᠠ ᠲᠣᠭᠲᠠᠬᠤ ᠰᠢᠶᠠᠨ ᠤ ᠨᠣᠮ ᠤᠨ ᠰᠠᠩ ᠤᠨ ᠵᠠᠯᠠᠭᠤᠴᠤᠳ ᠪᠠᠭᠠᠴᠤᠳ ᠤᠨ ᠪᠥᠬᠦ ᠠᠷᠠᠳ ᠤᠨ ᠤᠩᠰᠢᠯᠭ᠎ᠠ ᠶᠢ ᠳᠡᠯᠭᠡᠷᠡᠭᠦᠯᠬᠦ ᠦᠢᠯᠡᠴᠢᠯᠡᠭᠡ ᠶᠢ ᠥᠷᠭᠡᠳᠬᠡᠬᠦ ᠲᠠᠯ᠎ᠠ ᠪᠠᠷ ᠬᠢ ᠢᠳᠡᠪᠬᠢᠲᠡᠢ ᠰᠢᠨ᠎ᠡ ᠡᠭᠦᠳᠦᠯᠲᠡ ᠪᠠ ᠴᠢᠷᠮᠠᠶᠢᠯᠭ᠎ᠠ ᠶᠢ ᠤᠯᠠᠮ ᠨᠢᠭᠡ ᠠᠯᠬᠤᠮ ᠬᠠᠷᠠᠭᠤᠯᠵᠠᠢ᠃ ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠨᠣᠮ ᠤᠨ ᠰᠠᠩ ᠡᠯᠪᠡᠭ ᠪᠠᠶᠠᠯᠢᠭ ᠰᠣᠶᠣᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠵᠤ᠂ ᠤᠩᠰᠢᠭᠴᠢᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1