ᠲᠣᠭᠲᠠᠬᠤ ᠰᠢᠶᠠᠨ᠂ ᠢᠦᠢ ᠴᠢᠤᠸᠠᠨ ᠲᠣᠭᠤᠷᠢᠭ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠢᠯᠢᠳᠡᠭ ᠢ ᠡᠭᠦᠳᠬᠦ ᠬᠥᠭᠵᠢᠯᠲᠡ ᠶᠢᠨ ᠬᠠᠮᠲᠤ ᠶᠢᠨ ᠴᠣᠭᠴᠠ ᠳᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/4/19
       ︽ᠬᠥᠬᠡᠬᠤᠲᠠ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠳᠤ ᠲᠦᠭᠡᠮᠡᠯ ᠬᠠᠷᠠᠭᠠᠯᠵᠠᠯ ᠦᠵᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ︾ ︽ᠬᠥᠬᠡᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ 10 ᠵᠦᠢᠯ ᠤᠨ ᠠᠷᠭ᠎ᠠ ᠬᠡᠮᠵᠢᠶ᠎ᠡ ᠶᠢᠨ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠤᠱᠯᠠᠭᠤᠯᠤᠨ  ᠨᠠᠶᠢᠳᠠᠪᠦᠷᠢᠵᠢᠭᠤᠯᠵᠤ᠂ ᠨᠢᠭᠡ ᠪᠦᠯᠦᠭ ᠬᠡᠦᠬᠡᠳ ᠤᠨ ᠴᠡᠴᠡᠷᠯᠢᠭ ᠡᠷᠭᠢᠯᠡᠬᠦ ᠬᠠᠮᠢᠶᠠᠷᠤᠯᠲᠠ ᠨᠢ ᠵᠢᠷᠤᠮᠵᠢᠯ ᠲᠠᠢ ᠡᠮᠬᠢ ᠵᠢᠷᠤᠮ ᠲᠠᠢ᠂ ᠪᠠᠭᠰᠢ ᠶᠢᠨ ᠡᠩᠨᠡᠭᠡ ᠶᠢᠨ ᠬᠡᠪ ᠴᠢᠨᠠᠷ ᠰᠢᠯᠢᠳᠡᠭ ᠰᠠᠶᠢᠨ᠂ ᠠᠰᠠᠷᠠᠨ ᠬᠥᠮᠥᠵᠢᠭᠦᠯᠬᠦ ᠶᠠᠰᠤ ᠴᠢᠨᠠᠷ ᠨᠡᠯᠢᠶᠡᠳ ᠥᠨᠳᠥᠷ᠂ ᠲᠠᠯᠠᠪᠤᠷ ᠲᠥᠬᠦᠭᠡᠷᠦᠮᠵᠢ ᠶᠢᠨ ᠣᠷᠣᠭᠤᠯᠤᠯᠲᠠ ᠨᠢ ᠬᠦᠴᠦᠲᠡᠢ᠂ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠭᠰᠡᠨ ᠭᠡᠷ ᠤᠨ ᠡᠭᠦᠳᠡᠨ ᠳᠠᠬᠢ ᠰᠠᠶᠢᠨ ᠬᠡᠦᠬᠡᠳ ᠤᠨ ᠴᠡᠴᠡᠷᠯᠢᠭ ᠢ ᠪᠣᠶ ᠪᠤᠯᠭᠠᠵᠤ᠂ ᠮᠠᠨ ᠤ ᠰᠢᠶᠠᠨ ᠤ ᠰᠤᠷᠬᠤ ᠨᠠᠰᠤᠨ  ᠠᠴᠠ ᠡᠮᠦᠨᠡᠬᠢ ᠰᠤᠷᠭᠠᠨ ᠬᠥᠮᠦᠵᠢᠯ ᠤᠨ ᠡᠷᠬᠡ ᠲᠡᠭᠰᠢ ᠬᠥᠭᠵᠢᠯᠲᠡ ᠪᠠ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠵᠤ᠂ ᠠᠷᠠᠳ ᠣᠯᠠᠨ ᠤ ᠨᠡᠶᠢᠳᠡᠮ ᠬᠠᠷᠠᠭᠠᠯᠵᠠᠬᠤ ᠰᠤᠷᠬᠤ ᠨᠠᠰᠤᠨ ᠠᠴᠠ ᠡᠮᠦᠨᠡᠬᠢ ᠰᠢᠯᠢᠳᠡᠭ ᠰᠤᠷᠭᠠᠨ ᠬᠥᠮᠦᠵᠢᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠶᠢᠨ ᠲᠦᠯᠦᠭᠡ᠂ 2024 ᠣᠨ ᠤ 4 ᠳ᠋ᠤᠭᠠᠷ ᠰᠠᠷ᠎ᠠ ᠶᠢᠨ 16 ᠤ ᠡᠳᠦᠷ᠂ ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠪᠠ ᠢᠦᠢ ᠴᠢᠥᠸᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠲᠣᠭᠲᠠᠬᠤ ᠰᠢᠶᠠᠨ ᠤ ᠵᠠᠯᠠᠭᠤᠴᠤᠳ ᠪᠠᠭᠠᠴᠤᠳ ᠤᠨ ᠣᠷᠳᠣᠨ ᠤ ᠬᠠᠷᠢᠶᠠᠲᠤ ᠬᠡᠦᠬᠡᠳ ᠤᠨ ᠴᠡᠴᠡᠷᠯᠢᠭ ᠲᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠢᠯᠢᠳᠡᠭ ᠢ ᠡᠭᠦᠳᠬᠦ ᠬᠥᠭᠵᠢᠯᠲᠡ ᠶᠢᠨ ᠬᠠᠮᠲᠤ ᠶᠢᠨ ᠴᠣᠭᠴᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃
     ᠮᠠᠨ ᠤ ᠰᠢᠶᠠᠨ ᠤ 11 ᠡᠭᠦᠳᠦᠨ ᠪᠠᠶᠢᠭᠤᠯᠤᠭᠰᠠᠨ ᠴᠡᠴᠡᠷᠯᠢᠭ ᠬᠢᠭᠡᠳ ᠢᠦᠢ ᠴᠢᠥᠸᠠᠨ ᠲᠣᠭᠤᠷᠢᠭ ᠤᠨ 6 ᠲᠣᠯᠣᠭᠠᠶᠢᠯᠠᠭᠴᠢ ᠴᠡᠴᠡᠷᠯᠢᠭ ᠭᠡᠷ᠎ᠡ ᠲᠣᠭᠲᠠᠨ ᠫᠠᠶᠢᠰᠠ ᠣᠯᠭᠤᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠮᠲᠤ ᠶᠢᠨ ᠴᠣᠭᠴᠠ ᠶᠢ 6 ᠪᠠᠶᠢᠭᠤᠯᠪᠠ᠃ ᠬᠡᠯᠡᠯᠴᠡᠭᠡᠷ ᠢ ᠦᠨᠳᠦᠰᠦᠯᠡᠪᠡᠯ᠂ ᠢᠦᠢ ᠴᠢᠥᠸᠠᠨ ᠲᠣᠭᠤᠷᠢᠭ ᠪᠣᠯᠣᠨ ᠲᠣᠭᠲᠠᠬᠤ ᠰᠢᠶᠠᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠪᠠᠭᠰᠢ ᠶᠢᠨ ᠡᠩᠨᠡᠭᠡᠨ ᠤ ᠰᠣᠯᠢᠯᠴᠠᠭ᠎ᠠ᠂ ᠬᠢᠴᠢᠶᠡᠯ ᠪᠣᠯᠣᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢ ᠬᠠᠮᠲᠤ ᠪᠠᠷ ᠲᠦᠯᠬᠢᠨ ᠠᠬᠢᠭᠤᠯᠬᠤ ᠪᠣᠯᠣᠨ᠎ᠠ᠃ ᠬᠤᠶᠠᠷ ᠲᠠᠯ᠎ᠠ ᠪᠠᠷ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠡᠷᠳᠡᠮ ᠰᠢᠨᠵᠢᠯᠡᠭᠡᠨ ᠤ ᠰᠣᠯᠢᠯᠴᠠᠭ᠎ᠠ᠂ ᠵᠢᠭᠠᠨ ᠰᠤᠷᠭᠠᠯᠲᠠ ᠶᠢᠨ ᠰᠤᠳᠤᠯᠤᠨ ᠶᠠᠷᠢᠯᠴᠠᠬᠤ ᠵᠡᠷᠭᠡ ᠠᠵᠢᠯᠯᠠᠭ᠎ᠠ ᠶᠢ ᠥᠷᠨᠢᠭᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠬᠤᠶᠠᠷ ᠭᠠᠵᠠᠷ ᠣᠷᠣᠨ ᠤ ᠬᠡᠦᠬᠡᠳ ᠲᠤ ᠨᠠᠩ ᠰᠢᠯᠢᠳᠡᠭ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠦᠢᠯᠡᠴᠢᠯᠡᠭᠡ ᠬᠠᠩᠭᠠᠨ᠎ᠠ᠃
     ᠲᠣᠰ ᠤᠳᠠᠭᠠᠨ ᠤ ᠭᠠᠷ ᠤᠨ ᠥᠰᠥᠭ ᠵᠢᠷᠤᠬᠤ ᠶᠣᠰᠣᠯᠠᠯ ᠢ ᠠᠮᠵᠢᠯᠲᠠ ᠲᠠᠢ ᠡᠷᠭᠢᠯᠡᠭᠰᠡᠨ ᠨᠢ ᠲᠣᠭᠲᠠᠬᠤ ᠰᠢᠶᠠᠨ᠂ ᠢᠦᠢ ᠴᠢᠤᠸᠠᠨ ᠲᠣᠭᠤᠷᠢᠭ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠢᠯᠢᠳᠡᠭ ᠢ ᠡᠭᠦᠳᠬᠦ ᠬᠥᠭᠵᠢᠯᠲᠡ ᠶᠢᠨ ᠬᠠᠮᠲᠤ ᠶᠢᠨ ᠴᠣᠭᠴᠠ ᠶᠢᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ ᠢᠦᠢ ᠴᠢᠤᠸᠠᠨ ᠲᠣᠭᠤᠷᠢᠭ ᠤᠨ ᠡᠯ᠎ᠡ ᠲᠣᠯᠣᠭᠠᠶᠢᠯᠠᠭᠴᠢ ᠴᠡᠴᠡᠷᠯᠢᠭ ᠤᠨ ᠳᠡᠮᠵᠢᠯᠭᠡ ᠳᠣᠣᠷ᠎ᠠ᠂ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠮᠠᠨ ᠤ ᠰᠢᠶᠠᠨ ᠤ ᠡᠯ᠎ᠡ ᠡᠭᠦᠳᠦᠨ ᠪᠠᠶᠢᠭᠤᠯᠤᠭᠰᠠᠨ  ᠴᠡᠴᠡᠷᠯᠢᠭ ᠪᠣᠳᠠᠲᠤ ᠦᠷ᠎ᠡ ᠪᠦᠲᠦᠮᠵᠢ ᠪᠠᠨ ᠪᠠᠳᠠᠷᠠᠭᠤᠯᠵᠤ᠂ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠣᠷᠣᠨ ᠤ ᠲᠥᠪ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯ ᠴᠡᠴᠡᠭᠯᠡᠯ ᠳᠤ ᠨᠡᠩ ᠶᠡᠭᠡ ᠬᠤᠪᠢ ᠨᠡᠮᠡᠷᠢ ᠦᠵᠡᠭᠦᠯᠵᠦ᠂ ᠲᠣᠭᠲᠠᠬᠤ ᠰᠢᠶᠠᠨ ᠤ ᠬᠡᠦᠬᠡᠳ ᠤᠨ ᠢᠷᠡᠭᠡᠳᠦᠢ ᠳᠤ ᠨᠡᠩ ᠦᠵᠡᠰᠬᠦᠯᠡᠩᠲᠦ ᠰᠠᠶᠢᠬᠠᠨ  ᠢᠷᠡᠭᠡᠳᠦᠢ ᠶᠢ ᠴᠣᠭᠴᠠᠯᠠᠵᠤ ᠥᠭᠬᠦ ᠶᠢ ᠢᠲᠡᠭᠡᠵᠦ ᠪᠠᠶᠢᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1