ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/4/19
      2024 ᠣᠨ ᠤ 4 ᠳ᠋ᠤᠭᠡᠷ ᠰᠠᠷ᠎ᠠ ᠶᠢᠨ 11 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠪᠠᠶᠢᠭᠤᠯᠤᠭᠳᠠᠪᠠ᠃ ᠰᠢᠶᠠᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠪᠣᠯ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ᠂ ᠬᠥᠬᠡᠬᠤᠲᠠ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠭᠤᠯᠭ᠎ᠠ ᠮᠥᠨ᠂ ᠰᠢᠶᠠᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠪᠠᠶᠢᠭᠤᠯᠤᠭᠳᠠᠭᠰᠠᠨ ᠨᠢ ᠰᠢᠶᠠᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠤᠨ ᠵᠣᠬᠢᠶᠠᠨ ᠪᠠᠶᠢᠭᠤᠯᠤᠯᠲᠠ ᠨᠢ ᠪᠠᠲᠤ ᠪᠠᠬᠢ᠂ ᠵᠠᠩᠭᠢᠯᠠᠭ᠎ᠠ ᠶᠢᠨ ᠠᠯᠬᠤᠮ ᠢ ᠠᠯᠬᠤᠭᠰᠠᠨ ᠢ ᠬᠠᠷᠠᠭᠤᠯᠵᠤ ᠪᠠᠶᠢᠬᠤ ᠪᠥᠭᠡᠳ ᠮᠠᠨ ᠤ ᠰᠢᠶᠠᠨ ᠤ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠪᠠᠶᠢᠭᠤᠯᠬᠤ ᠰᠢᠨ᠎ᠡ ᠠᠶᠠᠨ ᠢ ᠡᠬᠢᠯᠡᠭᠦᠯᠦᠭᠰᠡᠨ ᠪᠠᠶᠢᠨ᠎ᠠ᠃ ᠰᠢᠶᠠᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠨᠢ ᠰᠢᠶᠠᠨ ᠤ ᠨᠠᠮ ᠤᠨ ᠬᠤᠷᠢᠶᠠᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠯᠡᠨ ᠵᠢᠯᠤᠭᠤᠳᠬᠤ ᠶᠢ ᠬᠠᠷᠢᠭᠤᠴᠠᠵᠤ᠂ ᠠᠷᠠᠳ ᠲᠦᠮᠡᠨ ᠤ ᠰᠠᠨᠠᠭᠤᠯᠭ᠎ᠠ ᠴᠤᠭᠯᠠᠭᠤᠯᠬᠤ ᠠᠵᠢᠯ ᠢ ᠵᠢᠯᠤᠭᠤᠳᠴᠤ᠂ ᠨᠠᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠪᠠ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠳᠠᠶᠢᠴᠢᠯᠠᠬᠤ ᠤᠳᠤᠷᠢᠳᠬᠤ ᠪᠠᠶᠢᠭᠤᠯᠤᠮᠵᠢ ᠪᠣᠯᠣᠨ ᠠᠵᠢᠯ ᠤᠨ ᠲᠣᠭᠲᠠᠴᠠ ᠶᠢ ᠪᠦᠷᠢᠨᠰᠢᠭᠦᠯᠦᠨ ᠨᠠᠶᠢᠳᠠᠪᠤᠷᠢᠵᠢᠭᠤᠯᠵᠤ᠂ ᠪᠦᠬᠦ ᠰᠢᠶᠠᠨ ᠤ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠬᠡᠯᠪᠡᠷᠢ ᠬᠤᠪᠢᠷᠠᠭᠤᠯᠤᠨ ᠬᠥᠭᠵᠢᠭᠦᠯᠬᠦ ᠶᠢ ᠨᠢᠭᠡᠳᠦᠯᠲᠡᠢ ᠤᠳᠤᠷᠢᠳᠬᠤ ᠶᠢᠨ ᠬᠠᠮᠲᠤ ᠵᠣᠬᠢᠴᠠᠭᠤᠯᠤᠨ ᠠᠬᠢᠭᠤᠯᠵᠤ᠂ ︽ᠬᠤᠶᠠᠷ ᠠᠵᠤ ᠠᠬᠤᠶᠢᠯᠠᠯ ᠭᠤᠷᠪᠠᠨ ᠰᠢᠨ᠎ᠡ︾ ︵ᠬᠤᠯᠢᠮᠠᠭ ᠥᠮᠴᠢᠯᠡᠯ ᠤᠨ ᠳᠦᠷᠢᠮᠲᠦ ᠠᠵᠤ ᠠᠬᠤᠶᠢᠯᠠᠯ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠪᠣᠯᠣᠨ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠠᠵᠢᠯ ᠣᠯᠭᠤᠯᠲᠠ ᠶᠢᠨ ᠬᠠᠮᠲᠤᠯᠢᠭ︶ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠤᠭᠤᠳᠴᠤ᠂ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠤᠭᠤᠳᠴᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠥᠯᠥᠪᠵᠢᠭᠦᠯᠬᠦ᠂ ᠱᠠᠯᠠᠪᠳᠠᠭᠤᠯᠤᠨ ᠪᠠᠶᠢᠴᠠᠭᠠᠬᠤ ᠵᠡᠷᠭᠡ ᠶᠢ ᠬᠠᠷᠢᠭᠤᠴᠠᠨ᠎ᠠ᠃ ᠤᠳᠤ ᠶᠠᠭ ᠠᠵᠢᠯᠲᠠᠨ ᠢ ᠰᠢᠯᠵᠢᠭᠦᠯᠦᠨ ᠵᠠᠬᠢᠷᠤᠭᠤᠯᠬᠤ ᠪᠠ ᠳᠣᠲᠣᠭᠠᠳᠤ ᠶᠢᠨ ᠪᠠᠶᠢᠭᠤᠯᠤᠮᠵᠢ ᠶᠢᠨ ᠠᠵᠢᠯᠲᠠᠨ ᠢ ᠲᠣᠬᠢᠷᠠᠭᠤᠯᠬᠤ ᠵᠡᠷᠭᠡ ᠠᠵᠢᠯ ᠢ ᠬᠢᠵᠦ ᠪᠠᠶᠢᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1