ᠢᠯᠴᠢ ᠬᠠᠩᠭᠠᠯᠭ᠎ᠠ ᠵᠣᠭᠰᠣᠮᠠᠭᠴᠠ ᠲᠠᠷᠤᠢ ᠠᠵᠢᠯ ᠡᠬᠢᠯᠡᠭᠦᠯᠦᠨ᠎ᠡ︕ ᠪᠥᠬᠦ ᠣᠷᠣᠨ ᠤ ᠣᠯᠠᠨ ᠲᠦᠮᠡᠨ ᠳᠤ ᠨᠢᠭᠡ ᠬᠤᠪᠢ ︽ᠳᠤᠯᠠᠭᠠᠯᠭ᠎ᠠ ᠶᠢᠨ ᠠᠵᠢᠯ ᠤᠨ ᠬᠠᠨᠤᠮᠵᠢᠲᠠᠶ ᠬᠠᠷᠢᠭᠤᠯᠲᠠ ︾ ᠲᠤᠰᠢᠶᠠᠬᠤ ᠪᠠᠷ ᠴᠢᠷᠮᠠᠶᠢᠵᠦ ᠪᠠᠶᠢᠨ᠎ᠠ
ᠨᠡᠶᠢᠲᠡᠯᠡᠭᠰᠡᠨ ᠴᠠᠭ᠄
2024/4/19
            ᠥᠪᠥᠷ ᠮᠣᠩᠭᠤᠯ ᠬᠤᠲᠠ ᠪᠠᠯᠭᠠᠰᠤ ᠶᠢᠨ ᠳᠤᠯᠠᠭᠠᠯᠭ᠎ᠠ ᠶᠢᠨ ᠢᠨᠵᠧᠨᠧᠷᠢᠩ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠬᠦ᠂ ᠳᠡᠭᠡᠭᠰᠢᠯᠡᠭᠦᠯᠬᠦ ᠵᠡᠷᠭᠡ 880 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ︽ᠢᠯᠴᠢ ᠬᠠᠩᠭᠠᠯᠭ᠎ᠠ ᠵᠣᠭᠰᠣᠮᠠᠭᠴᠠ ᠳᠠᠷᠤᠢ ᠠᠵᠢᠯ ᠡᠬᠢᠯᠡᠭᠦᠯᠬᠦ︾ ᠱᠠᠭᠠᠷᠳᠠᠯᠭ᠎ᠠ ᠶᠣᠰᠣᠭᠠᠷ᠂ ᠣᠳᠣᠬᠠᠨ ᠳᠤ ᠨᠢᠭᠡᠨᠲᠡ 221 ᠲᠥᠷᠥᠯ ᠵᠦᠢᠯ ᠢ ᠠᠵᠢᠯ ᠡᠬᠢᠯᠡᠭᠦᠯᠪᠡ᠃
    ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠲᠢᠶᠠᠨ ᠢᠦᠢ ᠰᠢᠩ ᠶᠤᠸᠠᠨ ᠰᠠᠭᠤᠭᠠᠯᠢ ᠠᠷᠠᠳ ᠤᠨ ᠲᠣᠭᠤᠷᠢᠭ ᠤᠨ ᠪᠠᠷᠢᠯᠭ᠎ᠠ ᠶᠢᠨ ᠠᠵᠢᠯ ᠤᠨ ᠲᠤᠬᠠᠢ ᠶᠢᠨ ᠲᠠᠯᠠᠪᠠᠢ      ᠳᠤᠯᠠᠭᠠᠯᠭ᠎ᠠ ᠶᠢᠨ ᠢᠨᠵᠧᠨᠧᠷᠢᠩ ᠪᠣᠯ ᠲᠦᠭ ᠲᠦᠮᠡᠨ ᠠᠶᠢᠯ ᠡᠷᠦᠬᠡ ᠶᠢᠨ ᠠᠮᠤᠷ ᠲᠠᠶᠢᠪᠤᠩ ᠠᠵᠤ ᠲᠦᠷᠦᠭᠦ ᠪᠠ ᠠᠮᠤᠷ ᠲᠦᠪᠰᠢᠨ ᠠᠵᠤ ᠠᠮᠢᠳᠤᠷᠠᠯ ᠳᠤ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠃      ᠮᠠᠨ ᠤ ᠣᠷᠣᠨ ᠤ ᠢᠯᠴᠢ ᠬᠠᠩᠭᠠᠬᠤ ᠬᠦᠷᠢᠶᠡᠨ ᠳᠤ ᠣᠷᠣᠰᠢᠵᠤ ᠪᠠᠶᠢᠭ᠎ᠠ ᠬᠦᠴᠢᠷᠳᠡᠯ ᠪᠠ ᠲᠦᠭᠵᠢᠷᠡᠯ ᠤᠨ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠵᠦ᠂ ᠢᠯᠴᠢ ᠬᠠᠩᠭᠠᠬᠤ ᠶᠠᠰᠤ ᠴᠢᠨᠠᠷ ᠪᠠ ᠦᠢᠯᠡᠴᠢᠯᠡᠭᠡᠨ ᠤ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ  ᠠᠴᠠ ᠡᠨᠡ ᠵᠢᠯ ᠪᠥᠬᠦ ᠣᠷᠣᠨ ᠳᠤ ᠬᠤᠲᠠ ᠪᠠᠯᠭᠠᠰᠤᠨ ᠤ ᠳᠤᠯᠠᠭᠠᠯᠭ᠎ᠠ ᠶᠢᠨ ᠢᠨᠵᠧᠨᠧᠷᠢᠩ ᠢ ᠬᠡᠷᠡᠭᠵᠢᠭᠦᠯᠬᠦ ᠪᠠᠷ ᠲᠣᠭᠲᠠᠪᠠ᠃ ᠡᠨᠡ ᠵᠢᠯ ᠤᠨ 2 ᠳ᠋ᠤᠭᠠᠷ ᠰᠠᠷ᠎ᠠ ᠠᠴᠠ ᠨᠠᠰᠢ᠂ ᠪᠦᠬᠦ ᠣᠷᠣᠨ ᠤ ᠡᠯ᠎ᠡ ᠭᠠᠵᠠᠷ ᠤᠨ ᠬᠢᠨ ᠣᠷᠣᠨ ᠰᠠᠭᠤᠴᠠ ᠶᠢᠨ ᠲᠣᠭᠤᠷᠢᠭ ᠢᠶᠠᠷ ᠨᠢᠭᠡᠴᠢ ᠪᠣᠯᠭᠠᠨ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠥᠩᠭᠡᠷᠡᠭᠰᠡᠨ ᠵᠢᠯ ᠤᠳ ᠤᠨ ᠢᠯᠴᠢ ᠶᠢᠨ ᠬᠠᠩᠭᠠᠯᠭ᠎ᠠ ᠶᠢᠨ ᠵᠠᠭᠠᠯᠳᠤᠯᠭ᠎ᠠ ᠶᠢᠨ ᠪᠠᠶᠢᠳᠠᠯ ᠲᠠᠢ ᠤᠶᠠᠯᠳᠤᠭᠤᠯᠤᠨ᠂ ᠢᠯᠴᠢ ᠶᠢᠨ ᠬᠠᠩᠭᠠᠯᠭ᠎ᠠ ᠶᠢᠨ ᠠᠵᠢᠯ ᠳᠤ ᠣᠷᠣᠰᠢᠵᠤ ᠪᠠᠶᠢᠭ᠎ᠠ  ᠲᠤᠳᠠᠭᠳᠠᠯ ᠪᠠ ᠪᠠᠭᠤᠷᠠᠢ ᠵᠦᠢᠯ ᠳᠤ ᠴᠢᠭᠯᠡᠭᠦᠯᠦᠨ᠂ ︽ᠡᠪᠡᠳᠴᠢᠨ ᠤ ᠦᠨᠳᠦᠰᠦ︾ ᠶᠢ ᠣᠨᠣᠪᠴᠢᠲᠠᠶ ᠡᠷᠢᠨ ᠣᠯᠵᠤ᠂ ᠡᠪᠡᠳᠴᠢᠨ ᠳᠤᠨᠢ ᠲᠠᠭᠠᠷᠠᠭᠤᠯᠤᠨ ᠡᠮ ᠲᠠᠯᠪᠢᠬᠤ᠂ ᠰᠢᠨ᠎ᠡ ᠪᠠᠷ ᠪᠠᠶᠢᠭᠤᠯᠬᠤ᠂ ᠥᠭᠡᠷᠡᠴᠢᠯᠡᠬᠦ᠂ ᠳᠡᠭᠡᠭᠰᠢᠯᠡᠭᠦᠯᠬᠦ ᠵᠡᠷᠭᠡ 880 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠢᠯᠴᠢ ᠶᠢᠨ ᠡᠬᠢ ᠰᠤᠷᠪᠤᠯᠵᠢ᠂ ᠢᠯᠴᠢ ᠶᠢᠨ ᠲᠣᠣᠷ᠂ ᠢᠯᠴᠢ ᠶᠢᠨ ᠥᠷᠲᠡᠭᠡ᠂ ᠠᠰᠠᠷ ᠲᠠᠭᠲᠤ ᠶᠢᠨ ᠪᠣᠰᠤᠭ᠎ᠠ ᠬᠤᠭᠤᠯᠠᠢ᠂ ᠭᠡᠷ ᠤᠨ ᠳᠣᠲᠣᠷᠠᠬᠢ ᠰᠢᠰᠲ᠋ᠧᠮ᠂ ᠣᠶᠤᠨᠴᠢ ᠪᠠᠷ ᠢᠯᠴᠢ ᠬᠠᠩᠭᠠᠬᠤ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠷ ᠨᠠᠷᠢᠯᠢᠭ ᠣᠨᠣᠴᠠᠲᠠᠢ ᠪᠠᠷ ᠬᠦᠴᠦᠯᠡᠵᠦ᠂ ᠣᠯᠠᠨ ᠲᠦᠮᠡᠨ ᠤ ᠢᠯᠴᠢ ᠬᠠᠩᠭᠠᠬᠤ ᠪᠠ ᠳᠤᠯᠠᠭᠠᠯᠭ᠎ᠠ ᠶᠢᠨ ᠨᠥᠬᠦᠴᠡᠯ ᠢ ᠦᠨᠡᠨ ᠬᠦ ᠰᠠᠶᠢᠵᠢᠷᠠᠭᠤᠯᠤᠨ᠎ᠠ᠃      ︽ ᠢᠯᠴᠢ ᠬᠠᠩᠭᠠᠯᠭ᠎ᠠ ᠵᠣᠭᠰᠣᠭᠠᠪᠠᠯ ᠳᠠᠷᠤᠢ ᠠᠵᠢᠯ ᠡᠬᠢᠯᠡᠭᠦᠯᠬᠦ︾ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠣᠯᠠᠨ ᠤᠳᠠᠭ᠎ᠠ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠤᠭᠤᠳᠴᠤ᠂ ᠡᠯ᠎ᠡ ᠭᠠᠵᠠᠷ ᠤᠨ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠬᠤ ᠶᠢ ᠠᠬᠢᠭᠤᠯᠪᠠ᠃ ᠣᠲᠣ ᠪᠣᠯᠲᠠᠯ᠎ᠠ᠂ ᠨᠢᠭᠡᠨᠲᠡ 221 ᠲᠥᠷᠥᠯ ᠵᠦᠢᠯ ᠢ ᠠᠵᠢᠯ ᠡᠬᠢᠯᠡᠭᠦᠯᠵᠦ᠂ 25% ᠶᠢ ᠡᠵᠡᠯᠡᠨ᠂ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠣᠶ ᠪᠦᠬᠦᠢ ᠲᠥᠷᠥᠯ ᠵᠦᠢᠯ ᠢ ᠪᠦᠬᠦᠨ ᠢ ᠠᠵᠢᠯ ᠡᠬᠢᠯᠡᠭᠦᠯᠵᠦ᠂ ᠢᠯᠴᠢ ᠬᠠᠩᠭᠠᠬᠤ ᠠᠴᠠ ᠡᠮᠦᠨ᠎ᠡ ᠪᠦᠬᠦᠨ ᠢ ᠠᠵᠢᠯ ᠳᠠᠭᠤᠰᠬᠠᠬᠤ ᠪᠠᠷ ᠲᠥᠯᠥᠪᠯᠡᠵᠦ᠂ ᠪᠥᠬᠦ ᠣᠷᠣᠨ ᠤ ᠣᠯᠠᠨ ᠲᠦᠮᠡᠨ ᠳᠤ ᠨᠢᠭᠡ ᠬᠤᠪᠢ ᠬᠠᠨᠤᠮᠵᠢᠲᠠᠶ ︽ᠳᠤᠯᠠᠭᠠᠯᠭ᠎ᠠ ᠶᠢᠨ ᠠᠵᠢᠯ ᠤᠨ ᠬᠠᠷᠢᠭᠤᠯᠲᠠ ︾ ᠲᠤᠰᠢᠶᠠᠬᠤ ᠪᠠᠷ ᠴᠢᠷᠮᠠᠶᠢᠵᠦ ᠪᠠᠶᠢᠨ᠎ᠠ᠃      4 ᠳ᠋ᠤᠭᠡᠷ ᠰᠠᠷ᠎ᠠ ᠶᠢᠨ 15 ᠤ ᠡᠳᠦᠷ᠂ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠢᠶᠠᠨ ᠢᠦᠢ ᠰᠢᠩ ᠶᠤᠸᠠᠨ ᠰᠠᠭᠤᠭᠠᠯᠢ ᠠᠷᠠᠳ ᠤᠨ ᠲᠣᠭᠤᠷᠢᠭ ᠠᠴᠠ ᠡᠬᠢᠯᠡᠨ ᠰᠢᠨ᠎ᠡ ᠬᠤᠲᠠ ᠲᠣᠭᠤᠷᠢᠭ ᠤᠨ ᠨᠡᠭᠦᠷᠡᠰᠦ ᠲᠦᠯᠡᠵᠦ ᠢᠯᠴᠢ ᠬᠠᠩᠭᠠᠬᠤ 8 ᠭᠠᠵᠠᠷ ᠤᠨ 36 ᠭᠦᠸᠧᠯᠦ ᠳᠤ ᠴᠡᠪᠡᠷ ᠢᠯᠴᠢ ᠶᠢᠨ ᠢᠷᠡᠯᠲᠡ ᠶᠢ ᠣᠷᠣᠯᠠᠭᠤᠯᠬᠤ ᠥᠭᠡᠷᠡᠴᠢᠯᠡᠯᠲᠡ ᠪᠠ ᠬᠤᠭᠤᠯᠠᠢ ᠲᠣᠣᠷ ᠢ ᠰᠢᠨᠡᠳᠬᠡᠬᠦ ᠥᠭᠡᠷᠡᠴᠢᠯᠡᠯᠲᠡ ᠬᠢᠵᠦ᠂ ᠲᠤᠶᠢᠯ ᠤᠨ ᠬᠦᠢᠲᠡᠨ ᠴᠠᠭ ᠠᠭᠤᠷ ᠤᠨ ᠢᠯᠴᠢ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠦᠨᠳᠦᠰᠦᠨ ᠠᠴᠠ ᠨᠢ ᠳᠡᠭᠡᠭᠰᠢᠯᠡᠭᠦᠯᠦᠨ᠂ ᠰᠠᠷ᠎ᠠ ᠶᠢᠨ ᠰᠡᠭᠦᠯᠴᠢ ᠠᠴᠠ ᠡᠮᠦᠨ᠎ᠡ ᠠᠵᠢᠯ ᠢᠶᠠᠨ ᠳᠠᠭᠤᠰᠬᠠᠬᠤ ᠪᠠᠷ ᠲᠥᠯᠥᠪᠯᠡᠵᠦ᠂ ᠪᠤᠰᠤᠳ ᠥᠭᠡᠷᠡᠴᠢᠯᠡᠬᠦ ᠵᠦᠢᠯᠡᠰ ᠢ 5 ᠳ᠋ᠤᠭᠠᠷ ᠰᠠᠷ᠎ᠠ ᠳᠤ ᠵᠠᠯᠭᠠᠭ᠎ᠠ ᠪᠠᠷ ᠡᠬᠢᠯᠡᠭᠦᠯᠵᠦ᠂ 9 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠳᠠᠭᠤᠰᠬᠠᠨ᠎ᠠ᠃      ᠬᠥᠬᠡᠬᠤᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠤᠯᠠᠭᠠᠯᠭ᠎ᠠ ᠶᠢᠨ ᠢᠨᠵᠧᠨᠧᠷᠢᠩ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠵᠦ᠂ ᠳᠤᠯᠠᠭᠠᠯᠭ᠎ᠠ ᠶᠢᠨ ᠢᠨᠵᠧᠨᠧᠷᠢᠩ ᠢ ︽ᠠᠷᠠᠳ ᠤᠨ ᠠᠮᠢᠳᠤᠷᠠᠯ ᠤᠨ ᠨᠢᠭᠡᠳᠦᠭᠡᠷ ᠨᠣᠮᠧᠷᠲᠤ ᠢᠨᠵᠧᠨᠧᠷᠢᠩ︾ ᠪᠣᠯᠭᠠᠨ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠲᠠ ᠶᠢᠨ ᠲᠣᠭᠤᠷᠢᠭ ᠤᠨ ᠢᠯᠴᠢ ᠶᠢᠨ ᠰᠤᠷᠪᠤᠯᠵᠢ᠂ ᠢᠯᠴᠢ ᠶᠢᠨ ᠲᠣᠣᠷ ᠵᠢᠴᠢ ᠢᠯᠴᠢ ᠬᠠᠩᠭᠠᠬᠤ ᠠᠵᠤ ᠠᠬᠤᠶᠢᠯᠠᠯ ᠤᠨ ᠦᠢᠯᠡᠴᠢᠯᠡᠭᠡ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠢᠯᠴᠢ ᠶᠢᠨ ᠡᠬᠢ ᠰᠤᠷᠪᠤᠯᠵᠢ ᠶᠢ ᠥᠷᠭᠡᠳᠬᠡᠵᠦ᠂ ᠢᠯᠴᠢ ᠶᠢᠨ ᠲᠣᠣᠷ ᠢ ᠬᠤᠯᠪᠣᠯᠳᠤᠭᠤᠯᠤᠨ ᠨᠡᠪᠲᠡᠷᠡᠭᠦᠯᠬᠦ ᠶᠢ ᠠᠯᠬᠤᠮ ᠠᠯᠬᠤᠮ ᠢᠶᠠᠷ ᠬᠡᠷᠡᠭᠵᠢᠭᠦᠯᠵᠦ᠂ ᠠᠵᠢᠯ ᠲᠦᠷᠦᠯ ᠤᠨ ᠬᠥᠭᠵᠢᠯᠲᠡ ᠶᠢ ᠵᠢᠷᠤᠮᠵᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠰᠢᠷᠢᠰ ᠢᠨᠵᠧᠨᠧᠷᠢᠩ ᠳᠤ᠂ ︽ᠢᠯᠴᠢ ᠴᠠᠬᠢᠯᠭᠠᠨ + ᠪᠠᠴᠢᠮ ᠪᠠᠶᠢᠳᠠᠯ ᠢ ᠠᠷᠭᠠᠴᠠᠬᠤ︾ ᠢᠯᠴᠢ ᠶᠢᠨ ᠡᠬᠢ ᠰᠤᠷᠪᠤᠯᠵᠢ ᠶᠢᠨ ᠰᠢᠰᠲ᠋ᠧᠮ᠂ ︽ᠤᠯᠠᠨ ᠡᠬᠢᠲᠦ ᠨᠢᠭᠡ ᠲᠣᠣᠷ ︾ ᠤᠨ ᠢᠯᠴᠢ ᠬᠠᠩᠭᠠᠬᠤ ᠬᠤᠭᠤᠯᠠᠢ ᠲᠣᠣᠷ ᠵᠢᠴᠢ ︽ᠣᠶᠤᠨᠴᠢ ᠬᠠᠮᠢᠶᠠᠷᠤᠯᠲᠠ︾ ᠶᠢᠨ ᠢᠯᠴᠢ ᠬᠠᠩᠭᠠᠬᠤ ᠰᠢᠰᠲ᠋ᠧᠮ ᠢ ᠪᠠᠶᠢᠭᠤᠯᠵᠤ᠂ ︽ᠬᠠᠮᠢᠭ᠎ᠠ ᠨᠢ ᠬᠠᠯᠠᠭᠤᠨ ᠦᠭᠡᠢ ᠪᠠᠶᠢᠬᠤ︾ ᠶᠢ ᠴᠠᠭ ᠲᠤᠬᠠᠢ ᠳᠤᠨᠢ ᠬᠠᠷᠢᠭᠤ ᠲᠤᠰᠬᠠᠬᠤ᠂ ︽ᠬᠠᠮᠢᠭ᠎ᠠ ᠨᠢ ᠤᠰᠤ ᠭᠤᠭᠤᠵᠢᠬᠤ︾ ᠶᠢ ᠤᠨᠢᠨ ᠳᠡᠭᠡᠷ᠎ᠡ ᠨᠢ ᠣᠷᠣᠨ ᠪᠠᠶᠢᠷᠢ ᠲᠣᠭᠲᠠᠭᠠᠬᠤ ᠶᠢ ᠪᠡᠶᠡᠯᠡᠭᠦᠯᠵᠦ᠂ ᠪᠦᠬᠦ ᠬᠤᠳᠠ ᠶᠢᠨ ᠢᠯᠴᠢ ᠶᠢᠨ ᠡᠬᠢ ᠰᠤᠷᠪᠤᠯᠵᠢ ᠶᠢ ᠣᠶᠤᠨᠴᠢ ᠪᠠᠷ ᠲᠣᠬᠢᠷᠠᠭᠤᠯᠬᠤ ᠶᠢ ᠪᠡᠶᠡᠯᠡᠭᠦᠯᠵᠦ᠂ ᠭᠡᠷ ᠲᠤᠳᠤᠷᠠᠬᠢ ︽ᠳᠤᠰᠤᠯᠠᠵᠤ ᠭᠤᠭᠤᠵᠢᠬᠤ︾ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠵᠦ᠂ ᠣᠷᠣᠨ ᠤ ᠬᠤᠳᠠ ᠶᠢᠨ ᠠᠷᠠᠳ ᠤᠨ ᠳᠠᠭᠠᠷᠠᠬᠤ ᠦᠭᠡᠢ ᠪᠠᠶᠢᠬᠤ ᠶᠢ ᠪᠠᠲᠤᠯᠠᠨ᠎ᠠ᠃
     ᠬᠥᠬᠡᠬᠤᠲᠠ ᠶᠢᠨ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠠᠵᠢᠯᠴᠢᠳ ᠳᠤᠯᠠᠭᠠᠯᠭ᠎ᠠ ᠶᠢᠨ ᠲᠥᠬᠦᠭᠡᠷᠦᠮᠵᠢ ᠶᠢ ᠲᠣᠭᠤᠷᠢᠨ ᠪᠠᠶᠢᠴᠠᠭᠠᠵᠤ ᠲᠣᠬᠢᠷᠠᠭᠤᠯᠵᠤ ᠪᠠᠶᠢᠭ᠎ᠠ ᠨᠢ      4 ᠳ᠋ᠤᠭᠡᠷ ᠰᠠᠷ᠎ᠠ ᠶᠢᠨ 12 ᠤᠨ ᠡᠳᠦᠷ᠂ ᠪᠠᠶᠠᠨᠨᠠᠭᠤᠷ ᠬᠤᠲᠠ ᠶᠢᠨ 2024 ᠣᠨ ᠤ ︽ᠠᠷᠢᠭᠤᠨ ᠴᠡᠪᠡᠷ ᠢᠶᠠᠷ ᠳᠤᠯᠠᠭᠠᠯᠠᠬᠤ︾ ᠢᠵᠢ ᠪᠦᠷᠢᠳᠦᠭᠦᠯᠬᠦ ᠴᠠᠬᠢᠯᠭᠠᠨ ᠤ ᠲᠣᠣᠷ ᠤᠨ ᠢᠨᠵᠧᠨᠧᠷᠢᠩ ᠢ ᠵᠢᠩᠬᠢᠨᠢ ᠪᠠᠷ ᠡᠬᠢᠯᠡᠭᠦᠯᠵᠦ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠪᠠᠶᠠᠨᠨᠠᠭᠤᠷ ᠤᠨ ᠴᠠᠬᠢᠯᠭᠠᠨ ᠬᠠᠩᠭᠠᠬᠤ ᠺᠣᠮᠫᠠᠨᠢ ᠶᠢᠨ ᠪᠠᠷᠢᠯᠭ᠎ᠠ ᠶᠢᠨ ᠠᠵᠢᠯᠲᠠᠳ ᠲᠤᠬᠠᠢ ᠶᠢᠨ ᠲᠠᠯᠠᠪᠤᠷ ᠲᠤ ᠬᠠᠶᠢᠨ ᠬᠡᠮᠵᠢᠯᠲᠡ ᠬᠢᠵᠦ᠂ ᠨᠦᠬᠡ ᠮᠠᠯᠲᠠᠨ ᠪᠠᠭᠠᠨ᠎ᠠ ᠪᠣᠰᠬᠠᠵᠤ᠂ ᠤᠲᠠᠰᠤ ᠲᠠᠲᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠪᠠ᠃      ︽ᠠᠷᠢᠭᠤᠨ ᠴᠡᠪᠡᠷ ᠢᠶᠠᠷ ᠳᠤᠯᠠᠭᠠᠯᠠᠬᠤ︾ ᠢᠵᠢ ᠪᠦᠷᠢᠳᠦᠭᠦᠯᠬᠦ ᠴᠠᠬᠢᠯᠭᠠᠨ ᠲᠣᠣᠷ ᠤᠨ ᠢᠨᠵᠧᠨᠧᠷᠢᠩ ᠪᠣᠯ ᠣᠷᠴᠢᠨ ᠠᠬᠤᠢ ᠶᠢᠨ ᠵᠠᠰᠠᠯᠲᠠ ᠶᠢ ᠲᠦᠯᠬᠢᠨ ᠠᠬᠢᠭᠤᠯᠬᠤ᠂ ᠠᠭᠠᠷ ᠤᠨ ᠶᠠᠰᠤ ᠴᠢᠨᠠᠷ ᠢ ᠰᠠᠶᠢᠵᠢᠷᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ︽ᠢᠯᠴᠢ ᠬᠠᠩᠭᠠᠯᠭ᠎ᠠ ᠵᠤᠭᠰᠤᠮᠠᠭᠴᠠ ᠳᠠᠷᠤᠢ ᠳᠤᠯᠠᠭᠠᠯᠠᠭ᠎ᠠ ᠶᠢᠨ ᠢᠨᠵᠧᠨᠧᠷᠢᠩ ᠤᠨ ᠠᠵᠢᠯ ᠡᠬᠢᠯᠡᠬᠦ ᠴᠠᠭ ᠮᠥᠨ︾ ᠭᠡᠬᠦ ᠱᠠᠭᠠᠷᠳᠠᠯᠭ᠎ᠠ ᠶᠢᠨ ᠪᠣᠳᠠᠲᠠᠢ ᠨᠠᠶᠢᠳᠠᠪᠤᠷᠢᠵᠢᠭᠤᠯᠤᠯᠲᠠ ᠮᠥᠨ᠂ ᠨᠠᠩ ᠴᠤ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠮᠥᠨ᠃      ︽ᠳᠤᠯᠠᠭᠠᠯᠭ᠎ᠠ ᠶᠢᠨ ᠢᠨᠵᠧᠨᠧᠷᠢᠩ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠪᠢᠳᠡ ᠡᠮᠦᠨᠡᠬᠢ ᠬᠤᠭᠤᠴᠠᠭᠠᠨ ᠤ ᠵᠢᠷᠤᠭ ᠲᠥᠯᠥᠪᠯᠡᠭᠡ᠂ ᠠᠵᠢᠯ ᠤᠨ ᠡᠮᠦᠨᠡᠬᠢ ᠪᠡᠯᠡᠳᠬᠡᠯ᠂ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠵᠡᠷᠭᠡ 6 ᠲᠠᠯ᠎ᠠ ᠪᠠᠷ 24 ᠵᠦᠢᠯ ᠤᠨ ᠠᠬᠢᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠬᠠᠷᠢᠭᠤᠴᠠᠯᠭ᠎ᠠ ᠶᠢᠨ ᠵᠠᠩᠭᠢᠯᠠᠭ᠎ᠠ ᠶᠢᠨ ᠴᠡᠭ ᠢ ᠬᠤᠪᠢᠶᠠᠷᠢᠯᠠᠨ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠥᠬᠦ ᠶᠠᠪᠤᠴᠠ᠂ ᠪᠥᠬᠦ ᠰᠠᠯᠠᠭ᠎ᠠ ᠮᠥᠴᠢᠷ᠂ ᠪᠥᠬᠦ ᠬᠤᠯᠪᠤᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠪᠠᠷᠢᠯᠭ᠎ᠠ ᠶᠢᠨ ᠠᠮᠤᠷ ᠲᠦᠪᠰᠢᠨ᠂ ᠶᠠᠰᠤ ᠴᠢᠨᠠᠷ ᠪᠠ ᠠᠬᠢᠴᠠ ᠶᠢ ᠦᠨᠡᠨ ᠬᠦ ᠪᠠᠲᠤᠯᠠᠨ᠎ᠠ︾ ᠭᠡᠵᠤ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠪᠠᠶᠠᠨᠨᠠᠭᠤᠷ ᠤᠨ ᠴᠠᠬᠢᠯᠭᠠᠨ ᠬᠠᠩᠭᠠᠬᠤ ᠺᠣᠮᠫᠠᠨᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠡᠯᠲᠡᠰ ᠤᠨ ᠲᠥᠷᠥᠯ ᠵᠦᠢᠯ ᠤᠨ ᠭᠤᠣᠯ ᠬᠠᠮᠢᠶᠠᠷᠤᠭᠴᠢ ᠸᠠᠩ ᠶᠤᠸᠠᠢ ᠲᠠᠨᠢᠯᠴᠠᠭᠤᠯᠪᠠ᠃      ᠣᠶᠢᠷ᠎ᠠ ᠶᠢᠨ ᠵᠢᠯ ᠤᠨ ᠲᠤᠷᠰᠢ᠂ ᠪᠠᠶᠠᠨᠨᠠᠭᠤᠷ ᠬᠤᠳᠠ ᠶᠢᠨ ᠬᠢᠨ ᠤᠯᠠᠨ ᠲᠦᠮᠡᠨ ᠤ ᠳᠤᠯᠠᠭᠠᠴᠠ ᠶᠢᠨ ᠠᠰᠠᠭᠤᠳᠠᠯ ᠢ ᠰᠢᠢᠳᠪᠦᠷᠢᠯᠡᠬᠦ ᠪᠠᠷ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠬᠤ ᠶᠢ ᠪᠠᠷᠢᠮᠲᠠᠯᠠᠵᠤ᠂ ᠰᠡᠳᠬᠢᠯ ᠲᠠᠯᠪᠢᠵᠤ ᠬᠦᠴᠦ ᠣᠷᠣᠭᠤᠯᠤᠨ ︽ᠳᠤᠯᠠᠭᠠᠴᠠ︾ ᠶᠢᠨ ᠠᠰᠠᠭᠤᠳᠠᠯ ᠢ ᠨᠠᠷᠢᠯᠢᠭᠵᠢᠭᠤᠯᠤᠨ ᠪᠤᠳᠠᠳᠠᠶᠢᠵᠢᠭᠤᠯᠪᠠ᠃ 2022 ᠣᠨ ᠠᠴᠠ ᠤᠳᠤ ᠪᠣᠯᠲᠠᠯ᠎ᠠ᠂ 43704 ᠰᠠᠭᠤᠷᠢ ᠴᠠᠬᠢᠯᠭᠠᠨ ᠪᠠᠭᠠᠨ᠎ᠠ ᠪᠤᠰᠬᠠᠵᠤ ᠂ 2117 ᠺᠢᠯᠤᠮᠥᠲᠷ ᠤᠨ ᠴᠠᠬᠢᠯᠭᠠᠨ ᠬᠠᠩᠭᠠᠬᠤ ᠤᠳᠠᠰᠤ ᠲᠠᠳᠠᠵᠤ᠂ 2389 ᠰᠠᠭᠤᠷᠢ ᠬᠦᠴᠦᠳᠡᠯ ᠥᠭᠡᠷᠡᠴᠢᠯᠡᠭᠴᠢ ᠶᠢ ᠪᠦᠬᠦᠨ ᠢᠶᠠᠷ ᠨᠢ ᠠᠵᠢᠯᠯᠠᠭᠤᠯᠵᠤ᠂ 1943 ᠲᠣᠰᠬᠤᠨ ᠨᠢᠭᠡᠳᠦᠯ ᠤᠨ ᠬᠢᠨ ᠰᠢᠲᠠᠭᠠᠯᠭ᠎ᠠ ᠶᠢᠨ ᠨᠡᠭᠦᠷᠡᠰᠦ ︽ᠪᠤᠵᠠᠷ︾᠂ ︽ ᠰᠠᠮᠠᠭᠤᠨ︾᠂ ︽ᠬᠠᠭ᠋ᠠᠬᠤ︾ ᠠᠴᠠ ᠲᠤᠶᠢᠯᠪᠤᠷᠢᠲᠠᠢ ᠠᠩᠭᠢᠵᠢᠷᠠᠵᠤ᠂ 24 ᠴᠠᠭ ᠤᠨ ᠲᠣᠭᠲᠠᠮᠠᠯ ᠳᠤᠯᠠᠭᠠᠨ ᠢᠶᠠᠷ ᠢᠯᠴᠢ ᠬᠠᠩᠭᠠᠬᠤ ᠶᠢ ᠪᠡᠶᠡᠯᠡᠭᠦᠯᠵᠦ᠂ ᠵᠢᠯ ᠳᠤ 21 ᠲᠦᠮᠡ ᠭᠠᠷᠤᠢ ᠲᠣᠨ ᠨᠡᠭᠦᠷᠡᠰᠦ ᠶᠢ ᠤᠷᠤᠯᠠᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ 56 ᠲᠦᠮᠡᠨ ᠲᠣᠨ ᠪᠠᠭᠠᠰᠬᠠᠵᠠᠢ᠃      ᠣᠶᠢᠷ᠎ᠠ ᠶᠢᠨ ᠡᠳᠦᠷ ᠤᠳ ᠲᠤ᠂ ᠣᠷᠳᠣᠰ ᠬᠤᠲᠠ ᠶᠢᠨ ᠣᠲᠤᠭ ᠬᠤᠰᠢᠭᠤᠨ ᠤ ᠳᠤᠯᠠᠭᠠᠯᠭ᠎ᠠ ᠶᠢᠨ ᠢᠨᠵᠧᠨᠧᠷᠢᠩ ᠤᠨ ᠠᠵᠢᠯ ᠤᠨ ᠲᠤᠬᠠᠢ ᠶᠢᠨ ᠲᠠᠯᠠᠪᠠᠶ ᠳᠤ ᠬᠥᠷ ᠬᠥᠭᠵᠢᠶᠡᠨ ᠢᠶᠠᠷ ᠪᠢᠯᠬᠠᠵᠤ ᠪᠠᠶᠢᠯ᠎ᠠ᠃ ᠲᠤᠰ ᠬᠤᠰᠢᠭᠤ 2.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 2 ᠵᠦᠢᠯ ᠤᠨ ᠳᠤᠯᠠᠭᠠᠯᠠᠭ᠎ᠠ ᠶᠢᠨ ᠪᠠᠳᠤᠯᠠᠭ᠎ᠠ ᠶᠢᠨ ᠲᠦᠷᠦᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠰᠢᠨ᠎ᠡ ᠪᠠᠷ 4 ᠢᠯᠴᠢ ᠰᠣᠯᠢᠯᠴᠠᠬᠤ ᠥᠷᠲᠡᠭᠡ ᠶᠢ ᠪᠠᠶᠢᠭᠤᠯᠵᠤ᠂ ᠬᠠᠭᠤᠴᠢᠷᠠᠭᠰᠠᠨ ᠭᠦᠸᠧᠯᠦ ᠶᠢ 2 ᠶᠢ ᠰᠡᠯᠪᠢᠨ ᠵᠠᠰᠠᠵᠤ ᠥᠭᠡᠷᠡᠴᠢᠯᠡᠨ᠂ ᠢᠯᠴᠢ ᠰᠣᠯᠢᠬᠤ ᠨᠣᠷᠮ᠎ᠠ ᠪᠠᠷ ᠳᠣᠣᠷ᠎ᠠ ᠢᠯᠴᠢ ᠰᠣᠯᠢᠯᠴᠠᠬᠤ ᠥᠷᠲᠡᠭᠡ 20 ᠶᠢ ᠰᠡᠯᠪᠢᠨ ᠵᠠᠰᠠᠵᠤ᠂ ᠬᠠᠭᠤᠴᠢᠷᠠᠵᠤ ᠢᠯᠵᠠᠷᠠᠭᠰᠠᠨ ᠨᠢᠭᠡᠳᠦᠭᠡᠷ ᠬᠤᠭᠤᠯᠠᠢ ᠲᠣᠣᠷ 11.62 ᠺᠢᠯᠣᠮᠧᠲᠷ᠂ ᠭᠤᠭᠤᠵᠢᠵᠤ ᠲᠤᠰᠤᠯᠠᠬᠤ ᠬᠤᠶᠠᠳᠤᠭᠠᠷ ᠬᠤᠭᠤᠯᠠᠢ ᠲᠣᠣᠷ ᠵᠢᠴᠢ ᠰᠠᠭᠤᠭᠠᠯᠢ ᠠᠷᠠᠳ ᠤᠨ ᠲᠣᠭᠤᠷᠢᠭ ᠤᠨ ᠳᠣᠲᠣᠷᠠᠬᠢ ᠬᠤᠭᠤᠯᠠᠢ ᠲᠣᠣᠷ 71.18 ᠺᠢᠯᠣᠮᠧᠲᠷ ᠦᠭᠡᠷᠡᠴᠢᠯᠡᠨ ᠰᠠᠶᠢᠵᠢᠷᠠᠭᠤᠯᠪᠠ᠂ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠬᠤᠲᠠ ᠪᠠᠯᠭᠠᠰᠤᠨ ᠤ ᠲᠥᠪᠯᠡᠷᠡᠭᠦᠯᠦᠨ ᠢᠯᠴᠢ ᠬᠠᠩᠭᠠᠬᠤ ᠶᠢ ᠪᠠᠲᠤᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠳᠤᠯᠠᠬᠤ ᠪᠤᠯᠤᠨ᠎ᠠ᠃      ᠣᠶᠢᠯᠠᠭᠠᠭᠰᠠᠨ ᠢᠶᠠᠷ᠂ ᠡᠨᠡ ᠵᠢᠯ ᠣᠷᠳᠣᠰ ᠬᠤᠲᠠ 141 ᠳᠤᠯᠠᠭᠠᠯᠭ᠎ᠠ ᠶᠢᠨ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠬᠦ ᠪᠠᠷ ᠪᠣᠶ᠂ ᠡᠭᠦᠨ ᠳᠤ ᠳᠤᠯᠠᠭᠠᠯᠠᠭ᠎ᠠ ᠶᠢᠨ ᠪᠠᠲᠤᠯᠠᠭ᠎ᠠ 81᠂ ᠤᠰᠤ ᠬᠠᠩᠭᠠᠬᠤ ᠪᠠᠲᠤᠯᠠᠭ᠎ᠠ 32᠂ ᠴᠠᠬᠢᠯᠭᠠᠨ ᠬᠠᠩᠭᠠᠬᠤ ᠪᠠᠲᠤᠯᠠᠭ᠎ᠠ 8᠂ ᠰᠢᠲᠠᠮᠠᠬᠠᠢ ᠬᠡᠢ ᠬᠠᠩᠭᠠᠬᠤ ᠪᠠᠲᠤᠯᠠᠭ᠎ᠠ 20᠂ ᠶᠡᠷᠦᠩᠬᠡᠢ ᠪᠡᠯᠡ ᠣᠷᠣᠭᠤᠯᠤᠯᠲᠠ 123 ᠳ᠋ᠦᠩᠰᠢᠭᠤᠷ ᠲᠥᠭᠦᠷᠢᠭ᠂ ᠡᠭᠦᠨ ᠳᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ 44 ᠳ᠋ᠦᠩᠰᠢᠭᠤᠷ ᠲᠥᠭᠦᠷᠢᠭ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ 79 ᠳ᠋ᠦᠩᠰᠢᠭᠤᠷ ᠲᠥᠭᠦᠷᠢᠭ ᠪᠠᠭᠲᠠᠨ᠎ᠠ᠃ ᠪᠥᠬᠦ ᠬᠤᠲᠠ ᠳᠤ ᠢᠯᠴᠢ ᠬᠠᠩᠭᠠᠬᠤ ᠴᠢᠳᠠᠪᠤᠷᠢ ᠶᠢ 1500 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠬᠦ ᠪᠠᠷ ᠲᠥᠯᠥᠪᠯᠡᠵᠦ᠂ ᠢᠯᠴᠢ ᠬᠠᠩᠭᠠᠬᠤ ᠬᠤᠭᠤᠯᠠᠢ ᠲᠣᠣᠷ ᠢ 1000 ᠺᠢᠯᠣᠮᠧᠲᠷ ᠰᠢᠨ᠎ᠡ ᠪᠠᠷ ᠪᠠᠶᠢᠭᠤᠯᠵᠤ ᠥᠭᠡᠷᠡᠴᠢᠯᠡᠨ᠂ ᠢᠯᠴᠢ ᠬᠠᠩᠭᠠᠬᠤ ᠰᠢᠰᠲ᠋ᠧᠮ ᠤᠨ ᠠᠦ᠋ᠲ᠋ᠣᠴᠢᠯᠠᠯᠲᠠ᠂ ᠣᠶᠤᠨᠴᠢᠯᠠᠯᠲᠠ ᠶᠢ ᠲᠠᠰ ᠳᠡᠪᠰᠢᠭᠦᠯᠬᠦ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠢᠯᠴᠢ ᠬᠠᠩᠭᠠᠬᠤ ᠠᠵᠢᠯᠯᠠᠭᠠᠨ ᠢ ᠪᠥᠬᠦ ᠶᠠᠪᠤᠴᠠ ᠳᠤ ᠬᠢᠨᠠᠨ ᠬᠠᠮᠢᠶᠠᠷᠬᠤ ᠶᠢ ᠪᠡᠶᠡᠯᠡᠭᠦᠯᠦᠨ᠎ᠡ᠃      ᠡᠨᠡ ᠬᠤᠭᠤᠴᠠᠭᠠᠨ ᠳᠤ᠂ ᠲᠦᠩᠯᠢᠶᠣᠣ ᠶᠢᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 2×350MW ᠣᠶᠤᠨᠲᠤ ᠢᠯᠴᠢ ᠶᠢᠨ ᠴᠠᠬᠢᠯᠭᠠᠨ ᠤ ᠬᠤᠯᠪᠤᠭᠠᠯᠠᠨ ᠦᠢᠯᠡᠳᠪᠦᠷᠢᠯᠡᠬᠦ ᠮᠠᠰᠢᠨ ᠴᠣᠭᠴᠠᠯᠠᠪᠤᠷᠢ ᠶᠢᠨ ᠲᠦᠷᠦᠯ ᠵᠦᠢᠯ ᠲᠤᠬᠠᠢ ᠶᠢᠨ ᠲᠠᠯᠠᠪᠠᠢ ᠳᠤ ᠮᠠᠰᠢᠨ ᠮᠧᠬᠠᠨᠢᠭ ᠤᠨ ᠳᠠᠭᠤᠨ ᠨᠢᠵᠢᠭᠢᠨᠡᠵᠦ᠂ ᠮᠢᠩᠭ᠎ᠠ ᠭᠠᠷᠤᠢ ᠠᠵᠢᠯᠴᠢᠨ ᠡᠮᠬᠢ ᠵᠢᠷᠤᠮ ᠲᠠᠢ ᠠᠵᠢᠯᠯᠠᠵᠤ᠂ ᠬᠦᠷ ᠬᠥᠭᠵᠢᠶᠡᠨ ᠲᠠᠢ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢᠯᠡᠷᠡᠵᠡᠢ᠃      ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠪᠣᠯ ᠲᠦᠩᠯᠢᠶᠣᠣ ᠬᠤᠲᠠ ᠶᠢᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠴᠢᠬᠤᠯᠠ ᠢᠨᠵᠧᠨᠧᠷᠢᠩ ᠮᠥᠨ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠲᠦᠩᠯᠢᠶᠣᠣ ᠬᠤᠲᠠ ᠶᠢᠨ ᠬᠠᠮᠤᠭ ᠤᠨ ᠶᠡᠭᠡ ᠢᠯᠴᠢ ᠶᠢᠨ ᠢᠷᠡᠯᠲᠡ ᠶᠢᠨ ᠴᠡᠭ ᠪᠣᠯᠭᠠᠵᠤ᠂ ᠲᠦᠩᠯᠢᠶᠣᠣ ᠶᠢᠨ ᠲᠥᠪ ᠬᠤᠲᠠ ᠶᠢᠨ ᠲᠣᠭᠤᠷᠢᠭ ᠤᠨ 1850 ᠲᠦᠮᠡᠨ ᠲᠡᠭᠰᠢ ᠳᠥᠷᠪᠡᠯᠵᠢᠨ ᠮᠧᠲᠷ ᠤᠨ ᠠᠷᠠᠳ ᠤᠨ ᠠᠮᠢᠳᠤᠷᠠᠯ ᠤᠨ ᠢᠯᠴᠢ ᠬᠠᠩᠭᠠᠬᠤ ᠪᠠ ᠲᠦᠩᠯᠢᠶᠣᠣ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠠᠵᠤ ᠦᠢᠯᠡᠳᠪᠦᠷᠢ ᠶᠢᠨ ᠢᠯᠴᠢ ᠶᠢᠨ ᠳᠠᠭᠠᠭᠠᠴᠠ ᠶᠢᠨ ᠬᠡᠷᠡᠭᠴᠡᠭᠡ ᠶᠢ ᠡᠭᠦᠷᠭᠡᠯᠡᠵᠦ ᠪᠣᠯᠣᠨ᠎ᠠ᠃ ᠲᠤᠰ ᠲᠦᠷᠦᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ 36.96 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠵᠢᠯ ᠪᠦᠷᠢ ᠨᠡᠭᠡᠭᠡᠨ ᠬᠥᠭᠵᠢᠭᠦᠯᠬᠦ ᠣᠷᠣᠨ ᠳᠤ 20 ᠲᠦᠮᠡᠨ ᠲᠣᠨ ᠠᠵᠤ ᠦᠢᠯᠡᠳᠪᠦᠷᠢ ᠶᠢᠨ ᠠᠭᠤᠷ ᠬᠠᠩᠭᠠᠵᠤ᠂ ᠡᠨᠧᠷᠭᠢ ᠶᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠪᠦᠲᠦᠮᠵᠢᠲᠡᠢ ᠳᠡᠭᠡᠭᠰᠢᠯᠡᠭᠦᠯᠵᠦ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠪᠠ ᠡᠨᠧᠷᠭᠢ ᠶᠢᠨ ᠬᠤᠷᠣᠭᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠭᠠᠵᠠᠷ ᠣᠷᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠠᠵᠤ ᠠᠬᠤᠢ ᠶᠢᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠪᠣᠯᠣᠨ᠎ᠠ᠃       ᠡᠨᠡ ᠬᠤᠶᠠᠷ ᠡᠳᠦᠷ᠂ ᠥᠪᠥᠷ ᠮᠣᠩᠭᠤᠯ ᠤᠨ ᠡᠨᠧᠷᠭᠢ ᠶᠢᠨ ᠴᠠᠬᠢᠯᠭᠠᠨ ᠭᠠᠷᠭᠠᠬᠤ ᠬᠢᠩᠭᠠᠨ ᠢᠯᠴᠢ ᠶᠢᠨ ᠴᠠᠬᠢᠯᠭᠠᠨ ᠤ ᠬᠢᠵᠠᠭᠠᠷᠲᠤ ᠺᠣᠮᠫᠠᠨᠢ ᠶᠢᠨ ᠠᠵᠢᠯᠲᠠᠳ ᠶᠠᠭ ᠠᠩᠬᠠᠨ ᠤ ᠥᠷᠲᠡᠭᠡᠨ ᠤ ᠪᠠᠭᠲᠠᠭᠠᠮᠵᠢ ᠶᠢ ᠥᠷᠭᠡᠳᠬᠡᠬᠦ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠬᠢᠵᠦ ᠪᠠᠶᠢᠨ᠎ᠠ᠃ ᠪᠠᠷᠢᠯᠭ᠎ᠠ ᠶᠢᠨ ᠲᠥᠯᠥᠪᠯᠡᠭᠡ ᠪᠠᠷ ᠢᠯᠴᠢ ᠶᠢᠨ ᠲᠣᠣᠷ ᠤᠨ ᠡᠷᠭᠢᠯᠲᠡ ᠶᠢᠨ ᠬᠥᠭᠡᠷᠭᠡ᠂ ᠬᠠᠯᠠᠭᠠᠭᠤᠷ ᠪᠣᠯᠣᠨ ᠢᠯᠴᠢ ᠬᠠᠩᠭᠠᠬᠤ ᠬᠤᠭᠤᠯᠠᠢ ᠶᠢᠨ ᠪᠠᠭᠲᠠᠭᠠᠮᠵᠢ ᠶᠢ ᠥᠷᠭᠡᠳᠬᠡᠨ᠎ᠡ᠃ ᠡᠭᠦᠨ ᠤ ᠬᠠᠮᠲᠤ᠂ ᠡᠨᠡ ᠵᠢᠯ ᠤᠨ ᠡᠮᠬᠢᠯᠡᠨ ᠨᠡᠶᠢᠯᠡᠭᠦᠯᠦᠭᠰᠡᠨ ᠤᠯᠠᠭᠠᠨᠬᠤᠲᠠ ᠶᠢᠨ ᠲᠦᠩ ᠽᠧ ᠢᠯᠴᠢ ᠶᠢᠨ ᠬᠦᠴᠦᠨ ᠤ ᠺᠣᠮᠫᠠᠨᠢ ᠶᠢᠨ ᠨᠢᠭᠡᠳᠦᠭᠡᠷ ᠲᠤᠤᠷ᠂ ᠢᠯᠴᠢ ᠰᠣᠯᠢᠯᠴᠠᠬᠤ ᠥᠷᠲᠡᠭᠡ ᠶᠢ ᠲᠠᠰ ᠳᠡᠪᠰᠢᠭᠦᠯᠦᠨ ᠥᠭᠡᠷᠡᠴᠢᠯᠡᠵᠦ᠂ ᠡᠨᠡ ᠡᠪᠦᠯ ᠢᠯᠴᠢ ᠬᠡᠷᠡᠭᠯᠡᠭᠴᠢ ᠶᠢᠨ ᠭᠡᠷ ᠳᠣᠲᠣᠷᠠᠬᠢ ᠳᠤᠮᠳᠠᠴᠢ ᠳᠤᠯᠠᠭᠠᠨ ᠤ ᠬᠡᠮᠵᠢᠶ᠎ᠡ ᠶᠢ 23℃ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠵᠦ ᠪᠠᠶᠢᠨ᠎ᠠ᠃
     ᠬᠤᠸᠠ ᠨᠧᠩ ᠤᠮᠠᠷᠠᠲᠤ ᠰᠢᠯᠢ ᠢᠯᠴᠢ ᠴᠠᠬᠢᠯᠭᠠᠨ ᠤ ᠺᠣᠮᠫᠠᠨᠢ ᠶᠢᠨ ᠲᠥᠪᠯᠡᠷᠡᠭᠦᠯᠦᠨ ᠡᠵᠡᠮᠳᠡᠬᠦ ᠵᠢᠵᠢᠭᠦᠷᠯᠡᠭᠴᠢ ᠵᠠᠩ ᠨᠢᠩ ᠶᠠᠷᠢᠵᠤ ᠪᠠᠶᠢᠭ᠎ᠠ ᠨᠢ      ᠡᠨᠡ ᠵᠢᠯ ᠬᠢᠩᠭᠠᠨ ᠠᠶᠢᠮᠠᠭ ᠤᠨ ᠬᠢᠨ 31 ᠳᠤᠯᠠᠭᠠᠯᠭ᠎ᠠ ᠶᠢᠨ ᠢᠨᠵᠧᠨᠧᠷᠢᠩ ᠤᠨ ᠲᠦᠷᠦᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 15 ᠳ᠋ᠦᠩᠰᠢᠭᠤᠷ ᠲᠥᠭᠦᠷᠢᠭ ᠲᠤ ᠬᠦᠷᠦᠨ᠎ᠡ᠃ ᠣᠲᠣ ᠪᠣᠯᠲᠠᠯ᠎ᠠ᠂ ᠨᠡᠶᠢᠲᠡ 11 ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠪᠠᠶᠢᠨ᠎ᠠ᠃ 5 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠪᠥᠬᠦ ᠠᠶᠢᠮᠠᠭ ᠤᠨ ᠡᠯ᠎ᠡ ᠭᠠᠵᠠᠷ ᠤᠨ ᠳᠤᠯᠠᠭᠠᠯᠠᠭ᠎ᠠ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠨᠡᠶᠢᠲᠡ 26 ᠲᠥᠷᠥᠯ ᠵᠦᠢᠯ ᠢ ᠠᠵᠢᠯ ᠡᠬᠢᠯᠡᠭᠦᠯᠵᠦ᠂ ᠠᠵᠢᠯ ᠡᠬᠢᠯᠡᠭᠦᠯᠬᠦ ᠨᠣᠷᠮ᠎ᠠ  ᠨᠢ 83.9% ᠪᠠᠶᠢᠵᠤ᠂ 7 ᠳ᠋ᠤᠭᠠᠷ ᠰᠠᠷ᠎ᠠ ᠶᠢᠨ 25 ᠤ ᠡᠳᠦᠷ ᠠᠴᠠ ᠡᠮᠦᠨ᠎ᠡ 100% ᠪᠠᠷ ᠠᠵᠢᠯ ᠡᠬᠢᠯᠡᠭᠦᠯᠬᠦ ᠪᠠᠷ ᠲᠥᠯᠥᠪᠯᠡᠵᠦ᠂ ᠳᠤᠯᠠᠭᠠᠯᠠᠭ᠎ᠠ ᠶᠢᠨ ᠬᠤᠭᠤᠴᠠᠭ᠎ᠠ ᠠᠴᠠ ᠡᠮᠦᠨ᠎ᠡ ᠪᠦᠬᠦᠨ ᠢ ᠠᠵᠢᠯ ᠳᠠᠭᠤᠰᠬᠠᠨ᠎ᠠ᠃ 4 ᠳ᠋ᠤᠭᠡᠷ ᠰᠠᠷ᠎ᠠ ᠶᠢᠨ 15 ᠤ ᠡᠳᠦᠷ᠂ ᠤᠯᠠᠭᠠᠨᠴᠠᠪ ᠬᠤᠲᠠ ᠶᠢᠨ 8 ᠬᠤᠰᠢᠭᠤ ᠰᠢᠶᠠᠨ ᠬᠤᠲᠠ ᠲᠣᠭᠤᠷᠢᠭ ᠤᠨ ᠳᠤᠯᠠᠭᠠᠯᠠᠭ᠎ᠠ ᠶᠢᠨ ᠢᠨᠵᠧᠨᠧᠷᠢᠩ ᠤᠨ 16 ᠲᠥᠷᠥᠯ ᠵᠦᠢᠯ ᠢ ᠵᠠᠯᠭᠠᠭ᠎ᠠ ᠪᠠᠷ ᠠᠵᠢᠯ ᠡᠬᠢᠯᠡᠭᠦᠯᠵᠦ᠂ ᠪᠤᠰᠤᠳ 3 ᠬᠤᠰᠢᠭᠤ ᠰᠢᠶᠠᠨ 4 ᠳ᠋ᠤᠭᠡᠷ ᠰᠠᠷ᠎ᠠ ᠶᠢᠨ 30 ᠤ ᠡᠳᠦᠷ ᠢᠯᠴᠢ ᠬᠠᠩᠭᠠᠯᠭ᠎ᠠ ᠵᠣᠭᠰᠣᠭᠰᠠᠨ ᠤ ᠳᠠᠷᠠᠭ᠎ᠠ ᠠᠵᠢᠯ ᠡᠬᠢᠯᠡᠭᠦᠯᠦᠨ᠎ᠡ᠃      ᠤᠯᠠᠭᠠᠨᠴᠠᠪ ᠬᠤᠲᠠ ᠳᠤᠯᠠᠭᠠᠯᠭ᠎ᠠ ᠶᠢᠨ ᠢᠨᠵᠧᠨᠧᠷᠢᠩ ᠢ ᠬᠡᠷᠡᠭᠵᠢᠭᠦᠯᠬᠦ ᠲᠠᠯ᠎ᠠ ᠪᠠᠷ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠬᠤᠲᠠ ᠶᠢᠨ ᠱᠠᠲᠤᠨ ᠤ ᠪᠠ ᠬᠤᠰᠢᠭᠤ ᠰᠢᠶᠠᠨ ᠬᠤᠲᠠ ᠲᠣᠭᠤᠷᠢᠭ ᠤᠨ ᠬᠡᠷᠡᠭᠵᠢᠭᠦᠯᠬᠦ ᠲᠥᠰᠥᠯ ᠢ ᠪᠦᠬᠦᠨ ᠢ ᠲᠣᠭᠲᠠᠭᠠᠵᠤ ᠳᠠᠷᠤᠮᠠᠯᠯᠠᠨ ᠲᠠᠷᠬᠠᠭᠠᠪᠠ᠃ ᠲᠤᠰ ᠬᠤᠲᠠ ᠶᠢᠨ ᠬᠢᠨ 1 ᠳ᠋ᠤᠭᠡᠷ ᠰᠠᠷ᠎ᠠ ᠶᠢᠨ ᠳᠤᠮᠳᠠᠴᠢ ᠠᠴᠠ ᠡᠬᠢᠯᠡᠨ ᠡᠯ᠎ᠡ ᠬᠤᠰᠢᠭᠤ ᠰᠢᠶᠠᠨ ᠬᠤᠲᠠ ᠲᠣᠭᠤᠷᠢᠭ ᠢ ᠵᠣᠬᠢᠶᠠᠨ ᠪᠠᠶᠢᠭᠤᠯᠵᠤ ᠪᠤᠶ ᠪᠦᠬᠦᠢ ᠢᠯᠴᠢ ᠶᠢᠨ ᠰᠤᠷᠪᠤᠯᠵᠢ᠂ ᠢᠯᠴᠢ ᠶᠢᠨ ᠲᠣᠣᠷ᠂ ᠢᠯᠴᠢ ᠶᠢᠨ ᠬᠦᠴᠦᠨ ᠤ ᠥᠷᠲᠡᠭᠡ ᠵᠡᠷᠭᠡ ᠬᠤᠲᠠ ᠪᠠᠯᠭᠠᠰᠤᠨ ᠤ ᠲᠥᠪᠯᠡᠷᠡᠭᠦᠯᠦᠨ ᠢᠯᠴᠢ ᠬᠠᠩᠭᠠᠬᠤ ᠲᠥᠬᠦᠭᠡᠷᠦᠮᠵᠢ ᠳᠤ ᠨᠡᠶᠢᠳᠡᠮ ᠪᠠᠶᠢᠴᠠᠭᠠᠯᠲᠠ ᠬᠢᠬᠦ ᠶᠢᠨ ᠬᠠᠮᠲᠤ 12345 ᠵᠠᠰᠠᠭ ᠤᠨ ᠶᠠᠪᠤᠳᠠᠯ ᠤᠨ ᠬᠠᠯᠠᠭᠤᠨ ᠤᠲᠠᠰᠤᠨ ᠤ ᠢᠯᠴᠢ ᠬᠠᠩᠭᠠᠬᠤ ᠵᠠᠭᠠᠯᠳᠤᠯᠭ᠎ᠠ ᠲᠥᠪᠯᠡᠷᠡᠭᠰᠡᠨ ᠰᠠᠭᠤᠭᠠᠯᠠᠢ ᠠᠷᠠᠳ ᠤᠨ ᠲᠣᠭᠤᠷᠢᠭ ᠲᠤ ᠭᠤᠣᠯᠳᠠᠯᠭ᠎ᠠ ᠲᠠᠢ ᠪᠠᠶᠢᠴᠠᠭᠠᠯᠲᠠ ᠬᠢᠵᠦ᠂ ᠣᠯᠠᠨ ᠡᠭᠡᠯᠵᠢ ᠶᠢᠨ ᠲᠤᠬᠠᠢ ᠶᠢᠨ ᠭᠠᠵᠠᠷ  ᠲᠤᠨᠢ ᠬᠠᠷᠭᠤᠭᠤᠯᠤᠨ ᠪᠠᠶᠢᠴᠠᠭᠠᠵᠤ ᠰᠤᠳᠤᠯᠤᠨ ᠮᠠᠭᠠᠳᠯᠠᠬᠤ ᠪᠠᠷ ᠳᠡᠮᠵᠢᠨ᠂ ᠪᠥᠬᠦ ᠬᠤᠲᠠ ᠳᠤ 9 ᠲᠥᠷᠥᠯ ᠤᠨ 115 ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠬᠦ ᠪᠠᠷ ᠲᠣᠭᠲᠠᠭᠠᠵᠤ᠂ ᠪᠥᠬᠦ ᠬᠤᠲᠠ ᠶᠢᠨ 11 ᠬᠤᠰᠢᠭᠤ ᠰᠢᠶᠠᠨ ᠬᠤᠲᠠ ᠲᠣᠭᠤᠷᠢᠭ ᠲᠤ ᠪᠥᠬᠦ ᠬᠡᠯᠬᠢᠶ᠎ᠡ ᠶᠢ ᠥᠭᠡᠷᠡᠴᠢᠯᠡᠨ ᠳᠡᠭᠡᠭᠰᠢᠯᠡᠭᠦᠯᠵᠦ᠂ ᠨᠡᠶᠢᠲᠡ 16.02 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠨ᠎ᠠ᠃      ᠢᠨᠵᠧᠨᠧᠷᠢᠩ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠠᠬᠢᠭᠤᠯᠬᠤ ᠶᠢᠨ ᠲᠥᠯᠥᠭᠡ᠂ ᠤᠯᠠᠭᠠᠨᠴᠠᠪ ᠬᠤᠲᠠ ᠶᠢᠨ ᠬᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠪᠠᠨ ᠲᠦᠷᠭᠡᠳᠬᠡᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠨ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠲᠦᠷᠭᠡᠳᠬᠡᠨ ᠠᠬᠢᠭᠤᠯᠵᠤ᠂ ᠲᠥᠷᠥᠯ ᠵᠦᠢᠯ ᠤᠨ ᠲᠣᠭᠲᠠᠭᠰᠠᠨ ᠬᠤᠭᠤᠴᠠᠭᠠᠨ ᠳᠠᠭᠠᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠦᠨᠡᠨ ᠬᠦ ᠪᠠᠲᠤᠯᠠᠪᠠ︔ ᠡᠭᠦᠨ ᠤ ᠬᠠᠮᠲᠤ ᠠᠰᠠᠭᠤᠳᠠᠯ ᠢ ᠬᠠᠷᠢᠭᠤ ᠲᠤᠰᠬᠠᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠬᠠᠮᠢᠶ᠎ᠠ ᠪᠦᠬᠦᠢ ᠠᠯᠪᠠᠨ ᠵᠠᠷ ᠢ ᠴᠠᠭ ᠲᠤᠬᠠᠢ ᠳᠤᠨᠢ ᠨᠡᠶᠢᠲᠡᠯᠡᠵᠦ᠂ ᠢᠯᠴᠢ ᠬᠠᠩᠭᠠᠯᠭ᠎ᠠ ᠶᠢᠨ ᠵᠠᠭᠠᠯᠳᠤᠯᠭ᠎ᠠ ᠶᠢᠨ ᠲᠤᠰᠬᠠᠢ ᠤᠲᠠᠰᠤ ᠭᠠᠷᠭᠠᠵᠤ᠂ ᠦᠢᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠲᠡᠭᠡᠭᠰᠢᠯᠡᠭᠦᠯᠪᠡ᠃      4 ᠳ᠋ᠤᠭᠡᠷ ᠰᠠᠷ᠎ᠠ ᠶᠢᠨ 10 ᠤ ᠡᠳᠦᠷ᠂ ᠤᠯᠠᠭᠠᠨᠬᠠᠳᠠ ᠶᠢᠨ ᠳᠤᠯᠠᠭᠠᠯᠭ᠎ᠠ ᠶᠢᠨ ᠢᠨᠵᠧᠨᠧᠷᠢᠩ ᠢ ᠡᠬᠢᠯᠡᠭᠦᠯᠵᠦ ᠂ ᠡᠯ᠎ᠡ ᠭᠠᠵᠠᠷ ᠤᠨ ᠬᠢᠨ ᠪᠣᠳᠠᠲᠠᠢ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠥᠷᠯᠥᠭᠡ ᠦᠳᠡᠰᠢ ᠶᠢ ᠲᠡᠮᠡᠴᠡᠨ᠂ ᠴᠠᠭ ᠤᠨ ᠳᠠᠷᠠᠭᠠᠯᠠᠯ ᠤᠨ ᠱᠠᠭᠠᠷᠳᠠᠯᠭ᠎ᠠ ᠶᠢ ᠴᠢᠩᠭ᠎ᠠ ᠡᠵᠡᠮᠳᠡᠵᠦ᠂ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠲᠥᠷᠥᠯ ᠵᠦᠢᠯ ᠨᠢᠭᠡ ᠪᠣᠯᠪᠠᠰᠤᠷᠠᠩᠭᠤᠢ ᠪᠣᠯᠪᠠᠯ ᠨᠢᠭᠡ ᠠᠵᠢᠯ ᠡᠬᠢᠯᠡᠭᠦᠯᠬᠦ ᠶᠢ ᠪᠡᠶᠡᠯᠡᠭᠦᠯᠵᠦ᠂ ᠪᠥᠬᠦ 91 ᠲᠥᠷᠥᠯ ᠵᠦᠢᠯ ᠢ 9 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠬᠤ ᠪᠣᠯᠣᠨ᠎ᠠ᠃      ᠤᠯᠠᠭᠠᠨᠬᠠᠳᠠ ᠬᠤᠲᠠ ᠡᠨᠡ ᠵᠢᠯ 14 .7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠢᠯᠴᠢ ᠬᠠᠩᠭᠠᠬᠤ ᠬᠦᠷᠢᠶᠡᠨ ᠳᠠᠬᠢ ᠢᠯᠴᠢ ᠶᠢᠨ ᠢᠷᠡᠯᠲᠡ ᠶᠢᠨ ᠪᠦᠲᠦᠭᠡᠨ ᠪᠠᠶᠢᠭᠤᠯᠤᠯᠲᠠ᠂ ᠢᠯᠴᠢ ᠶᠢᠨ ᠲᠣᠣᠷ ᠢ ᠰᠢᠨᠡᠳᠬᠡᠬᠦ᠂ ᠢᠯᠴᠢ ᠶᠢᠨ ᠥᠷᠲᠡᠭᠡ ᠶᠢ ᠳᠡᠭᠡᠭᠰᠢᠯᠡᠭᠦᠯᠬᠦ᠂ ᠭᠡᠷ ᠳᠣᠲᠣᠷᠠᠬᠢ ᠥᠭᠡᠷᠡᠴᠢᠯᠡᠯᠲᠡ ᠂ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠵᠡᠷᠭᠡ ᠲᠠᠯ᠎ᠠ ᠪᠠᠷ ᠠᠰᠠᠭᠤᠳᠠᠯ ᠢ ᠪᠠᠶᠢᠴᠠᠭᠠᠨ᠂  ᠲᠤᠳᠠᠭᠳᠠᠯ ᠢ ᠨᠥᠬᠦᠪᠦᠷᠢᠯᠡᠵᠦ᠂ ᠨᠠᠶᠢᠳᠠᠪᠤᠷᠢᠵᠢᠭᠤᠯᠤᠯᠲᠠ ᠶᠢ ᠠᠳᠬᠤᠨ᠂ ᠦᠢᠯᠡᠴᠢᠯᠡᠭᠡ ᠶᠢ ᠴᠢᠩᠭᠠᠳᠬᠠᠵᠤ᠂ ᠣᠶᠤᠨᠴᠢ ᠪᠠᠷ ᠢᠯᠴᠢ ᠬᠠᠩᠭᠠᠬᠤ ᠵᠠᠭᠪᠤᠷ ᠢ ᠰᠦᠪᠡᠭᠴᠢᠯᠡᠨ ᠪᠠᠶᠢᠭᠤᠯᠵᠤ᠂ ᠪᠥᠬᠦ ᠬᠤᠲᠠ ᠶᠢᠨ ᠬᠤᠲᠠ ᠪᠠᠯᠭᠠᠰᠤᠨ ᠤ ᠢᠯᠴᠢ ᠬᠠᠩᠭᠠᠬᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠠᠷᠠᠳ ᠣᠯᠠᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠨ᠎ᠠ᠃
    ᠰᠢᠯᠢ ᠶᠢᠨ ᠭᠤᠣᠯ ᠤᠨ ᠢᠯᠴᠢ ᠴᠠᠬᠢᠯᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠵᠢᠯᠲᠠᠳ ᠢᠯᠴᠢ ᠰᠣᠯᠢᠯᠴᠠᠭᠤᠷ ᠲᠤ ᠡᠳᠦᠷ ᠲᠤᠲᠤᠮ ᠤᠨ ᠬᠠᠮᠠᠭᠠᠯᠠᠯᠲᠠ ᠶᠢᠨ ᠪᠠᠶᠢᠴᠠᠭᠠᠯᠲᠠ ᠬᠢᠵᠦ ᠪᠠᠶᠢᠭ᠎ᠠ ᠨᠢ      4 ᠳ᠋ᠤᠭᠡᠷ ᠰᠠᠷ᠎ᠠ ᠶᠢᠨ 12 ᠤᠨ ᠡᠳᠦᠷ᠂ ᠰᠢᠯᠢᠩᠬᠤᠲᠠ ᠶᠢᠨ ᠳᠤᠯᠠᠭᠠᠯᠭ᠎ᠠ ᠶᠢᠨ ᠢᠨᠵᠧᠨᠧᠷᠢᠩ ᠵᠢᠴᠢ ᠰᠢᠨ ᠴᠧᠨ ᠢᠯᠴᠢ ᠬᠠᠩᠭᠠᠬᠤ ᠺᠣᠮᠫᠠᠨᠢ ᠶᠢᠨ ᠰᠢᠨ᠎ᠡ ᠪᠠᠷ ᠪᠠᠶᠢᠭᠤᠯᠤᠭᠰᠠᠨ ᠬᠠᠢ ᠾᠧ ᠵᠠᠮ ᠤᠨ ᠨᠢᠭᠡᠳᠦᠭᠡᠷ ᠲᠣᠣᠷ ᠤᠨ ᠰᠠᠯᠪᠤᠷᠢ ᠬᠤᠭᠤᠯᠠᠢ ᠶᠢᠨ ᠢᠨᠵᠧᠨᠧᠷᠢᠩ ᠵᠢᠩᠬᠢᠨᠢ ᠪᠠᠷ ᠠᠵᠢᠯ ᠡᠬᠢᠯᠡᠪᠡ᠃ 2024 ᠣᠨ ᠳᠤ᠂ ᠰᠢᠯᠢᠩᠬᠤᠲᠠ ᠶᠢᠨ ᠳᠤᠯᠠᠭᠠᠯᠭ᠎ᠠ ᠶᠢᠨ ᠢᠨᠵᠧᠨᠧᠷᠢᠩ ᠨᠢ ᠳᠤᠯᠠᠭᠠᠯᠭ᠎ᠠ ᠶᠢᠨ ᠮᠠᠰᠢᠨ ᠴᠣᠭᠴᠠᠯᠠᠪᠤᠷᠢ ᠶᠢ ᠥᠭᠡᠷᠡᠴᠢᠯᠡᠬᠦ᠂ ᠬᠤᠭᠤᠯᠠᠢ ᠲᠣᠣᠷ ᠢ ᠰᠢᠨᠡᠳᠬᠡᠬᠦ᠂ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠵᠡᠷᠭᠡ 4 ᠲᠠᠯ᠎ᠠ ᠶᠢᠨ 13 ᠲᠦᠷᠦᠯ ᠵᠦᠢᠯ ᠢ ᠬᠠᠮᠤᠷᠴᠤ᠂ ᠶᠡᠷᠦᠩᠬᠡᠢ ᠪᠡᠯᠡ ᠣᠷᠣᠭᠤᠯᠤᠯᠲᠠ ᠨᠢ 1.57 ᠳ᠋ᠦᠩᠰᠢᠭᠤᠷ ᠲᠥᠭᠦᠷᠢᠭ ᠲᠤ ᠬᠦᠷᠴᠡᠢ᠂ ᠡᠭᠦᠨ ᠳᠤ᠂ ᠵᠠᠰᠠᠭ ᠤᠨ ᠣᠷᠳᠣᠨ ᠠᠴᠠ 6495 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠡᠯ᠎ᠡ ᠳᠤᠯᠠᠭᠠᠯᠭ᠎ᠠ ᠶᠢᠨ ᠠᠵᠤ ᠠᠬᠤᠶᠢᠯᠠᠯ 9237 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠳᠤᠯᠠᠭᠠᠯᠭ᠎ᠠ ᠶᠢᠨ ᠬᠤᠭᠤᠯᠠᠢ ᠲᠣᠣᠷ ᠢ 88.48 ᠺᠢᠯᠤᠮᠥᠲᠷ ᠦᠭᠡᠷᠡᠴᠢᠯᠡᠨ᠎ᠡ᠃      ᠰᠢᠨ ᠴᠧᠨ ᠢᠯᠴᠢ ᠬᠠᠩᠭᠠᠬᠤ ᠺᠣᠮᠫᠠᠨᠢ ᠶᠢᠨ ᠬᠡᠷᠡᠭᠵᠢᠭᠦᠯᠦᠭᠰᠡᠨ ᠰᠢᠨ᠎ᠡ ᠪᠠᠷ ᠪᠠᠶᠢᠭᠤᠯᠤᠭᠰᠠᠨ ᠬᠠᠢ ᠾᠧ ᠵᠠᠮ ᠤᠨ ᠨᠢᠭᠡᠳᠦᠭᠡᠷ ᠲᠣᠣᠷ ᠤᠨ ᠰᠠᠯᠪᠤᠷᠢ ᠬᠤᠭᠤᠯᠠᠢ ᠶᠢᠨ ᠢᠨᠵᠧᠨᠧᠷᠢᠩ ᠤᠨ ᠲᠥᠯᠥᠪᠯᠡᠭᠡ ᠪᠠᠷ ᠬᠠᠢ ᠾᠧ ᠵᠠᠮ ᠳᠤ 2.1 ᠺᠢᠯᠣᠮᠧᠲᠷ ᠢᠯᠴᠢ ᠬᠠᠩᠭᠠᠬᠤ ᠬᠤᠭᠤᠯᠠᠢ ᠳᠡᠪᠢᠰᠴᠦ᠂ ᠪᠠᠷᠤᠭ 2300 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠵᠢᠱᠢᠯᠲᠡ ᠪᠠᠷ ᠠᠵᠢᠯ ᠳᠠᠭᠤᠰᠬᠤ ᠴᠠᠭ ᠨᠢ 7 ᠳ᠋ᠤᠭᠠᠷ ᠰᠠᠷ᠎ᠠ ᠶᠢᠨ 15 ᠤ ᠡᠳᠦᠷ ᠪᠣᠯᠣᠨ᠎ᠠ᠃ ᠡᠨᠡ ᠬᠦ ᠲᠦᠷᠦᠯ ᠵᠦᠢᠯ ᠬᠡᠷᠡᠭᠵᠢᠭᠦᠯᠪᠡᠯ 50 ᠭᠠᠷᠤᠢ ᠰᠠᠭᠤᠭᠠᠯᠢ ᠠᠷᠠᠳ ᠤᠨ ᠲᠣᠭᠤᠷᠢᠭ᠂ 1.2 ᠲᠦᠮᠡ ᠭᠠᠷᠤᠢ ᠡᠷᠦᠬᠡ ᠰᠠᠭᠤᠭᠠᠯᠢ ᠠᠷᠠᠳ ᠠᠰᠢᠭ ᠬᠦᠷᠲᠡᠭᠡᠬᠦ ᠪᠣᠯᠣᠨ᠎ᠠ᠂ ᠢᠯᠠᠩᠭᠤᠶ᠎ᠠ ᠢᠯᠴᠢ ᠬᠠᠩᠭᠠᠬᠤ ᠡᠴᠦᠰ ᠤᠨ ᠬᠡᠰᠡᠭ ᠤᠨ ᠣᠷᠣᠨ ᠪᠦᠰᠡ ᠲᠣᠭᠤᠷᠢᠭ ᠤᠨ ᠢᠯᠴᠢ ᠬᠠᠩᠭᠠᠬᠤ ᠶᠠᠰᠤ ᠴᠢᠨᠠᠷ ᠢ ᠰᠠᠶᠢᠵᠢᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠬᠥᠯᠥᠨ ᠪᠤᠶᠢᠷ ᠬᠤᠲᠠ ᠳᠤᠯᠠᠭᠠᠯᠭ᠎ᠠ ᠶᠢᠨ ᠢᠨᠵᠧᠨᠧᠷᠢᠩ ᠤᠨ ᠲᠥᠷᠥᠯ ᠵᠦᠢᠯ ᠤᠨ ᠬᠢᠨᠠᠨ ᠵᠥᠪᠰᠢᠶᠡᠷᠡᠯ ᠤᠨ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠦ᠂ ︽ᠨᠢᠭᠡ ᠪᠣᠯᠪᠠᠰᠤᠷᠠᠩᠭᠤᠢ ᠪᠣᠯᠪᠠᠯ ᠨᠢᠭᠡ ᠶᠢ ᠠᠵᠢᠯ ᠡᠬᠢᠯᠡᠭᠦᠯᠦᠨ᠎ᠡ︾᠃ ᠬᠠᠶᠢᠯᠠᠷ ᠣᠷᠣᠨ ᠤ ᠢᠯᠴᠢ ᠬᠠᠩᠭᠠᠬᠤ ᠠᠵᠤ ᠠᠬᠤᠶᠢᠯᠠᠯ ᠤᠨ ᠨᠢᠭᠡ ᠪᠣᠯᠤᠭᠰᠠᠨ ᠬᠥᠯᠥᠨ ᠪᠤᠶᠢᠷ ᠤᠨ ᠱᠤᠸᠠᠩ ᠯᠢᠶᠠᠩ ᠡᠨᠧᠷᠭᠢ ᠶᠢᠨ ᠰᠢᠰᠲ᠋ᠧᠮ ᠤᠨ ᠬᠢᠵᠠᠭᠠᠷᠲᠤ ᠺᠣᠮᠫᠠᠨᠢ ᠡᠨᠡ ᠵᠢᠯ 5000 ᠲᠦᠮᠡᠨ ᠲᠥᠭᠦᠷᠢᠭ ᠣᠷᠣᠭᠤᠯᠵᠤ᠂ ᠨᠢᠭᠡᠳᠦᠭᠡᠷ ᠳᠡᠰ ᠤᠨ ᠬᠤᠭᠤᠯᠠᠢ ᠲᠣᠣᠷ ᠪᠣᠯᠣᠨ ᠢᠯᠴᠢ ᠰᠣᠯᠢᠯᠴᠠᠬᠤ ᠥᠷᠲᠡᠭᠡ ᠶᠢᠨ ᠰᠢᠨ᠎ᠡ ᠪᠠᠷ ᠪᠠᠶᠢᠭᠤᠯᠬᠤ᠂ ᠴᠡᠭᠴᠡᠯᠡᠨ ᠰᠠᠶᠢᠵᠢᠷᠠᠭᠤᠯᠬᠤ ᠵᠢᠴᠢ ᠣᠶᠤᠨᠲᠤ ᠢᠯᠴᠢ ᠬᠠᠩᠭᠠᠬᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠪᠠᠭᠲᠠᠭᠠᠭᠰᠠᠨ ᠬᠤᠶᠠᠷ ᠳᠤᠯᠠᠭᠠᠯᠭ᠎ᠠ ᠶᠢᠨ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠶ᠃ ᠱᠤᠸᠠᠩ ᠯᠢᠶᠠᠩ ᠺᠣᠮᠫᠠᠨᠢ ᠲᠤᠬᠠᠢ ᠶᠢᠨ ᠭᠠᠵᠠᠷ ᠤᠨ ᠵᠣᠨ ᠤ ᠤᠯᠠᠷᠢᠯ ᠤᠨ ᠪᠠᠶᠢᠴᠠᠭᠠᠨ ᠵᠠᠰᠠᠬᠤ ᠬᠤᠭᠤᠴᠠᠭ᠎ᠠ ᠣᠬᠤᠷ ᠪᠠᠶᠢᠬᠤ ᠪᠣᠳᠠᠲᠤ ᠪᠠᠶᠢᠳᠠᠯ ᠳᠤ ᠴᠢᠭᠯᠡᠭᠦᠯᠦᠨ᠂ ᠤᠷᠢᠳᠴᠢᠯᠠᠨ ᠠᠳᠬᠤᠵᠤ᠂ ᠲᠦᠷᠦᠭᠦᠬᠡᠨ ᠨᠢᠭᠡᠨᠲᠡ ᠰᠢᠨ᠎ᠡ ᠲᠣᠰᠬᠤᠨ ᠰᠠᠭᠤᠭᠠᠯᠢ ᠠᠷᠠᠳ ᠤᠨ ᠲᠣᠭᠤᠷᠢᠭ ᠤᠨ ᠢᠯᠴᠢ ᠰᠣᠯᠢᠯᠴᠠᠬᠤ ᠥᠷᠲᠡᠭᠡ ᠶᠢᠨ ᠮᠠᠰᠢᠨ ᠴᠣᠭᠴᠠᠯᠠᠪᠤᠷᠢ ᠶᠢ ᠪᠠᠶᠢᠴᠠᠭᠠᠨ ᠵᠠᠰᠠᠬᠤ ᠪᠠ ᠥᠭᠡᠷᠡᠴᠢᠯᠡᠨ ᠪᠠᠶᠢᠭᠤᠯᠵᠤ᠂ ᠲᠥᠯᠥᠪᠯᠡᠭᠡ ᠠᠴᠠ 1 ᠰᠠᠷ᠎ᠠ ᠤᠷᠢᠳᠴᠢᠯᠠᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠭᠲᠠᠭᠰᠠᠨ ᠬᠤᠭᠤᠴᠠᠭᠠᠨ ᠳᠠᠭᠠᠨ ᠳᠠᠭᠤᠰᠬᠠᠬᠤ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃      ᠣᠶᠢᠷ᠎ᠠ ᠶᠢᠨ ᠡᠳᠦᠷ ᠤᠳ ᠲᠤ᠂ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠴᠡᠴᠡᠷᠯᠢᠭ ᠤᠨ ᠬᠤᠶᠢᠲᠤ ᠭᠤᠳᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠶ ᠳᠤ᠂ ᠪᠠᠷᠢᠯᠭ᠎ᠠ ᠶᠢᠨ ᠠᠵᠢᠯᠲᠠᠳ ᠶᠠᠭ ᠭᠤᠸ ᠰᠤᠪᠠᠭ ᠮᠠᠯᠲᠠᠬᠤ᠂ ᠠᠮᠤᠷ ᠲᠦᠪᠰᠢᠨ ᠤ ᠬᠠᠯᠬᠠᠪᠴᠢ ᠪᠠ ᠭᠠᠵᠠᠷ ᠳᠣᠣᠷᠠᠬᠢ ᠬᠤᠭᠤᠯᠠᠢ ᠲᠣᠣᠷ ᠢ ᠥᠭᠡᠷᠡᠴᠢᠯᠡᠬᠦ ᠵᠡᠷᠭᠡ ᠠᠵᠢᠯ ᠢ ᠬᠢᠵᠦ᠂ ᠢᠨᠵᠧᠨᠧᠷᠢᠩ ᠤᠨ ᠡᠯ᠎ᠡ ᠵᠦᠢᠯ ᠤᠨ ᠠᠵᠢᠯ ᠢ ᠶᠠᠭ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ ᠪᠠᠶᠢᠨ᠎ᠠ᠃ ︽ᠪᠠᠷᠤᠭ 1 ᠰᠠᠷ᠎ᠠ ᠶᠢᠨ ᠬᠤᠭᠤᠴᠠᠭᠠᠨ ᠳᠤ᠂ ᠪᠢᠳᠡ ᠤᠰᠤ ᠬᠠᠩᠭᠠᠬᠤ ᠤᠰᠤ ᠭᠠᠳᠠᠭᠰᠢᠯᠠᠭᠤᠯᠬᠤ᠂ ᠳᠤᠯᠠᠭᠠᠮᠵᠢ ᠶᠢᠨ ᠬᠤᠭᠤᠯᠠᠢ ᠶᠢ ᠳᠣᠷᠣᠭᠰᠢ ᠪᠠᠭᠤᠯᠭᠠᠵᠤ᠂ ᠥᠭᠡᠷᠡᠴᠢᠯᠡᠬᠦ ᠪᠠᠷ ᠳᠠᠮᠵᠢᠭᠤᠯᠤᠨ ᠰᠠᠭᠤᠭᠠᠯᠢ ᠠᠷᠠᠳ ᠤᠨ ᠳᠤᠯᠠᠭᠠᠯᠠᠭ᠎ᠠ ᠬᠠᠩᠭᠠᠬᠤ᠂ ᠶᠠᠪᠤᠵᠤ ᠰᠠᠭᠤᠬᠤ ᠵᠡᠷᠭᠡ ᠬᠦᠴᠢᠷ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠨ᠎ᠡ︾ ᠭᠡᠵᠦ ᠠᠯᠠᠱᠠ ᠵᠡᠭᠦᠨ ᠬᠤᠰᠢᠭᠤᠨ ᠤ ᠣᠷᠣᠨ ᠰᠠᠭᠤᠴᠠ ᠶᠢᠨ  ᠪᠠᠳᠤᠯᠠᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠠᠵᠢᠯᠲᠠᠨ ᠰᠢᠦᠢ ᠱᠢ ᠹᠧᠩ ᠬᠡᠯᠡᠪᠡ᠃      ᠣᠶᠢᠯᠠᠭᠠᠭᠰᠠᠨ ᠢᠶᠠᠷ᠂ ᠣᠯᠠᠨ ᠲᠦᠮᠡᠨ ᠤ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠳᠤ ᠨᠠᠩ ᠰᠠᠶᠢᠨ ᠦᠢᠯᠡᠴᠢᠯᠡᠨ ᠪᠠᠲᠤᠯᠠᠬᠤ ᠶᠢᠨ ᠲᠥᠯᠥᠭᠡ᠂ ᠡᠨᠡ ᠵᠢᠯ ᠠᠯᠠᠱᠠ ᠠᠶᠢᠮᠠᠭ ᠤᠨ ᠬᠢᠨ 19 ᠵᠦᠢᠯ ᠤᠨ ᠳᠤᠯᠠᠭᠠᠯᠭ᠎ᠠ ᠶᠢᠨ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠵᠦ᠂ 25925 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ ᠢᠯᠴᠢ ᠶᠢᠨ ᠢᠷᠡᠯᠲᠡ ᠶᠢ ᠥᠭᠡᠷᠡᠴᠢᠯᠡᠬᠦ᠂ ᠢᠯᠴᠢ ᠬᠠᠩᠭᠠᠬᠤ ᠨᠢᠭᠡᠳᠦᠭᠡᠷ ᠳᠡᠰ ᠤᠨ ᠬᠤᠭᠤᠯᠠᠢ ᠲᠣᠣᠷ ᠢ ᠥᠭᠡᠷᠡᠴᠢᠯᠡᠬᠦ᠂ ᠢᠯᠴᠢ ᠬᠠᠩᠭᠠᠬᠤ ᠬᠤᠶᠠᠳᠤᠭᠠᠷ ᠳᠡᠰ ᠤᠨ ᠬᠤᠭᠤᠯᠠᠢ ᠲᠣᠣᠷ ᠢ ᠥᠭᠡᠷᠡᠴᠢᠯᠡᠬᠦ᠂ ᠠᠰᠠᠷ ᠲᠠᠭᠲᠤ ᠶᠢᠨ ᠪᠣᠰᠤᠭ᠎ᠠ ᠬᠤᠭᠤᠯᠠᠢ ᠶᠢ ᠥᠭᠡᠷᠡᠴᠢᠯᠡᠬᠦ᠂ ᠢᠯᠴᠢ ᠰᠣᠯᠢᠯᠴᠠᠬᠤ ᠥᠷᠲᠡᠭᠡ ᠶᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠬᠦ᠂ ᠣᠶᠤᠨᠴᠢ ᠪᠠᠷ ᠢᠯᠴᠢ ᠬᠠᠩᠭᠠᠬᠤ ᠵᠡᠷᠭᠡ ᠪᠠᠭᠲᠠᠨ᠎ᠠ᠃ 4 ᠳ᠋ᠤᠭᠡᠷ ᠰᠠᠷ᠎ᠠ ᠶᠢᠨ 15 ᠤ ᠡᠳᠦᠷ ᠪᠣᠯᠲᠠᠯ᠎ᠠ ᠨᠢᠭᠡᠨᠲᠡ 3 ᠵᠦᠢᠯ ᠢ ᠠᠵᠢᠯ ᠡᠬᠢᠯᠡᠭᠦᠯᠦᠭᠰᠡᠨ ᠪᠠᠶᠢᠨ᠎ᠠ᠃      4 ᠳ᠋ᠤᠭᠡᠷ ᠰᠠᠷ᠎ᠠ ᠶᠢᠨ 9 ᠤ ᠡᠳᠦᠷ᠂ ᠦᠬᠠᠢ ᠬᠤᠳᠠ ᠶᠢᠨ ᠢᠯᠴᠢ ᠶᠢᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤᠯᠠᠭᠠᠯᠭ᠎ᠠ ᠶᠢᠨ ᠢᠨᠵᠧᠨᠧᠷᠢᠩ ᠤᠨ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠭᠤᠯᠵᠤ᠂ ᠦᠬᠠᠢ ᠬᠤᠳᠠ ᠶᠢᠨ ᠢᠯᠴᠢ ᠶᠢᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠤᠯᠠᠭᠠᠯᠭ᠎ᠠ ᠶᠢᠨ ᠢᠨᠵᠧᠨᠧᠷᠢᠩ ᠤᠨ ᠲᠦᠷᠦᠯ ᠵᠦᠢᠯ ᠢ ᠡᠬᠢᠯᠡᠭᠦᠯᠪᠡ᠃      ᠲᠠᠨᠢᠯᠴᠠᠭᠤᠯᠤᠭᠰᠠᠨ ᠢᠶᠠᠷ᠂ ᠨᠡᠶᠢᠲᠡ 9.9467 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ᠂ ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ ᠨᠢ 2024 ᠣᠨ ︱ 2026 ᠣᠨ ᠪᠣᠯᠣᠨ᠎ᠠ᠂ ᠡᠭᠦᠨ ᠳᠤ ᠭᠤᠤᠯᠳᠠᠭᠤ᠂ ᠣᠷᠳᠣ ᠳᠠᠮᠵᠢᠭᠤᠯᠬᠤ ᠬᠤᠭᠤᠯᠠᠢ ᠲᠣᠣᠷ ᠤᠨ ᠪᠦᠲᠦᠭᠡᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠰᠢᠲᠠᠮᠠᠬᠠᠢ ᠬᠡᠢ ᠶᠢᠨ ᠭᠦᠸᠧᠯᠦ ᠶᠢ ᠰᠢᠨ᠎ᠡ ᠪᠠᠷ ᠪᠠᠶᠢᠭᠤᠯᠬᠤ᠂ ᠳᠤᠯᠠᠭᠠᠯᠠᠭ᠎ᠠ ᠶᠢᠨ ᠢᠨᠵᠧᠨᠧᠷᠢᠩ ᠤᠨ ᠢᠯᠴᠢ ᠬᠠᠩᠭᠠᠬᠤ ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ᠂ ︽ᠢᠯᠴᠢ ᠴᠠᠬᠢᠯᠭᠠᠨ ᠢ ᠬᠠᠮᠲᠤᠷᠠᠨ ᠦᠢᠯᠡᠳᠪᠦᠷᠢᠯᠡᠬᠦ︾ ᠴᠡᠪᠡᠷ ᠡᠨᠧᠷᠭᠢ ᠶᠢᠨ ᠰᠤᠷᠪᠤᠯᠵᠢ ᠶᠢᠨ ᠢᠯᠴᠢ ᠬᠠᠩᠭᠠᠬᠤ ᠥᠭᠡᠷᠡᠴᠢᠯᠡᠯᠲᠡ᠂ ᠰᠢᠲᠠᠮᠠᠬᠠᠢ ᠬᠡᠢ ᠶᠢᠨ ᠭᠦᠸᠧᠯᠦ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠵᠢᠴᠢ ᠥᠷᠲᠡᠭᠡᠨ ᠳᠠᠬᠢ ᠶᠡᠷᠦᠩᠬᠡᠶᠢᠯᠡᠭᠰᠡᠨ ᠥᠭᠡᠷᠡᠴᠢᠯᠡᠯᠲᠡ ᠵᠡᠷᠭᠡ 7 ᠲᠥᠷᠥᠯ ᠵᠦᠢᠯ ᠢ ᠪᠠᠭᠲᠠᠭᠠᠨ᠎ᠠ᠃ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ ᠲᠤᠰ ᠺᠣᠮᠫᠠᠨᠢ ᠶᠢᠨ ᠬᠢᠨ ᠳᠤᠯᠠᠭᠠᠯᠭ᠎ᠠ ᠶᠢᠨ ᠢᠨᠵᠧᠨᠧᠷᠢᠩ ᠤᠨ ᠲᠦᠷᠦᠯ ᠵᠦᠢᠯ ᠤᠨ ᠡᠭᠦᠷᠭᠡ ᠵᠢᠴᠢ ᠬᠠᠷᠢᠭᠤᠴᠠᠯᠭ᠎ᠠ ᠳᠤ ᠬᠤᠪᠢᠶᠠᠷᠢᠯᠠᠯ ᠬᠢᠵᠦ᠂ 2024 ᠣᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠲᠣᠩᠭᠤᠷᠤᠤ ᠪᠠᠶᠢᠷᠢᠰᠢᠯᠳᠤ ᠪᠠᠷᠢᠯᠭ᠎ᠠ ᠶᠢᠨ ᠬᠤᠭᠤᠴᠠᠭᠠᠨ ᠤ  ︽ᠡᠯᠭᠦᠭᠡ ᠵᠢᠷᠤᠭ︾ ᠤᠨ ᠲᠥᠯᠥᠪᠯᠡᠭᠡ ᠶᠢ ᠲᠣᠭᠲᠠᠭᠠᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠢᠵᠢ ᠪᠦᠷᠢᠳᠦᠭᠰᠡᠨ ᠲᠦᠷᠦ ᠶᠢᠨ ᠪᠣᠳᠣᠯᠭ᠎ᠠ ᠶᠢ ᠠᠯᠬᠤᠮ ᠠᠯᠬᠤᠮ ᠢᠶᠠᠷ ᠲᠣᠭᠲᠠᠭᠠᠨ ᠲᠡᠭᠦᠯᠳᠡᠷᠵᠢᠭᠦᠯᠵᠦ᠂ ᠳᠤᠯᠠᠭᠠᠯᠭ᠎ᠠ ᠶᠢᠨ ᠢᠨᠵᠧᠨᠧᠷᠢᠩ ᠤᠨ ᠲᠣᠭᠲᠠᠭᠤᠨ ᠢᠶᠠᠷ ᠬᠡᠷᠡᠭᠵᠢᠭᠦᠯᠦᠭᠳᠡᠬᠦ ᠶᠢ ᠪᠦᠬᠦ ᠬᠦᠴᠦᠨ ᠢᠶᠠᠷ ᠢᠶᠠᠨ ᠪᠠᠳᠤᠯᠠᠨ᠎ᠠ᠃      ᠥᠪᠡᠷᠲᠡᠭᠡᠨ ᠵᠠᠰᠠᠬᠤ ᠣᠷᠣᠨ ᠪᠣᠯᠣᠨ ᠪᠤᠭᠤᠲᠤ ᠬᠤᠳᠠ ᠶᠢᠨ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠣᠰᠣᠭᠠᠷ᠂ ᠴᠢᠩᠱᠠᠨ ᠲᠣᠭᠤᠷᠢᠭ ᠤᠨ ᠬᠢᠨ ᠦᠳᠲᠡᠷ ᠲᠦᠷᠭᠡᠨ ᠬᠥᠳᠡᠯᠦᠯᠴᠡᠵᠦ᠂ ᠠᠵᠢᠯᠯᠠᠭ᠎ᠠ ᠶᠢᠨ ᠲᠥᠰᠥᠯ ᠢ ᠢᠳᠡᠪᠬᠢᠲᠡᠢ ᠲᠥᠯᠥᠪᠵᠢᠭᠦᠯᠵᠦ᠂ 4 ᠳ᠋ᠤᠭᠡᠷ ᠰᠠᠷ᠎ᠠ ᠶᠢᠨ ᠰᠡᠭᠦᠯᠴᠢ ᠪᠠᠷ 2024 ᠣᠨ ᠤ ᠳᠤᠯᠠᠭᠠᠯᠭ᠎ᠠ ᠶᠢᠨ ᠢᠨᠵᠧᠨᠧᠷᠢᠩ ᠤᠨ ᠲᠦᠷᠦᠯ ᠵᠦᠢᠯ ᠢ ᠡᠬᠢᠯᠡᠭᠦᠯᠬᠦ ᠪᠠᠷ ᠲᠥᠯᠥᠪᠯᠡᠵᠦ ᠪᠤᠢ᠃ ᠲᠥᠰᠥᠯ ᠢ ᠦᠨᠳᠦᠰᠦᠯᠡᠪᠡᠯ᠂ ᠲᠣᠰ ᠤᠳᠠᠭᠠᠨ ᠤ ᠢᠨᠵᠧᠨᠧᠷᠢᠩ ᠤᠨ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 2 ᠳ᠋ᠦᠩᠰᠢᠭᠤᠷ ᠲᠥᠭᠦᠷᠢᠭ ᠲᠤ ᠬᠦᠷᠴᠦ᠂ ᠣᠳᠣᠬᠠᠨ ᠳᠤ ᠲᠥᠷᠥᠯ ᠵᠦᠢᠯ ᠢ ᠶᠠᠭ ᠡᠮᠬᠢ ᠵᠢᠷᠤᠮ ᠲᠠᠢ ᠲᠦᠯᠬᠢᠨ ᠠᠬᠢᠭᠤᠯᠵᠤ ᠪᠠᠶᠢᠨ᠎ᠠ᠂ ᠲᠥᠯᠥᠪᠯᠡᠭᠡ ᠪᠠᠷ 9 ᠳ᠋ᠤᠭᠡᠷ ᠰᠠᠷ᠎ᠠ ᠶᠢᠨ ᠰᠡᠭᠦᠯᠴᠢ ᠪᠠᠷ ᠳᠠᠭᠤᠰᠬᠠᠵᠤ᠂ 10 ᠳ᠋ᠤᠭᠠᠷ ᠰᠠᠷ᠎ᠠ ᠶᠢᠨ 15 ᠤ ᠡᠳᠦᠷ ᠤᠨ ᠬᠡᠪ ᠤᠨ  ᠢᠯᠴᠢ ᠬᠠᠩᠭᠠᠯᠭ᠎ᠠ ᠶᠢ ᠦᠨᠡᠨ ᠬᠦ ᠪᠠᠲᠤᠯᠠᠬᠤ ᠪᠠᠷ ᠲᠥᠯᠥᠪᠯᠡᠵᠦ ᠪᠠᠶᠢᠨ᠎ᠠ᠃ ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1