ᠬᠥᠬᠡᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠰᠠᠭ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠤᠷᠰᠢᠯᠲᠠ ᠶᠢᠨ ᠠᠵᠢᠯ ᠤᠨ ᠲᠤᠬᠠᠢ ᠶᠢᠨ ᠲᠠᠯᠠᠪᠠᠶ ᠶᠢᠨ ᠦᠵᠡᠭᠦᠯᠦᠯᠭᠡ ᠶᠢᠨ ᠬᠤᠷᠠᠯ ᠲᠣᠭᠲᠠᠬᠤ ᠰᠢᠶᠠᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2024/4/22
      ᠲᠣᠭᠲᠠᠬᠤ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ︽ᠵᠢᠷᠭᠤᠭᠠᠨ ᠢᠨᠵᠧᠨᠧᠷᠢᠩ︾ ᠢᠶᠠᠷ ᠭᠠᠷᠳᠠᠴᠠ ᠪᠣᠯᠭᠠᠵᠤ᠂ ᠦᠨᠡᠨᠴᠢ ᠢᠲᠡᠭᠡᠮᠵᠢᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠣᠨ ᠠᠵᠤ ᠠᠬᠤᠶᠢᠯᠠᠯ ᠤᠨ ᠭᠦᠨᠵᠡᠭᠡᠢ ᠠᠭᠤᠰᠤᠯᠴᠠᠬᠤ ᠶᠢ  ᠠᠬᠢᠭᠤᠯᠬᠤ ᠶᠢᠨ ᠲᠦᠯᠦᠭᠡ᠂ 2023 ᠣᠨ ᠤ 11 ᠳ᠋ᠤᠭᠡᠷ ᠰᠠᠷ᠎ᠠ ᠳᠤ᠂  ᠲᠤᠭᠳᠠᠬᠤ ᠰᠢᠶᠠᠨ ᠤ ᠬᠢᠨ ᠮᠦᠩᠬᠡ ᠰᠤᠪᠠᠭ ᠠᠯᠪᠠᠨ ᠭᠡᠷ ᠤᠨ ᠳᠡᠯᠭᠡᠷᠡᠭᠦᠯᠦᠯᠲᠡ ᠲᠠᠢ ᠤᠶᠠᠯᠳᠤᠭᠤᠯᠤᠨ᠂ ᠪᠥᠬᠦ ᠬᠤᠲᠠ ᠶᠢᠨ ᠬᠡᠪᠴᠢᠶᠡᠨ ᠳᠤ ᠲᠤᠭᠳᠠᠬᠤ ᠰᠢᠶᠠᠨ ᠤ ᠥᠪᠡᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠵᠦᠢ ᠵᠣᠬᠢᠰᠲᠠᠢ ᠭᠦᠢᠴᠡᠳᠬᠡᠬᠦ · ᠵᠠᠰᠠᠭ ᠤᠨ ᠶᠠᠪᠤᠳᠠᠯ ᠤᠨ ᠦᠢᠯᠡᠴᠢᠯᠡᠭᠡ + e ᠦᠢᠯᠡᠴᠢᠯᠡᠭᠡ ᠶᠢ ᠤᠷᠢᠳᠠᠪᠠᠷ ᠭᠠᠷᠭᠠᠵᠤ᠂ ᠰᠢᠶᠠᠨ ᠤ ᠲᠠᠷᠢᠶᠠᠯᠠᠩ ᠬᠤᠳᠠᠯᠳᠤᠭᠠᠨ ᠤ ᠪᠠᠩᠬᠢ᠂ ᠴᠠᠬᠢᠯᠭᠠᠨ ᠬᠤᠯᠪᠣᠭᠠᠨ ᠤ ᠺᠣᠮᠫᠠᠨᠢ ᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠯᠡᠯᠴᠡᠭᠡᠷ ᠲᠣᠭᠲᠠᠵᠤ᠂ ᠵᠠᠰᠠᠭ ᠪᠠᠩᠬᠢ ᠠᠵᠤ ᠠᠬᠤᠶᠢᠯᠠᠯ ᠭᠤᠷᠪᠠᠨ ᠲᠠᠯ᠎ᠠ ᠪᠠᠷ ᠢᠶᠠᠨ ᠬᠠᠮᠲᠤᠷᠠᠯᠴᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠵᠠᠭᠪᠤᠷ ᠢ ᠨᠡᠭᠡᠭᠡᠨ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠳᠦᠮᠵᠢ ᠶᠢ ᠲᠡᠭᠡᠭᠰᠢᠯᠡᠭᠦᠯᠪᠡ᠃      ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ︾ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽66+N︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠭᠲᠠᠭᠠᠮᠵᠢ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠣᠯᠠᠨ ᠲᠦᠮᠡᠨ ᠳᠤ ︽ᠵᠠᠢ ᠵᠠᠪᠰᠠᠷ ᠦᠭᠡᠢ︾᠂ ︽ᠨᠠᠷᠢᠯᠢᠭᠵᠢᠭᠤᠯᠬᠤ︾ ᠦᠢᠯᠡᠴᠢᠯᠡᠭᠡ ᠬᠠᠩᠭᠠᠵᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠢᠢᠳᠪᠦᠷᠢᠯᠡᠬᠦ ᠳᠤ ᠠᠮᠠᠷ᠂ ᠰᠢᠢᠳᠪᠦᠷᠢᠯᠡᠬᠦ ᠳᠤ ᠬᠢᠯᠪᠠᠷ᠂ ᠲᠦᠷᠭᠡᠨ ᠭᠦᠢᠴᠡᠳᠬᠡᠬᠦ︾ ᠶᠢ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠠᠰᠠᠭ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠤᠯᠠᠮ ᠴᠢᠨᠠᠭᠰᠢᠳᠠ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1