ᠲᠣᠭᠲᠠᠬᠤ ᠰᠢᠶᠠᠨ ᠤ ᠬᠠᠶᠢᠯᠠᠰᠤᠨ ᠪᠤᠯᠠᠭ ᠰᠣᠶᠣᠯ ᠤᠨ ᠴᠡᠴᠡᠷᠯᠢᠭ ᠤᠨ ᠲᠥᠷᠥᠯ ᠵᠦᠢᠯ ᠳᠤ ᠵᠢᠩᠬᠢᠨᠢ ᠪᠠᠷ ᠰᠠᠭᠤᠷᠢ ᠲᠠᠯᠪᠢᠪᠠ
ᠨᠡᠶᠢᠲᠡᠯᠡᠭᠰᠡᠨ ᠴᠠᠭ᠄
2024/4/22
      4 ᠳ᠋ᠤᠭᠡᠷ ᠰᠠᠷ᠎ᠠ ᠶᠢᠨ 20  ᠤ ᠡᠳᠦᠷ᠂ ᠲᠣᠭᠲᠠᠬᠤ ᠰᠢᠶᠠᠨ ᠤ ᠬᠠᠶᠢᠯᠠᠰᠤᠨ ᠪᠤᠯᠠᠭ ᠰᠣᠶᠣᠯ ᠤᠨ ᠴᠡᠴᠡᠷᠯᠢᠭ ᠤᠨ ᠲᠦᠷᠦᠯ ᠵᠦᠢᠯ ᠳᠤ ᠵᠢᠩᠬᠢᠨᠢ ᠪᠠᠷ ᠰᠠᠭᠤᠷᠢ ᠲᠠᠯᠪᠢᠵᠤ᠂ ᠲᠤᠰ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠨᠢ ᠬᠠᠳᠤᠨ ᠭᠤᠣᠯ ᠳᠠᠭᠠᠤ ᠶᠢᠨ ᠠᠵᠤ ᠠᠬᠤᠢ ᠶᠢ ᠴᠢᠨᠠᠷ ᠰᠠᠶᠢᠲᠠᠢ ᠬᠥᠭᠵᠢᠭᠦᠯᠵᠦ᠂ ︽︿ᠤᠮᠠᠷᠠᠲᠤ ᠶᠢᠨ ᠰᠣᠶᠣᠯ﹀ ᠤᠨ ᠲᠦᠷᠦᠯ ᠲᠡᠮᠳᠡᠭ ᠢ ᠡᠭᠦᠳᠴᠦ᠂ ᠥᠪᠥᠷ ᠮᠣᠩᠭᠤᠯ ᠤᠨ ᠵᠤᠭᠠᠴᠠᠯ ᠤᠨ ᠦᠢᠯᠡᠰ ᠤᠨ ᠬᠥᠭᠵᠢᠯᠲᠡ ᠳᠤ ᠬᠦᠴᠦ ᠨᠡᠮᠡᠷᠢᠯᠡᠵᠦ᠂ ᠰᠣᠶᠣᠯ ᠵᠤᠭᠠᠴᠠᠯ ᠢ ᠠᠭᠤᠰᠤᠯᠴᠠᠭᠤᠯᠬᠤ ᠰᠢᠨ᠎ᠡ ᠵᠠᠮ ᠢ ᠠᠯᠬᠤᠭᠰᠠᠨ ᠪᠠᠶᠢᠨ᠎ᠠ᠃      ᠬᠠᠶᠢᠯᠠᠰᠤᠨ ᠪᠤᠯᠠᠭ ᠰᠣᠶᠣᠯ ᠤᠨ ᠴᠡᠴᠡᠷᠯᠢᠭ ᠨᠢ ᠬᠠᠲᠤᠨ ᠭᠤᠣᠯ ᠤᠨ ᠬᠤᠶᠢᠲᠤ ᠡᠷᠭᠢ ᠳᠠᠬᠢ ᠬᠠᠶᠢᠯᠠᠰᠤᠨ ᠪᠤᠯᠠᠭ ᠲᠣᠰᠬᠤᠨ ᠤ ᠬᠤᠶᠢᠲᠤ ᠪᠡᠶ᠎ᠡ ᠳᠤ ᠪᠠᠶᠢᠷᠢᠯᠠᠵᠤ᠂ ᠡᠮᠦᠨ᠎ᠡ ᠪᠡᠶ᠎ᠡ ᠪᠠᠷ ᠢᠶᠠᠨ ᠬᠠᠲᠤᠨ ᠭᠤᠣᠯ ᠠᠴᠠ 1800 ᠮᠧᠲᠷ ᠵᠠᠶᠢᠲᠠᠢ ᠪᠠᠶᠢᠳᠠᠭ᠃ ᠬᠠᠶᠢᠯᠠᠰᠤᠨ ᠪᠤᠯᠠᠭ ᠲᠡᠦᠬᠡᠨ ᠠᠴᠠ ᠡᠮᠦᠨᠡᠬᠢ ᠬᠥᠮᠥᠨ ᠲᠥᠷᠥᠯᠬᠢᠲᠡᠨ ᠤ ᠠᠵᠢᠯᠯᠠᠭᠠᠨ ᠤ ᠪᠠᠭᠤᠷᠢ ᠪᠣᠯ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠡᠷᠲᠡᠨ ᠤ ᠪᠠᠭᠤᠷᠢ ᠪᠣᠯᠬᠤ ᠪᠥᠭᠡᠳ ᠪᠠᠰᠠ ᠥᠪᠡᠷᠲᠡᠭᠡᠨ ᠵᠠᠰᠠᠬᠤ ᠣᠷᠣᠨ ᠤ ᠳᠡᠰ ᠤᠨ ᠭᠤᠣᠯᠳᠠᠯᠭ᠎ᠠ ᠲᠠᠢ ᠰᠣᠶᠣᠯ ᠤᠨ ᠬᠠᠮᠠᠭᠠᠯᠠᠯᠲᠠ ᠶᠢᠨ ᠨᠢᠭᠡᠴᠡ ᠪᠣᠯᠣᠨ᠎ᠠ᠂ ᠬᠠᠶᠢᠯᠠᠰᠤᠨ ᠪᠤᠯᠠᠭ ᠰᠣᠶᠣᠯ ᠨᠢ ᠥᠪᠥᠷ ᠮᠣᠩᠭᠤᠯ ᠤᠨ ᠳᠤᠮᠳᠠᠳᠤ ᠡᠮᠦᠨᠡᠲᠦ ᠣᠷᠣᠨ ᠤ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠡᠯ᠎ᠡ ᠴᠠᠭ ᠦᠶ᠎ᠡ ᠶᠢᠨ ᠰᠣᠶᠣᠯ ᠤᠨ ᠣᠶᠢᠯᠠᠭᠠᠭᠳᠠᠬᠤᠨ ᠢ ᠲᠥᠯᠥᠭᠡᠯᠡᠵᠦ᠂ ᠴᠢᠬᠤᠯᠠ ᠡᠷᠳᠡᠮ ᠰᠢᠨᠵᠢᠯᠡᠭᠡᠨ ᠤ ᠦᠨ᠎ᠡ ᠦᠷᠳᠡᠭ ᠲᠠᠢ ᠶᠤᠮ᠃ ᠲᠣᠰ ᠲᠥᠷᠥᠯ ᠵᠦᠢᠯ ᠳᠤ ᠨᠡᠶᠢᠲᠡ 4000 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠪᠠᠭᠤᠷᠢ ᠶᠢᠨ ᠦᠵᠡᠭᠦᠯᠦᠯᠭᠡ ᠶᠢᠨ ᠣᠷᠳᠣᠨ᠂ ᠭᠡᠷ ᠪᠦᠯᠢ ᠦᠷ᠎ᠡ ᠬᠡᠦᠬᠡᠳ ᠲᠠᠢ ᠪᠠᠨ ᠬᠤᠷᠰᠢᠯᠴᠠᠬᠤ ᠵᠤᠭ᠎ᠠ ᠴᠡᠩᠭᠡᠯ ᠤᠨ ᠣᠷᠣᠨ᠂ ᠳᠠᠷᠢᠵᠤ ᠲᠡᠭᠦᠬᠦ ᠲᠤᠷᠰᠢᠯᠲᠠ ᠶᠢᠨ ᠣᠷᠣᠨ᠂ ᠱᠤᠭᠤᠮᠠᠯ ᠤᠨ ᠰᠦᠷᠦᠭᠵᠢᠯ ᠤᠨ ᠲᠠᠯᠠᠪᠠᠶ᠂ ᠮᠠᠰᠢᠨ ᠵᠢᠯᠤᠭᠤᠳᠴᠤ ᠵᠤᠭᠠᠴᠠᠬᠤ ᠲᠡᠷᠭᠡ ᠶᠢᠨ ᠬᠤᠸᠠᠷᠠᠨ ᠵᠡᠷᠭᠡ ᠶᠢ ᠪᠠᠭᠲᠠᠭᠠᠵᠤ᠂ ᠨᠡᠶᠢᠲᠡ ᠬᠡᠷᠡᠭᠯᠡᠬᠦ ᠭᠠᠵᠠᠷ ᠤᠨ ᠲᠠᠯᠠᠪᠠᠶ ᠨᠢ 400 ᠮᠦ ᠪᠠᠶᠢᠵᠤ᠂ ᠵᠢᠱᠢᠯᠲᠡ ᠪᠠᠷ 2025 ᠣᠨ ᠤ 11 ᠳ᠋ᠤᠭᠡᠷ ᠰᠠᠷ᠎ᠠ ᠳᠤ ᠪᠠᠷᠢᠵᠤ ᠳᠠᠭᠤᠰᠬᠠᠨ᠎ᠠ᠃      ︽ᠬᠠᠶᠢᠯᠠᠰᠤᠨ ᠪᠤᠯᠠᠭ ᠰᠣᠶᠣᠯ ᠤᠨ ᠴᠡᠴᠡᠷᠯᠢᠭ ᠪᠣᠯ ᠲᠣᠭᠲᠠᠬᠤ ᠰᠢᠶᠠᠨ ᠤ ᠰᠣᠶᠣᠯ ᠵᠤᠭᠠᠴᠠᠯ ᠢ ᠠᠭᠤᠰᠤᠯᠴᠠᠭᠤᠯᠬᠤ ᠨᠢᠭᠡ ᠤᠳᠠᠭ᠎ᠠ ᠶᠢᠨ ᠬᠠᠶᠢᠨ ᠰᠦᠪᠡᠭᠴᠢᠯᠡᠯᠲᠡ ᠪᠣᠯᠣᠨ᠎ᠠ᠂ ᠮᠥᠨᠴᠦ ᠲᠣᠭᠲᠠᠬᠤ ᠰᠢᠶᠠᠨ ᠤ ᠬᠠᠳᠤᠨ ᠭᠤᠣᠯ ᠳᠠᠭᠠᠤ ᠶᠢᠨ ᠵᠤᠭᠠᠴᠠᠨ ᠲᠣᠭᠤᠷᠢᠬᠤ ᠪᠦᠰᠡ ᠶᠢ ᠪᠠᠶᠢᠭᠤᠯᠬᠤ ᠴᠢᠬᠤᠯᠠ ᠵᠠᠩᠭᠢᠯᠠᠭ᠎ᠠ ᠶᠢᠨ ᠴᠡᠭ ᠪᠠ ᠲᠦᠷᠦᠯ ᠵᠦᠢᠯ ᠪᠣᠯᠣᠨ᠎ᠠ᠂ ᠡᠨᠡᠬᠦ ᠲᠦᠷᠦᠯ ᠵᠦᠢᠯ ᠢ ᠪᠠᠶᠢᠭᠤᠯᠬᠤ ᠨᠢ ᠯᠠᠪᠳᠠᠶ᠎ᠠ ᠠᠷᠠᠳ ᠢᠷᠭᠡᠳ ᠲᠤ ᠪᠤᠶᠠᠨ ᠦᠢᠯᠡᠳᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠲᠣᠭᠲᠠᠬᠤ ᠰᠢᠶᠠᠨ ᠤ ᠰᠣᠶᠣᠯ ᠵᠤᠭᠠᠴᠠᠯ ᠤᠨ ᠬᠦᠴᠦᠷᠬᠡᠭ ᠰᠢᠶᠠᠨ ᠢ ᠪᠠᠶᠢᠭᠤᠯᠬᠤ᠂ ᠲᠣᠭᠲᠠᠬᠤ ᠰᠢᠶᠠᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠬᠦ ᠪᠣᠯᠣᠨ᠎ᠠ︾ ᠭᠡᠵᠤ ᠥᠪᠥᠷ ᠮᠣᠩᠭᠤᠯ ᠤᠨ ᠱᠧᠨ ᠴᠢᠤᠸᠠᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠥᠰᠢ ᠬᠤᠲᠠ ᠶᠢᠨ ᠵᠢᠶᠠᠩᠨᠠᠨ ᠪᠠᠷᠢᠯᠭ᠎ᠠ ᠶᠢᠨ ᠵᠠᠰᠠᠯ ᠴᠢᠮᠡᠭᠯᠡᠯ ᠤᠨ ᠢᠨᠵᠧᠨᠧᠷᠢᠩ ᠤᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠹᠧᠩ ᠴᠧᠨ ᠵᠣᠣ ᠶᠠᠷᠢᠵᠠᠢ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1