2024 ᠣᠨ ᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠦᠨᠡᠯᠡᠯᠲᠡ ᠶᠢᠨ ᠠᠵᠢᠯ ᠡᠬᠢᠯᠡᠪᠡ︕
ᠨᠡᠶᠢᠲᠡᠯᠡᠭᠰᠡᠨ ᠴᠠᠭ᠄
2024/4/22
      ᠣᠶᠢᠷ᠎ᠠ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ 2024 ᠣᠨ ᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠦᠨᠡᠯᠡᠯᠲᠡ ᠶᠢᠨ ᠠᠵᠢᠯ ᠢ ᠥᠷᠨᠢᠭᠦᠯᠬᠦ ᠲᠤᠬᠠᠢ ᠮᠡᠳᠡᠭᠳᠡᠯ ᠨᠡᠶᠢᠲᠡᠯᠡᠪᠡ᠃      ᠶᠡᠷᠦᠩᠬᠡᠢ ᠱᠠᠭᠠᠷᠳᠠᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ᠂ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠦᠨᠡᠯᠡᠯᠲᠡ ᠶᠢ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠴᠢᠬᠤᠯᠠ ᠭᠠᠷᠳᠠᠴᠠ ᠪᠣᠯᠭᠠᠵᠤ᠂ ︽ᠤᠷᠢᠳ ᠢᠶᠠᠷ ᠦᠨᠡᠯᠡᠵᠦ᠂ ᠳᠠᠷᠠᠭ᠎ᠠ ᠨᠢ ᠪᠦᠲᠦᠭᠡᠨ ᠪᠠᠶᠢᠭᠤᠯᠬᠤ︾ ᠤᠳᠤᠷᠢᠳᠤᠮᠵᠢ ᠶᠢ ᠪᠤᠢ ᠪᠣᠯᠭᠠᠵᠤ᠂ ᠦᠨᠡᠯᠡᠯᠲᠡ ᠪᠠᠷ ᠳᠠᠮᠵᠢᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠪᠠ ᠲᠦᠪᠰᠢᠨ ᠢ ᠪᠦᠬᠦ ᠲᠠᠯ᠎ᠠ ᠪᠠᠷ ᠡᠵᠡᠮᠰᠢᠵᠦ᠂ ᠲᠠᠷᠢᠶᠠᠴᠢᠨ ᠲᠦᠮᠡᠨ ᠤ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠪᠠ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠤᠳᠠᠭᠳᠠᠯ ᠪᠠᠭᠤᠷᠠᠢ ᠲᠠᠯ᠎ᠠ ᠶᠢ ᠣᠨᠣᠪᠴᠢᠲᠠᠢ ᠡᠷᠢᠵᠦ᠂ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠯᠡᠯᠲᠡ ᠳᠤ ᠢᠯᠡᠷᠡᠭᠦᠯᠦᠭᠰᠡᠨ ᠠᠰᠠᠭᠤᠳᠠᠯ ᠢ ᠯᠠᠪᠳᠠᠭᠤᠨ ᠪᠠᠲᠤᠲᠠᠢ ᠰᠢᠢᠳᠪᠦᠷᠢᠯᠡᠵᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃      ᠪᠣᠳᠠᠲᠠᠢ ᠡᠭᠦᠷᠭᠡ      ︵ᠨᠢᠭᠡ︶ ᠦᠨᠡᠯᠡᠯᠲᠡ ᠶᠢᠨ ᠭᠦᠢᠴᠡᠳᠬᠡᠯ ᠲᠤᠭ᠎ᠠ ᠶᠢᠨ ᠰᠢᠰᠲ᠋ᠧᠮ ᠶᠢ ᠲᠡᠭᠦᠯᠳᠡᠷᠵᠢᠭᠦᠯᠦᠨ᠎ᠡ᠃ ᠮᠤᠵᠢ ᠶᠢᠨ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠦᠨᠡᠯᠡᠯᠲᠡ ᠶᠢᠨ ᠭᠦᠢᠴᠡᠳᠬᠡᠯ ᠲᠣᠭᠠᠨ ᠤ ᠰᠢᠰᠲ᠋ᠧᠮ ︵ᠳᠠᠭᠠᠯᠳᠤᠭᠤᠯᠤᠯ ᠳᠤ ᠦᠵᠡ︶ ᠶᠣᠰᠣᠭᠠᠷ᠂ ᠲᠠᠷᠢᠶᠠᠴᠢᠨ ᠲᠦᠮᠡᠨ ᠢ ᠰᠠᠶᠢᠨ ᠭᠡᠷ ᠪᠠᠶᠢᠰᠢᠩ ᠳᠤ ᠰᠠᠭᠤᠯᠭᠠᠬᠤ ᠶᠢᠨ ᠤᠯᠠᠮ ᠢᠶᠠᠷ ᠠᠶᠢᠯ ᠲᠣᠰᠬᠤᠨ᠂ ᠰᠠᠶᠢᠨ ᠰᠢᠶᠠᠩ ᠪᠠᠯᠭᠠᠰᠤ᠂ ᠰᠠᠶᠢᠨ ᠰᠢᠶᠠᠨ ᠤ ᠬᠤᠲᠠ ᠶᠢ ᠰᠠᠶᠢᠲᠤᠷ ᠪᠦᠲᠦᠭᠡᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠂ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ᠂ ᠰᠢᠶᠠᠨ ᠪᠠᠯᠭᠠᠰᠤᠨ ᠤ ᠪᠦᠲᠦᠭᠡᠨ ᠪᠠᠶᠢᠭᠤᠯᠤᠯᠲᠠ᠂ ᠬᠥᠭᠵᠢᠯᠲᠡ ᠶᠢᠨ ᠬᠢᠷᠢ ᠲᠦᠪᠰᠢᠨ ᠵᠡᠷᠭᠡ 4 ᠲᠠᠯ᠎ᠠ ᠪᠠᠷ ᠦᠨᠡᠯᠡᠯᠲᠡ ᠬᠢᠨ᠎ᠡ᠃ ᠲᠣᠰ ᠪᠡᠶ᠎ᠡ ᠶᠢᠨ ᠣᠨᠴᠠᠯᠢᠭ ᠢᠶᠠᠨ ᠦᠨᠳᠦᠰᠦᠯᠡᠨ ᠦᠨᠡᠯᠡᠯᠲᠡ ᠶᠢᠨ ᠠᠭᠤᠯᠭ᠎ᠠ ᠶᠢ ᠨᠡᠮᠡᠵᠦ᠂ ᠦᠨᠡᠯᠡᠯᠲᠡ ᠶᠢᠨ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠰᠡᠷᠡᠵᠦ ᠮᠡᠳᠡᠵᠦ ᠪᠣᠯᠬᠤ᠂ ᠬᠡᠮᠵᠢᠶᠡᠵᠢᠭᠦᠯᠵᠦ ᠪᠣᠯᠬᠤ᠂ ᠦᠨᠡᠯᠡᠵᠦ ᠪᠣᠯᠬᠤ ᠶᠢ ᠪᠡᠶᠡᠯᠡᠭᠦᠯᠦᠨ᠎ᠡ᠃      ︵ᠬᠤᠶᠠᠷ︶ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠦᠨ᠎ᠡ᠃ ᠮᠤᠵᠢ ᠶᠢᠨ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠦᠨᠡᠯᠡᠯᠲᠡ ᠶᠢᠨ ᠥᠯᠢᠭᠡᠷ ᠰᠢᠶᠠᠨ ᠤ ᠲᠣᠭᠲᠠᠪᠤᠷᠢᠲᠤ ᠴᠢᠨᠠᠷ ᠢ ᠪᠠᠲᠤᠯᠠᠵᠤ᠂ ᠪᠣᠳᠠᠲᠠᠢ ᠪᠠᠶᠢᠳᠠᠯ ᠢᠶᠠᠨ ᠦᠨᠳᠦᠰᠦᠯᠡᠨ ᠥᠯᠢᠭᠡᠷ ᠰᠢᠶᠠᠨ ᠤ ᠬᠡᠪᠴᠢᠶ᠎ᠡ ᠶᠢ ᠥᠷᠭᠡᠳᠬᠡᠬᠦ ᠶᠢᠨ ᠬᠠᠮᠲᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠦᠨᠡᠯᠡᠬᠦ ᠮᠤᠵᠢ ᠶᠢᠨ ᠱᠠᠲᠤᠨ ᠤ ᠲᠤᠰᠬᠠᠢ ᠮᠡᠷᠭᠡᠵᠢᠯᠲᠡᠨ ᠤ ᠪᠦᠯᠬᠦᠮ ︵ᠳᠣᠷᠣᠭᠰᠢ ᠲᠤᠰᠬᠠᠢ ᠮᠡᠷᠭᠡᠵᠢᠯᠲᠡᠨ ᠤ ᠪᠦᠯᠬᠦᠮ ᠭᠡᠵᠦ ᠲᠣᠪᠴᠢᠯᠠᠨ᠎ᠠ︶ ᠢ ᠲᠣᠭᠲᠠᠭᠠᠵᠤ᠂ 2024 ᠣᠨ ᠤ 4 ᠳ᠋ᠤᠭᠡᠷ ᠰᠠᠷ᠎ᠠ ᠶᠢᠨ 15 ᠤ ᠡᠳᠦᠷ ᠠᠴᠠ ᠡᠮᠦᠨ᠎ᠡ ᠥᠯᠢᠭᠡᠷ ᠰᠢᠶᠠᠨ ᠪᠠ ᠲᠤᠰᠬᠠᠢ ᠮᠡᠷᠭᠡᠵᠢᠯᠲᠡᠨ ᠤ ᠪᠦᠯᠬᠦᠮ ᠤᠨ ᠨᠡᠷᠡᠰ ᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠳᠤ ᠮᠡᠳᠡᠭᠦᠯᠵᠦ ᠳᠠᠩᠰᠠᠯᠠᠭᠤᠯᠤᠨ᠎ᠠ᠃ ᠲᠤᠰᠬᠠᠢ ᠮᠡᠷᠭᠡᠵᠢᠯᠲᠡᠨ ᠤ ᠪᠦᠯᠬᠦᠮ ᠢ ᠵᠣᠬᠢᠶᠠᠨ ᠪᠠᠶᠢᠭᠤᠯᠤᠨ ᠦᠯᠢᠭᠡᠷ ᠰᠢᠶᠠᠨ ᠳᠤ ᠪᠠᠶᠢᠴᠠᠭᠠᠨ ᠰᠤᠳᠤᠯᠤᠯᠲᠠ ᠬᠢᠵᠦ᠂ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠮᠠᠲ᠋ᠧᠷᠢᠶᠠᠯ ᠢ ᠴᠤᠭᠯᠠᠭᠤᠯᠵᠤ᠂ ᠦᠯᠢᠭᠡᠷ ᠰᠢᠶᠠᠨ ᠪᠠᠯᠭᠠᠰᠤ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠪᠠᠶᠢᠳᠠᠯ ᠢ ᠡᠵᠡᠮᠰᠢᠨ᠎ᠡ᠃ ᠲᠣᠰᠬᠤᠨ ᠤ ᠠᠷᠠᠳ ᠪᠠ ᠲᠣᠰᠬᠤᠨ ᠤ ᠺᠠᠳ᠋ᠷᠴᠤᠳ ᠤᠨ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠬᠦ ᠶᠢ ᠥᠷᠭᠡᠨ ᠢᠶᠠᠷ ᠥᠷᠨᠢᠭᠦᠯᠵᠦ᠂ ᠡᠷᠦᠬᠡ ᠳᠤ ᠬᠦᠷᠴᠦ ᠰᠤᠷᠪᠤᠯᠵᠢᠯᠠᠨ ᠶᠠᠷᠢᠯᠴᠠᠵᠤ᠂ ᠲᠠᠷᠢᠶᠠᠴᠢᠨ ᠲᠦᠮᠡᠨ ᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠬᠠᠨᠤᠮᠵᠢ ᠶᠢᠨ ᠬᠡᠮᠵᠢᠶ᠎ᠡ ᠪᠠ ᠬᠡᠷᠡᠭᠴᠡᠭᠡ ᠶᠢ ᠤᠶᠢᠯᠠᠭᠠᠨ᠎ᠠ᠃ ᠦᠯᠢᠭᠡᠷ ᠰᠢᠶᠠᠨ ᠨᠢᠭᠡᠪᠦᠷᠢ ᠳᠤ ᠲᠥᠯᠥᠭᠡᠯᠡᠬᠦ ᠴᠢᠨᠠᠷᠲᠠᠢ 3 ᠰᠢᠶᠠᠩ ᠪᠠᠯᠭᠠᠰᠤ᠂ 10 ᠠᠶᠢᠯ ᠲᠣᠰᠬᠤᠨ ᠢ ᠰᠣᠩᠭᠤᠨ ᠴᠡᠭ ᠲᠤ ᠰᠠᠭᠤᠬᠤ ᠬᠡᠯᠪᠡᠷᠢ ᠪᠠᠷ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠲᠤᠬᠠᠢ ᠶᠢᠨ ᠭᠠᠵᠠᠷ ᠲᠤᠨᠢ ᠡᠷᠢᠨ᠎ᠡ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢ 2023 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠤᠯᠳᠠᠯ᠎ᠠ ᠪᠠᠶᠢᠴᠠᠭᠠᠵᠤ᠂ ᠪᠠᠶᠢᠴᠠᠭᠠᠨ ᠰᠤᠳᠤᠯᠬᠤ ᠠᠵᠢᠯ ᠢ 2024 ᠣᠨ ᠤ 6 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠬᠤ ᠬᠡᠷᠡᠭᠲᠡᠢ᠃      ︵ᠭᠤᠷᠪᠠ︶ ᠰᠢᠨᠵᠢᠯᠡᠬᠦ ᠤᠬᠠᠭᠠᠨᠴᠢ ᠪᠠᠷ ᠵᠠᠳᠠᠯᠤᠨ ᠦᠨᠡᠯᠡᠨ᠎ᠡ᠃ ᠮᠤᠵᠢ ᠶᠢᠨ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠲᠤᠰᠬᠠᠢ ᠮᠡᠷᠭᠡᠵᠢᠯᠲᠡᠨ ᠤ ᠪᠦᠯᠬᠦᠮ ᠢ ᠵᠢᠯᠣᠭᠤᠳᠤᠨ ᠲᠤᠭ᠎ᠠ ᠪᠠᠷᠢᠮᠲᠠ ᠶᠢᠨ ᠮᠠᠲ᠋ᠧᠷᠢᠶᠠᠯ ᠳᠤ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠪᠠ ᠰᠢᠨᠵᠢᠯᠡᠬᠦ ᠤᠬᠠᠭᠠᠨᠴᠢ ᠦᠨᠡᠯᠡᠯᠲᠡ ᠬᠢᠵᠦ᠂ ᠮᠤᠵᠢ᠂ ᠰᠢᠶᠠᠨ ᠰᠢᠶᠠᠩ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠦᠨᠡᠯᠡᠯᠲᠡ ᠶᠢᠨ ᠮᠡᠳᠡᠭᠦᠯᠦᠯᠲᠡ ᠶᠢ ᠨᠠᠶᠢᠷᠠᠭᠤᠯᠤᠨ᠎ᠠ᠃ ᠮᠡᠳᠡᠭᠦᠯᠦᠯᠲᠡ ᠳᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠤᠨ ᠣᠷᠣᠨ ᠨᠤᠲᠤᠭ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠶᠢ ᠳ᠋ᠦᠩᠨᠡᠵᠦ᠂ ᠠᠵᠢᠯ ᠤᠨ ᠬᠢᠯᠠᠰ ᠴᠡᠭ ᠢ ᠪᠤᠯᠪᠠᠰᠤᠷᠠᠭᠤᠯᠤᠨ᠎ᠠ︔ ᠲᠣᠰᠬᠤᠨ ᠤ ᠠᠷᠠᠳ ᠤᠨ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ᠂ ᠰᠣᠷᠪᠤᠯᠵᠢᠯᠠᠭ᠎ᠠ ᠶᠠᠷᠢᠯᠴᠠᠭ᠎ᠠ᠂ ᠲᠤᠬᠠᠢ ᠶᠢᠨ ᠲᠠᠯᠠᠪᠠᠢ ᠶᠢᠨ ᠪᠠᠶᠢᠴᠠᠭᠠᠨ ᠰᠤᠳᠤᠯᠤᠯᠲᠠ ᠵᠡᠷᠭᠡ ᠪᠠᠶᠢᠳᠠᠯ ᠢ ᠡᠮᠬᠢᠯᠡᠵᠦ᠂ ᠲᠠᠷᠢᠶᠠᠴᠢᠨ ᠲᠦᠮᠡᠨ ᠤ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠢ ᠡᠷᠢᠵᠦ ᠭᠠᠷᠭᠠᠬᠤ ᠶᠢᠨ ᠬᠠᠮᠲᠤ ᠰᠢᠶᠠᠩ ᠪᠠᠯᠭᠠᠰᠤ᠂ ᠠᠶᠢᠯ ᠲᠣᠰᠬᠤᠨ ᠳᠤ ᠪᠠᠶᠢᠴᠠᠭᠠᠨ ᠰᠤᠳᠤᠯᠤᠯᠲᠠ ᠬᠢᠭᠰᠡᠨ ᠠᠰᠠᠭᠤᠳᠠᠯ ᠤᠨ ᠲᠣᠳᠣᠷᠬᠠᠢ ᠬᠠᠭᠤᠳᠠᠰᠤ ᠶᠢ ᠪᠦᠷᠢᠯᠳᠦᠭᠦᠯᠦᠨ᠎ᠡ︔ ᠥᠯᠢᠭᠡᠷ ᠰᠢᠶᠠᠨ ᠤ ᠭᠦᠢᠴᠡᠳᠬᠡᠯ ᠲᠤᠭ᠎ᠠ ᠶᠢᠨ ᠲᠤᠭ᠎ᠠ ᠪᠠᠷᠢᠮᠲᠠ ᠶᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠂ ᠲᠥᠯᠦᠪᠵᠢᠭᠦᠯᠭᠡ ᠵᠡᠷᠭᠡ ᠳᠤ ᠲᠣᠭᠲᠠᠭᠠᠭᠰᠠᠨ ᠬᠥᠭᠵᠢᠯᠲᠡ ᠶᠢᠨ ᠬᠠᠷᠠᠯᠲᠠ ᠵᠢᠴᠢ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠲᠠᠢ ᠬᠠᠷᠢᠴᠠᠭᠤᠯᠵᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠤᠳᠠᠭᠳᠠᠯ ᠪᠠ ᠪᠠᠭᠤᠷᠠᠢ ᠲᠠᠯ᠎ᠠ ᠶᠢ ᠡᠷᠢᠨ᠎ᠡ︔ ᠬᠠᠨᠳᠤᠯᠭᠠᠲᠤ ᠴᠢᠨᠠᠷᠲᠠᠢ ᠠᠷᠭᠠᠴᠠᠬᠤ ᠰᠠᠨᠠᠭᠤᠯᠭ᠎ᠠ ᠲᠤᠷᠠᠳᠤᠨ᠎ᠠ᠃ ᠮᠤᠵᠢ ᠶᠢᠨ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠮᠤᠵᠢ᠂ ᠰᠢᠶᠠᠨ ᠰᠢᠶᠠᠩ ᠲᠤᠰᠬᠤᠨ ᠤ ᠪᠦᠲᠦᠭᠡᠨ ᠪᠠᠶᠢᠭᠤᠯᠤᠯᠲᠠ ᠶᠢᠨ ᠦᠨᠡᠯᠡᠯᠲᠡ ᠶᠢᠨ ᠮᠡᠳᠡᠭᠦᠯᠦᠯᠲᠡ ᠶᠢ ᠬᠢᠨᠠᠨ ᠬᠠᠷᠭᠤᠭᠤᠯᠵᠤ᠂ 2024 ᠣᠨ ᠤ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠳᠤ ᠮᠡᠳᠡᠭᠦᠯᠦᠨ᠎ᠡ︔ ᠶᠠᠮᠤᠨ ᠤ ᠲᠠᠰ ᠤᠨ ᠲᠤᠰᠬᠠᠢ ᠮᠡᠷᠭᠡᠵᠢᠯᠲᠡᠨ ᠤ ᠪᠦᠯᠬᠦᠮ ᠨᠢ ᠮᠤᠵᠢ ᠶᠢᠨ ᠲᠠᠰ ᠤᠨ ᠲᠤᠰᠬᠠᠢ ᠮᠡᠷᠭᠡᠵᠢᠯᠲᠡᠨ ᠤ ᠪᠦᠯᠬᠦᠮ ᠤᠨ  ᠪᠤᠯᠪᠠᠰᠤᠷᠠᠯ ᠵᠢᠯᠣᠭᠤᠳᠤᠯᠭ᠎ᠠ ᠪᠠᠨ ᠴᠢᠩᠭᠠᠳᠬᠠᠵᠤ᠂ ᠪᠥᠬᠦ ᠤᠯᠤᠰ ᠤᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠦᠨᠡᠯᠡᠯᠲᠡ ᠶᠢᠨ ᠮᠡᠳᠡᠭᠦᠯᠦᠯᠲᠡ ᠶᠢ ᠨᠠᠶᠢᠷᠠᠭᠤᠯᠤᠨ᠂ 2024 ᠣᠨ ᠤ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠳᠤ ᠮᠡᠳᠡᠭᠦᠯᠬᠦ ᠬᠡᠷᠡᠭᠲᠡᠢ᠃      ︵ᠳᠥᠷᠪᠡ︶ ᠦᠨᠡᠯᠡᠯᠲᠡ ᠳᠤ ᠢᠯᠡᠷᠡᠭᠦᠯᠦᠭᠰᠡᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ᠃ ᠮᠤᠵᠢ ᠶᠢᠨ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠥᠯᠢᠭᠡᠷ ᠰᠢᠶᠠᠨ ᠤ ᠦᠨᠡᠯᠡᠯᠲᠡ ᠳᠤ ᠢᠯᠡᠷᠡᠭᠦᠯᠦᠭᠰᠡᠨ ᠠᠰᠠᠭᠤᠳᠠᠯ ᠢ ᠰᠢᠢᠳᠪᠦᠷᠢᠯᠡᠬᠦ ᠶᠢ ᠵᠢᠯᠣᠭᠤᠳᠤᠨ ᠳᠡᠮᠵᠢᠵᠦ᠂ ᠠᠰᠠᠭᠤᠳᠠᠯ ᠢ ᠰᠢᠢᠳᠪᠦᠷᠢᠯᠡᠭᠰᠡᠨ ᠠᠬᠢᠴᠠ ᠶᠢ ᠮᠥᠷᠳᠡᠵᠦ᠂ ᠦᠨᠡᠯᠡᠯᠲᠡ ᠳᠤ ᠲᠤᠰᠬᠠᠭᠰᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠨᠡᠶᠢᠲᠡᠯᠢᠭ ᠴᠢᠨᠠᠷᠲᠠᠢ ᠠᠰᠠᠭᠤᠳᠠᠯ ᠪᠠ ᠲᠣᠪᠣᠶᠢᠮ᠎ᠠ  ᠲᠤᠳᠠᠭᠳᠠᠯ ᠳᠤ ᠴᠢᠭᠯᠡᠭᠦᠯᠦᠨ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠵᠣᠬᠢᠴᠠᠭᠤᠯᠤᠨ ᠰᠢᠢᠳᠪᠦᠷᠢᠯᠡᠬᠦ ᠶᠢ ᠲᠦᠯᠬᠢᠨ ᠠᠬᠢᠭᠤᠯᠤᠨ᠎ᠠ ᠃ ᠦᠯᠢᠭᠡᠷ ᠰᠢᠶᠠᠨ ᠤ ᠬᠢᠨ ᠠᠵᠢᠯ ᠤᠨ ᠲᠥᠰᠥᠯ ᠲᠣᠭᠲᠠᠭᠠᠵᠤ᠂ ᠠᠰᠠᠭᠤᠳᠠᠯ ᠤᠨ ᠲᠤᠯᠭᠠᠮ᠎ᠠ ᠬᠡᠮᠵᠢᠶ᠎ᠡ ᠪᠣᠯᠣᠨ ᠰᠢᠢᠳᠪᠦᠷᠢᠯᠡᠬᠦ ᠶᠢᠨ ᠬᠦᠴᠢᠷᠳᠡᠯ ᠢ ᠦᠨᠳᠦᠰᠦᠯᠡᠨ ᠠᠵᠢᠯᠯᠠᠬᠤ ᠴᠠᠭ ᠤᠨ ᠳᠠᠷᠠᠭᠠᠯᠠᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠪᠣᠳᠠᠲᠠᠢ ᠲᠦᠷᠦᠯ ᠵᠦᠢᠯ ᠢ ᠪᠦᠷᠢᠯᠳᠦᠭᠦᠯᠵᠦ᠂ ᠰᠢᠶᠠᠩ ᠪᠠᠯᠭᠠᠰᠤ᠂ ᠠᠶᠢᠯ ᠲᠣᠰᠬᠤᠨ ᠤ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠵᠤ᠂ ᠪᠦᠬᠦ ᠤᠯᠤᠰ ᠤᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠦᠨᠡᠯᠡᠯᠲᠡ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠴᠠᠭ ᠲᠤᠬᠠᠢ ᠳᠤᠨᠢ ᠠᠬᠢᠴᠠ ᠪᠠᠨ ᠰᠢᠨᠡᠳᠭᠡᠨ᠎ᠡ᠃ ᠲᠤᠰᠬᠠᠢ ᠮᠡᠷᠭᠡᠵᠢᠯᠲᠡᠨ ᠤ ᠪᠦᠯᠬᠦᠮ ᠨᠢ ᠦᠯᠢᠭᠡᠷ ᠰᠢᠶᠠᠨ ᠢ ᠬᠠᠪᠰᠤᠷᠤᠨ ᠲᠣᠬᠢᠷᠠᠮᠵᠢᠲᠠᠢ ᠮᠡᠷᠭᠡᠵᠢᠯ ᠤᠨ ᠠᠷᠭ᠎ᠠ ᠪᠠ ᠰᠢᠢᠳᠪᠦᠷᠢᠯᠡᠬᠦ ᠲᠥᠰᠥᠯ ᠢ ᠰᠣᠩᠭᠤᠵᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢ ᠴᠢᠨᠠᠷ᠂ ᠵᠦᠢ ᠵᠣᠬᠢᠰᠲᠠᠢ ᠴᠢᠨᠠᠷ ᠢ ᠲᠡᠭᠡᠭᠰᠢᠯᠡᠭᠦᠯᠦᠨ᠎ᠡ᠃ 2023 ᠣᠨ ᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠦᠨᠡᠯᠡᠯᠲᠡ ᠳᠤ ᠢᠯᠡᠷᠡᠭᠦᠯᠦᠭᠰᠡᠨ ᠠᠰᠠᠭᠤᠳᠠᠯ ᠤᠨ ᠰᠢᠢᠳᠪᠦᠷᠢᠯᠡᠭᠰᠡᠨ ᠪᠠᠶᠢᠳᠠᠯ ᠢ 2024 ᠣᠨ ᠤ ᠦᠨᠡᠯᠡᠯᠲᠡ ᠶᠢᠨ ᠮᠡᠳᠡᠭᠦᠯᠦᠯᠲᠡ ᠳᠤ ᠣᠷᠣᠭᠤᠯᠬᠤ ᠬᠡᠷᠡᠭᠲᠡᠢ᠃       ᠵᠣᠬᠢᠶᠠᠨ ᠪᠠᠶᠢᠭᠤᠯᠤᠨ ᠬᠡᠷᠡᠭᠵᠢᠭᠦᠯᠬᠦ      ︽ᠶᠠᠮᠤᠨ ᠤ ᠱᠠᠲᠤ ᠨᠢᠭᠡᠳᠦᠯᠲᠡᠢ ᠲᠥᠯᠥᠪᠵᠢᠭᠦᠯᠬᠦ᠂ ᠮᠤᠵᠢ ᠶᠢᠨ ᠱᠠᠳᠦ ᠶᠡᠷᠦᠩᠬᠡᠶᠢᠯᠡᠨ ᠬᠠᠷᠢᠭᠤᠴᠠᠬᠤ᠂ ᠰᠢᠶᠠᠨ ᠤ ᠱᠠᠳᠦ ᠨᠠᠶᠢᠳᠠᠪᠦᠷᠢᠵᠢᠭᠤᠯᠬᠤ︾ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠮᠤᠵᠢ ᠶᠢᠨ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠤᠳᠤᠷᠢᠳᠤᠮᠵᠢ ᠶᠢᠨ ᠦᠢᠯᠡᠳᠦᠯ ᠢᠶᠠᠨ ᠪᠠᠳᠠᠷᠠᠭᠤᠯᠵᠤ᠂ ᠰᠠᠯᠠᠭ᠎ᠠ ᠮᠥᠴᠢᠷ ᠤᠨ ᠵᠣᠬᠢᠴᠠᠭᠤᠯᠭ᠎ᠠ ᠪᠠᠨ ᠴᠢᠩᠭᠠᠳᠬᠠᠨ᠂ ᠶᠠᠪᠤᠴᠠ ᠶᠢᠨ ᠬᠢᠨᠠᠯᠲᠠ ᠪᠠᠨ ᠴᠢᠩᠭᠠᠳᠬᠠᠵᠤ᠂ ᠲᠤᠰᠬᠠᠢ ᠮᠡᠷᠭᠡᠵᠢᠯᠲᠡᠨ ᠤ ᠪᠦᠯᠬᠦᠮ ᠳᠤ ᠴᠢᠬᠤᠯᠠ ᠪᠦᠬᠦᠢ ᠵᠠᠷᠤᠳᠠᠯ ᠵᠡᠷᠭᠡ ᠶᠢᠨ ᠳᠡᠮᠵᠢᠯᠭᠡ ᠦᠵᠡᠭᠦᠯᠬᠦ ᠶᠢᠨ ᠬᠠᠮᠲᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠦᠨᠡᠯᠡᠯᠲᠡ ᠶᠢᠨ ᠠᠵᠢᠯ ᠤᠨ ᠪᠠᠶᠢᠳᠠᠯ ᠢᠶᠠᠨ ᠴᠠᠭ ᠲᠤᠬᠠᠢ ᠳᠤᠨᠢ ᠮᠤᠵᠢ ᠶᠢᠨ ᠵᠠᠰᠠᠭ ᠤᠨ ᠣᠷᠳᠣᠨ ᠳᠤ ᠬᠠᠷᠢᠭᠤ ᠮᠡᠳᠡᠭᠦᠯᠦᠨ᠎ᠡ᠃ ᠦᠯᠢᠭᠡᠷ ᠰᠢᠶᠠᠨ ᠨᠢ ᠲᠤᠭ᠎ᠠ ᠪᠠᠷᠢᠮᠲᠠ ᠴᠤᠭᠯᠠᠭᠤᠯᠬᠤ ᠪᠠ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠳᠤ ᠬᠠᠮᠵᠢᠯᠴᠠᠵᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠦᠨᠡᠨ ᠪᠣᠳᠠᠲᠠᠢ ᠪᠠᠷ ᠲᠤᠰᠬᠠᠵᠤ᠂ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠦᠨᠡᠯᠡᠯᠲᠡ ᠳᠤ ᠢᠯᠡᠷᠡᠭᠦᠯᠦᠭᠰᠡᠨ ᠠᠰᠠᠭᠤᠳᠠᠯ ᠢ ᠯᠠᠪᠳᠠᠭᠤᠨ ᠪᠠᠲᠤᠲᠠᠢ ᠰᠢᠢᠳᠪᠦᠷᠢᠯᠡᠬᠦ ᠬᠡᠷᠡᠭᠲᠡᠢ᠃ ᠲᠤᠰᠬᠠᠢ ᠮᠡᠷᠭᠡᠵᠢᠯᠲᠡᠨ ᠤ ᠪᠦᠯᠬᠦᠮ ᠨᠢ ᠨᠠᠷᠢᠨ ᠬᠢᠨᠠᠮᠠᠭᠠᠢ ᠪᠠᠶᠢᠴᠠᠭᠠᠨ ᠰᠤᠳᠤᠯᠤᠯᠲᠠ ᠬᠢᠵᠦ᠂ ᠪᠣᠳᠠᠲᠤ ᠪᠠᠶᠢᠳᠠᠯ ᠢ ᠡᠵᠡᠮᠰᠢᠨ᠂ ᠭᠦᠨᠵᠡᠭᠡᠢ ᠵᠠᠳᠠᠯᠤᠯᠲᠠ ᠬᠢᠵᠦ᠂ ᠪᠤᠰᠤᠳᠴᠢ ᠪᠠᠷ ᠦᠨᠡᠯᠡᠵᠦ᠂ ᠵᠦᠢ ᠵᠣᠬᠢᠰᠲᠠᠢ ᠰᠠᠨᠠᠭᠤᠯᠭ᠎ᠠ ᠳᠤᠷᠠᠳᠬᠤ ᠬᠡᠷᠡᠭᠲᠡᠢ᠃ ᠡᠯ᠎ᠡ ᠭᠠᠵᠠᠷ ᠤᠨ ᠬᠢᠨ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠦᠨᠡᠯᠡᠯᠳᠡ ᠶᠢᠨ ᠠᠵᠢᠯ ᠳᠤ ᠢᠳᠡᠪᠬᠢᠲᠡᠢ ᠣᠷᠣᠯᠴᠠᠭᠤᠯᠵᠤ᠂ ᠲᠠᠷᠢᠶᠠᠴᠢᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠬᠡᠮᠵᠢᠬᠦ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠢ᠃ ᠳ᠋ᠦᠩᠨᠡᠯᠲᠡ ᠪᠠᠨ ᠴᠢᠩᠭᠠᠳᠬᠠᠵᠤ᠂ ᠰᠣᠨᠢᠨ ᠮᠡᠳᠡᠭᠡᠨ ᠤ ᠵᠠᠭᠤᠴᠢᠯᠠᠭᠤᠷ᠂ ᠨᠡᠶᠢᠲᠡ ᠶᠢᠨ ᠳ᠋ᠤᠭᠠᠷ᠂ ᠸᠢᠳᠢᠤ᠋ ᠵᠡᠷᠭᠡ ᠪᠠᠷ ᠳᠠᠮᠵᠢᠭᠤᠯᠤᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠦᠨᠡᠯᠡᠯᠲᠡ ᠶᠢᠨ ᠠᠵᠢᠯ ᠤᠨ ᠲᠤᠷᠰᠢᠯᠭ᠎ᠠ ᠪᠠ ᠦᠷ᠎ᠡ ᠪᠦᠲᠦᠮᠵᠢ ᠶᠢ ᠤᠬᠠᠭᠤᠯᠤᠨ ᠳᠡᠯᠭᠡᠷᠡᠭᠦᠯᠬᠦ ᠬᠡᠷᠡᠭᠲᠡᠢ᠃ ᠳᠠᠭᠠᠯᠳᠤᠭᠤᠯᠤᠯ᠄ 2024 ᠣᠨ ᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠦᠨᠡᠯᠡᠯᠲᠡ ᠶᠢᠨ ᠭᠦᠢᠴᠡᠳᠭᠡᠯ ᠲᠣᠭᠠᠨ ᠤ ᠰᠢᠰᠲ᠋ᠧᠮ ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1