ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠵᠡᠷᠭᠡ 5 ᠰᠠᠯᠠᠭ᠎ᠠ ᠮᠥᠴᠢᠷ ᠬᠠᠮᠲᠤᠷᠠᠨ ︽ᠬᠥᠳᠡᠭᠡ | ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ | ᠵᠢᠯᠤᠭᠤᠳᠬᠤ ᠰᠠᠨᠠᠯ︾ ︵ᠳᠣᠷᠣᠭᠰᠢ ︽ᠵᠢᠯᠤᠭᠤᠳᠬᠤ ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ | ᠲᠠᠷᠬᠠᠭᠠᠪᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠲᠣᠰᠬᠤᠨ | ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠵᠤᠷᠭᠠᠨ ᠤ ᠬᠠᠷᠢᠭᠤᠴᠠᠯᠭᠠᠲᠠᠨ ᠨᠦᠬᠦᠷ ︽ᠵᠢᠯᠤᠭᠤᠳᠬᠤ ᠰᠠᠨᠠᠯ︾ | ᠤᠨ ᠬᠤᠯᠪᠣᠭᠳᠠᠯ ᠪᠦᠬᠦᠢ ᠠᠭᠤᠯᠭ᠎ᠠ ᠳᠤ ᠲᠠᠶᠢᠯᠤᠮᠵᠢ ᠬᠢᠪᠡ᠃ | 1᠂ ︽ᠵᠢᠯᠤᠭᠤᠳᠬᠤ ᠰᠠᠨᠠᠯ︾ ᠢ ᠲᠣᠭᠲᠠᠭᠠᠵᠤ ᠨᠡᠶᠢᠲᠡᠯᠡᠭᠰᠡᠨ ᠠᠬᠤᠢ ᠪᠠᠶᠢᠳᠠᠯ᠂ ᠵᠣᠷᠢᠯᠭ᠎ᠠ ᠪᠠ ᠠᠴᠢ | ᠬᠤᠯᠪᠣᠭᠳᠠᠯ ᠨᠢ ᠶᠠᠭᠤ ᠪᠤᠢ︖ | ᠮᠠᠨ ᠤ ᠤᠯᠤᠰ ᠤᠨ ᠬᠥᠳᠡᠭᠡ ᠲᠣᠰᠬᠤᠨ ᠤ ᠭᠡᠷ ᠪᠠᠶᠢᠰᠢᠩ ᠤᠨ ᠬᠡᠮᠵᠢᠶ᠎ᠡ ᠶᠡᠭᠡ᠂ ᠬᠡᠪᠴᠢᠶ᠎ᠡ ᠥᠷᠭᠡᠨ᠂ | ᠤᠷᠳᠤ ᠬᠤᠭᠤᠴᠠᠭᠠᠨ ᠤ ᠲᠤᠷᠰᠢ᠂ ᠲᠠᠷᠢᠶᠠᠴᠢᠳ ᠥᠪᠡᠷ ᠢᠶᠠᠨ ᠪᠠᠷᠢᠬᠤ᠂ ᠥᠪᠡᠷ ᠢᠶᠠᠨ ᠬᠡᠷᠡᠭᠯᠡᠬᠦ᠂ ᠥᠪᠡᠷ ᠢᠶᠠᠨ | ᠬᠠᠮᠢᠶᠠᠷᠬᠤ ᠪᠠᠷ ᠭᠤᠣᠯ ᠪᠣᠯᠭᠠᠭᠰᠠᠭᠠᠷ ᠢᠷᠡᠵᠡᠢ᠃ ᠠᠵᠤ ᠠᠬᠤᠢ ᠨᠡᠶᠢᠭᠡᠮ ᠤᠨ ᠬᠥᠭᠵᠢᠯᠲᠡ ᠪᠠ ᠲᠠᠷᠢᠶᠠᠴᠢᠳ ᠤᠨ | ᠠᠮᠢᠳᠤᠷᠠᠯ ᠤᠨ ᠬᠢᠷᠢ ᠲᠦᠪᠰᠢᠨ ᠤ ᠲᠠᠰᠤᠷᠠᠯᠲᠠ ᠦᠭᠡᠢ ᠳᠡᠭᠡᠭᠰᠢᠯᠡᠬᠦ ᠂ ᠰᠢᠨ᠎ᠡ ᠪᠠᠷ ᠪᠠᠶᠢᠭᠤᠯᠤᠭᠰᠠᠨ ᠲᠠᠷᠢᠶᠠᠴᠢᠨ ᠤ | ᠭᠡᠷ ᠪᠠᠶᠢᠰᠢᠩ ᠤᠨ ᠲᠠᠯᠠᠪᠠᠶ ᠤᠯᠠᠮ ᠠᠴᠠ ᠤᠯᠠᠮ ᠶᠡᠭᠡ ᠪᠤᠯᠬᠤ᠂ ᠲᠠᠰ ᠳᠠᠪᠬᠤᠷᠭ᠎ᠠ ᠶᠢᠨ ᠲᠤᠭ᠎ᠠ ᠨᠢ ᠤᠯᠠᠮ ᠠᠴᠠ | ᠤᠯᠠᠮ ᠥᠨᠳᠥᠷ ᠪᠤᠯᠬᠤ᠂ ᠡᠵᠡᠩᠨᠡᠯᠲᠡ ᠳᠤ ᠬᠡᠷᠡᠭᠯᠡᠬᠦ ᠨᠢ ᠴᠦ ᠤᠯᠠᠮ ᠠᠴᠠ ᠤᠯᠠᠮ ᠤᠯᠠᠰᠢᠷᠠᠬᠤ᠂ ᠶᠡᠭᠡ | ᠬᠡᠮᠵᠢᠶᠡᠨ ᠤ ᠨᠢᠭᠡᠨᠲᠡ ᠪᠠᠶᠢᠭ᠎ᠠ ᠲᠠᠷᠢᠶᠠᠴᠢᠨ ᠤ ᠭᠡᠷ ᠪᠠᠶᠢᠰᠢᠩ ᠤᠨ ᠨᠠᠰᠤ ᠵᠢᠯ ᠤᠨ ᠨᠡᠮᠡᠭᠳᠡᠬᠦ ᠶᠢ ᠳᠠᠭᠠᠯᠳᠤᠨ᠂ | ᠠᠮᠤᠷ ᠲᠦᠪᠰᠢᠨ ᠤ ᠳᠠᠯᠳᠠ ᠬᠡᠮ ᠨᠢ ᠤᠯᠠᠮ ᠢᠶᠠᠷ ᠲᠣᠪᠣᠶᠢᠮ᠎ᠠ ᠪᠣᠯᠵᠤ ᠪᠠᠶᠢᠨ᠎ᠠ᠃ ᠣᠶᠢᠷ᠎ᠠ ᠶᠢᠨ ᠵᠢᠯ ᠤᠳ ᠲᠤ | ᠲᠠᠷᠢᠶᠠᠴᠢᠨ ᠤ ᠭᠡᠷ ᠪᠠᠶᠢᠰᠢᠩ ᠤᠨ ᠠᠶᠤᠯᠭᠦᠢ ᠶᠢᠨ ᠡ᠊ᠨᠳᠡᠯ ᠪᠠᠶᠢᠨ ᠲᠠᠬᠢᠨ ᠭᠠᠷᠴᠤ᠂ ᠲᠠᠷᠢᠶᠠᠴᠢᠳ ᠤᠨ ᠠᠮᠢ ᠨᠠᠰᠤ | ᠡᠳ᠋ ᠬᠥᠷᠥᠩᠭᠡ ᠶᠢᠨ ᠠᠮᠤᠷ ᠲᠦᠪᠰᠢᠨ ᠢ ᠬᠦᠨᠳᠦ ᠨᠣᠴᠢᠲᠠᠢ ᠰᠦᠷᠳᠡᠭᠦᠯᠵᠦ ᠪᠠᠶᠢᠨ᠎ᠠ᠃ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠦᠷᠢᠵᠢᠭᠤᠯᠬᠤ ᠶᠢᠨ ᠲᠦᠯᠦᠭᠡ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ | ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠬᠥᠳᠡᠭᠡ ᠲᠣᠰᠬᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ | ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠡᠯ᠎ᠡ ᠭᠠᠵᠠᠷ ᠤᠨ ᠬᠢᠨ ᠢ ᠵᠢᠯᠣᠭᠤᠳᠤᠨ ᠬᠥᠳᠡᠭᠡ ᠲᠣᠰᠬᠤᠨ ᠤ ᠭᠡᠷ | ᠪᠠᠶᠢᠰᠢᠩ ᠤᠨ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ | ᠭᠦᠨᠵᠡᠭᠡᠢ ᠥᠷᠨᠢᠭᠦᠯᠵᠦ᠂ ᠪᠦᠬᠦ ᠤᠯᠤᠰ ᠤᠨ 50 ᠲᠦᠮᠡᠨ ᠵᠠᠰᠠᠭ ᠵᠠᠬᠢᠷᠭᠠᠨ ᠤ ᠲᠣᠰᠬᠤᠨ᠂ 2.24 | ᠳ᠋ᠦᠩᠰᠢᠭᠤᠷ ᠡᠷᠦᠬᠡ ᠶᠢᠨ ᠬᠥᠳᠡᠭᠡ ᠲᠣᠰᠬᠤᠨ ᠤ ᠭᠡᠷ ᠪᠠᠶᠢᠰᠢᠩ ᠢ ᠵᠢᠭᠰᠠᠭᠠᠨ ᠪᠠᠶᠢᠴᠠᠭᠠᠵᠤ ᠪᠠᠶᠢᠳᠠᠯ ᠢ | ᠣᠶᠢᠯᠠᠭᠠᠬᠤ ᠪᠠ ᠱᠠᠲᠤ ᠦᠶ᠎ᠡ ᠶᠢᠨ ᠴᠢᠨᠠᠷᠲᠠᠢ ᠴᠡᠭᠴᠡᠯᠡᠨ ᠵᠠᠰᠠᠬᠤ ᠠᠵᠢᠯ ᠢ ᠪᠡᠶᠡᠯᠡᠭᠦᠯᠵᠦ᠂ ᠨᠢᠭᠡ ᠪᠦᠯᠦᠭ | ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠭᠡᠮ ᠢ ᠠᠷᠢᠯᠭᠠᠵᠤ᠂ ᠬᠦᠨᠳᠦ ᠶᠡᠭᠡ ᠠᠮᠤᠷ | ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠪᠠᠷ ᠰᠡᠷᠭᠡᠶᠢᠯᠡᠪᠡ᠃ ᠡᠭᠦᠨ ᠤ ᠬᠠᠮᠲᠤ᠂ ᠬᠥᠳᠡᠭᠡ ᠲᠣᠰᠬᠤᠨ ᠤ | ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢᠨ ᠪᠠᠶᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠵᠤ᠂ ᠣᠷᠣᠨ ᠨᠤᠲᠤᠭ ᠤᠨ ᠦᠢᠯᠡᠳᠦᠯᠭᠡ ᠶᠢᠨ | ᠲᠤᠷᠰᠢᠯᠭ᠎ᠠ ᠶᠢ ᠰᠢᠰᠲ᠋ᠧᠮ ᠲᠠᠢ ᠡᠮᠬᠢᠯᠡᠨ ᠳ᠋ᠦᠩᠨᠡᠭᠰᠡᠨ ᠰᠠᠭᠤᠷᠢᠨ ᠳᠡᠭᠡᠷ᠎ᠡ᠂ ︽ᠵᠢᠯᠤᠭᠤᠳᠬᠤ ᠰᠠᠨᠠᠯ︾ ᠢ | ᠰᠤᠳᠤᠯᠤᠨ ᠲᠤᠭᠤᠷᠪᠢᠪᠠ᠃ | ︽ᠵᠢᠯᠤᠭᠤᠳᠬᠤ ᠰᠠᠨᠠᠯ︾ ᠪᠣᠯ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠲᠠᠯ᠎ᠠ ᠪᠠᠷ ᠬᠢ ᠨᠢᠭᠡᠨ ᠴᠢᠬᠤᠯᠠ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠪᠣᠯᠣᠨ᠎ᠠ᠂ ᠡᠭᠦᠨ ᠤ ᠵᠣᠷᠢᠯᠭ᠎ᠠ ᠨᠢ ᠬᠥᠳᠡᠭᠡ ᠲᠣᠰᠬᠤᠨ ᠤ ᠭᠡᠷ ᠪᠠᠶᠢᠰᠢᠩ ᠤᠨ ᠬᠡᠷᠡᠭᠯᠡᠬᠦ ᠭᠠᠵᠠᠷ᠂ | ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠡᠷᠡᠭᠯᠡᠯᠲᠡ ᠶᠢᠨ ᠪᠥᠬᠦ ᠶᠠᠪᠤᠴᠠ ᠶᠢᠨ ᠬᠠᠮᠢᠶᠠᠷᠤᠯᠲᠠ ᠶᠢᠨ | ᠳᠦᠷᠢᠮ ᠢ ᠪᠦᠷᠢᠨᠰᠢᠭᠦᠯᠵᠦ᠂ ᠬᠥᠳᠡᠭᠡ ᠲᠣᠰᠬᠤᠨ ᠤ ᠭᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠢ | ᠪᠠᠳᠤᠯᠠᠨ᠎ᠠ᠃ | ︽ᠵᠢᠯᠤᠭᠤᠳᠬᠤ ᠰᠠᠨᠠᠯ︾ ᠢ ᠨᠡᠶᠢᠲᠡᠯᠡᠬᠦ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠴᠢᠬᠤᠯᠠ | ᠠᠷᠭ᠎ᠠ ᠬᠡᠮᠵᠢᠶ᠎ᠡ ᠮᠥᠨ᠂ ᠣᠳᠣᠬᠠᠨ ᠤ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠳᠦᠷᠢᠮ ᠤᠨ ᠳᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢᠨ ᠲᠤᠯᠭᠠᠮ᠎ᠠ | ᠱᠠᠭᠠᠷᠳᠠᠯᠭ᠎ᠠ ᠮᠥᠨ᠂ ᠪᠠᠰᠠ ᠴᠤ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ | ᠴᠢᠨᠠᠷ ᠢ ᠳᠡᠭᠡᠭᠰᠢᠯᠡᠭᠦᠯᠬᠦ᠂ ᠲᠠᠷᠢᠶᠠᠴᠢᠨ ᠲᠦᠮᠡᠨ ᠤ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠬᠤ ᠶᠢᠨ | ᠵᠠᠶᠢᠯᠠᠰᠢ ᠦᠭᠡᠢ ᠱᠠᠭᠠᠷᠳᠠᠯᠭ᠎ᠠ ᠮᠥᠨ᠃ | 2᠂ ︽ᠵᠢᠯᠤᠭᠤᠳᠬᠤ ᠰᠠᠨᠠᠯ︾ ᠤᠨ ᠵᠢᠯᠤᠭᠤᠳᠬᠤ ᠦᠵᠡᠯ ᠰᠠᠨᠠᠭ᠎ᠠ᠂ ᠠᠵᠢᠯ ᠤᠨ ᠬᠠᠷᠠᠯᠲᠠ ᠪᠠ | ᠰᠡᠳᠬᠢᠴᠡ ᠨᠢ ᠶᠠᠭᠤ ᠪᠤᠢ︖ | ︽ᠵᠢᠯᠤᠭᠤᠳᠬᠤ ᠰᠠᠨᠠᠯ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠭᠵᠢᠯᠲᠡ ᠪᠣᠯᠣᠨ | ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠰᠢᠰᠲ᠋ᠧᠮ ᠤᠨ ᠦᠵᠡᠯᠲᠡ ᠪᠣᠯᠣᠨ ᠬᠤᠷᠢᠭ᠎ᠠ ᠱᠤᠭᠤᠮ ᠤᠨ | ᠰᠡᠳᠬᠢᠬᠦᠢ ᠶᠢ ᠴᠢᠩᠭᠠᠳᠬᠠᠵᠤ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠦᠨ᠎ᠡ᠃ | ︽ᠵᠢᠯᠤᠭᠤᠳᠬᠤ ᠰᠠᠨᠠᠯ︾ ᠳᠤ 2025 ᠣᠨ ᠪᠣᠯᠲᠠᠯ᠎ᠠ᠂ ᠬᠥᠳᠡᠭᠡ ᠲᠣᠰᠬᠤᠨ ᠤ ᠣᠨᠴᠠᠯᠢᠭ ᠲᠤ | ᠵᠣᠬᠢᠴᠠᠭᠰᠠᠨ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ | ᠪᠠᠶᠢᠭᠤᠯᠤᠯ ᠲᠣᠭᠲᠠᠴᠠ ᠶᠢ ᠦᠨᠳᠦᠰᠦᠨ ᠳᠡᠭᠡᠨ ᠪᠠᠶᠢᠭᠤᠯᠵᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠶᠠᠰᠤ | ᠴᠢᠨᠠᠷ ᠤᠨ ᠠᠮᠤᠷ ᠲᠦᠪᠰᠢᠨ ᠤ ᠪᠥᠬᠦ ᠶᠠᠪᠤᠴᠠ ᠶᠢᠨ ᠪᠢᠲᠡᠭᠦᠦ ᠴᠠᠭᠠᠷᠢᠭ ᠤᠨ ᠬᠢᠨᠠᠯᠲᠠ ᠬᠠᠮᠢᠶᠠᠷᠤᠯᠲᠠ ᠶᠢ | ᠪᠡᠶᠡᠯᠡᠭᠦᠯᠵᠦ᠂ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠲᠦᠭᠰᠢᠭᠦᠷᠢ ᠶᠢ ᠪᠦᠲᠦᠮᠵᠢᠲᠡᠶ | ᠬᠠᠮᠢᠶᠠᠷᠤᠨ ᠡᠵᠡᠮᠳᠡᠵᠦ᠂ ᠬᠥᠳᠡᠭᠡ ᠲᠣᠰᠬᠤᠨ ᠤ ᠭᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠷᠢ | ᠲᠦᠪᠰᠢᠨ ᠢ ᠨᠡᠶᠢᠳᠡᠮ ᠳᠡᠭᠡᠭᠰᠢᠯᠡᠭᠦᠯᠦᠨ᠎ᠡ᠃ 2035 ᠣᠨ ᠪᠣᠯᠲᠠᠯ᠎ᠠ᠂ ᠬᠥᠳᠡᠭᠡ ᠲᠣᠰᠬᠤᠨ ᠤ ᠭᠡᠷ ᠪᠠᠶᠢᠰᠢᠩ ᠤᠨ | ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮᠵᠢ ᠪᠠ ᠮᠡᠷᠭᠡᠵᠢᠯ ᠤᠨ ᠪᠠᠷᠢᠮᠵᠢᠶ᠎ᠠ ᠶᠢᠨ | ᠰᠢᠰᠲ᠋ᠧᠮᠵᠢ ᠶᠢ ᠪᠥᠬᠦ ᠲᠠᠯ᠎ᠠ ᠪᠠᠷ ᠪᠠᠶᠢᠭᠤᠯᠵᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ | ᠪᠠᠶᠢᠭᠤᠯᠤᠯᠲᠠ ᠶᠢᠨ ᠶᠠᠰᠤ ᠴᠢᠨᠠᠷ ᠢ ᠶᠡᠬᠡᠪᠡᠷ ᠲᠠᠭᠡᠭᠰᠢᠯᠡᠭᠦᠯᠦᠨᠡ ᠭᠡᠵᠦ ᠳᠤᠷᠠᠳᠤᠨ ᠭᠠᠷᠭᠠᠪᠠ᠃ | ︽ᠵᠢᠯᠤᠭᠤᠳᠬᠤ ᠰᠠᠨᠠᠯ︾ ᠳᠤ ︽ᠬᠠᠳᠠᠭᠠᠯᠠᠯᠲᠠ ᠶᠢᠨ ᠬᠡᠮᠵᠢᠶ᠎ᠡ ᠶᠢ ᠬᠠᠮᠢᠶᠠᠷᠴᠤ᠂ ᠨᠡᠮᠡᠭᠳᠡᠯ ᠤᠨ | ᠬᠡᠮᠵᠢᠶ᠎ᠡ ᠶᠢ ᠬᠢᠵᠠᠭᠠᠷᠯᠠᠬᠤ︾ ᠰᠡᠳᠬᠢᠮᠵᠢ ᠶᠣᠰᠣᠭᠠᠷ᠂ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠨᠢᠭᠡ ᠲᠠᠯ᠎ᠠ ᠪᠠᠷ᠂ ᠨᠢᠭᠡᠨᠲᠡ ᠪᠠᠶᠢᠭ᠎ᠠ ᠬᠥᠳᠡᠭᠡ | ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ | ᠬᠡᠮ ᠰᠣᠭᠤᠭ ᠢ ᠠᠯᠬᠤᠮ ᠠᠯᠬᠤᠮ ᠢᠶᠠᠷ ᠦᠭᠡᠶᠢᠰᠭᠡᠨ᠎ᠡ᠃ ︽ᠬᠡᠨ ᠥᠮᠴᠢᠯᠡᠪᠡᠯ ᠬᠡᠨ ᠬᠠᠷᠢᠭᠤᠴᠠᠬᠤ᠂ ᠬᠡᠨ | ᠬᠡᠷᠡᠭᠯᠡᠪᠡᠯ ᠬᠡᠨ ᠬᠠᠷᠢᠭᠤᠴᠠᠬᠤ︾ ᠵᠠᠷᠴᠢᠮ ᠢ ᠪᠠᠷᠢᠮᠲᠠᠯᠠᠵᠤ᠂ ᠥᠮᠴᠢᠯᠡᠯ ᠤᠨ ᠡᠷᠬᠡᠲᠦ ᠬᠥᠮᠥᠨ ᠪᠠ ᠬᠡᠷᠡᠭᠯᠡᠭᠴᠢ ᠶᠢᠨ | ᠭᠡᠷ ᠪᠠᠶᠢᠰᠢᠩ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠬᠥᠳᠡᠭᠡ | ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠢ ᠪᠠᠶᠢᠩᠭᠤᠵᠢᠭᠤᠯᠤᠨ ᠲᠣᠭᠤᠷᠢᠨ ᠪᠠᠶᠢᠴᠠᠭᠠᠬᠤ ᠲᠣᠭᠲᠠᠴᠠ ᠶᠢ | ᠪᠠᠶᠢᠭᠤᠯᠵᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠪᠡᠶ᠎ᠡ ᠶᠢᠨ ᠪᠠᠶᠢᠴᠠᠭᠠᠯᠲᠠ ᠶᠢᠨ ᠳᠦᠷᠢᠮ ᠢ | ᠰᠦᠪᠡᠭᠴᠢᠯᠡᠨ᠎ᠡ᠃ ᠡᠵᠡᠩᠨᠡᠯᠲᠡ ᠳᠤ ᠬᠡᠷᠡᠭᠯᠡᠬᠦ ᠬᠥᠳᠡᠭᠡ ᠲᠣᠰᠬᠤᠨ ᠭᠡᠷ ᠪᠠᠶᠢᠰᠢᠩ ᠤᠨ ᠬᠠᠮᠢᠶᠠᠷᠤᠯᠲᠠ ᠶᠢ | ᠴᠢᠩᠳᠠᠯᠠᠵᠤ᠂ ᠬᠥᠳᠡᠭᠡ ᠲᠣᠰᠬᠤᠨ ᠭᠡᠷ ᠪᠠᠶᠢᠰᠢᠩ ᠤᠨ ᠥᠭᠡᠷᠡᠴᠢᠯᠡᠯᠲᠡ ᠶᠢ ᠥᠷᠭᠡᠳᠬᠡᠨ ᠪᠠᠶᠢᠭᠤᠯᠬᠤ ᠪᠠ | ᠬᠡᠷᠡᠭᠴᠡᠭᠡ ᠶᠢ ᠬᠤᠪᠢᠷᠠᠭᠤᠯᠬᠤ ᠬᠠᠮᠢᠶᠠᠷᠤᠯᠲᠠ ᠶᠢ ᠴᠢᠩᠳᠠᠯᠠᠨ᠎ᠠ᠃ ᠨᠥᠭᠦᠭᠡ ᠲᠠᠯ᠎ᠠ ᠪᠠᠷ᠂ ᠰᠢᠨ᠎ᠡ ᠪᠠᠷ | ᠪᠠᠶᠢᠭᠤᠯᠤᠭᠰᠠᠨ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ︽ᠬᠡᠨ ᠬᠢᠨᠠᠨ ᠵᠥᠪᠰᠢᠶᠡᠷᠡᠪᠡᠯ ᠬᠡᠨ | ᠬᠢᠨᠠᠨ ᠬᠠᠮᠢᠶᠠᠷᠴᠤ᠂ ᠬᠡᠨ ᠭᠤᠣᠯᠴᠢᠯᠠᠨ ᠬᠠᠮᠢᠶᠠᠷᠴᠤ᠂ ᠬᠡᠨ ᠬᠢᠨᠠᠨ ᠬᠠᠮᠢᠶᠠᠷᠬᠤ︾ ᠵᠠᠷᠴᠢᠮ ᠢ ᠪᠠᠷᠢᠮᠲᠠᠯᠠᠨ᠂ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠨᠢᠭᠡᠳᠦᠯᠲᠡᠢ ᠲᠥᠯᠥᠪᠯᠡᠨ | ᠵᠣᠯᠭᠠᠭᠤᠯᠵᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠰᠠᠯᠠᠭ᠎ᠠ | ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠬᠢᠨᠠᠯᠲᠠ | ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠣᠶ ᠪᠣᠯᠭᠠᠨ᠎ᠠ᠃ ᠦᠨᠳᠦᠰᠦᠨ ᠱᠠᠲᠤᠨ ᠤ ᠬᠢᠨᠠᠨ ᠬᠠᠮᠢᠶᠠᠷᠬᠤ | ᠬᠦᠴᠦᠨ ᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠭᠡᠷ ᠪᠠᠶᠢᠰᠢᠩ ᠳᠤ ᠬᠡᠷᠡᠭᠯᠡᠬᠦ ᠭᠠᠵᠠᠷ᠂ ᠲᠥᠯᠦᠪᠵᠢᠭᠦᠯᠭᠡ᠂ | ᠪᠦᠲᠦᠭᠡᠨ ᠪᠠᠶᠢᠭᠤᠯᠤᠯᠲᠠ᠂ ᠬᠡᠷᠡᠭᠯᠡᠯᠲᠡ ᠶᠢᠨ ᠪᠥᠬᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ ᠬᠥᠳᠡᠭᠡ | ᠲᠣᠰᠬᠤᠨ ᠤ ᠭᠡᠷ ᠪᠠᠶᠢᠰᠢᠩ ᠤᠨ ᠭᠠᠵᠠᠷ ᠰᠣᠩᠭᠤᠬᠤ᠂ ᠵᠢᠷᠤᠭᠯᠠᠨ ᠲᠥᠯᠥᠪᠯᠡᠬᠦ᠂ ᠪᠠᠶᠢᠭᠤᠯᠬᠤ ᠪᠠ ᠬᠡᠷᠡᠭᠯᠡᠬᠦ ᠶᠢᠨ | ᠠᠮᠤᠷ ᠲᠦᠪᠰᠢᠨ ᠢ ᠦᠨᠡᠨᠬᠦ ᠪᠠᠲᠤᠯᠠᠨ᠎ᠠ᠃ | 3᠂ ᠨᠢᠭᠡᠨᠲᠡ ᠪᠠᠶᠢᠭ᠎ᠠ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢ | ᠴᠢᠩᠭᠠᠳᠬᠠᠬᠤ ᠲᠠᠯ᠎ᠠ ᠪᠠᠷ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠪᠠᠶᠢᠬᠤ ᠪᠣᠶ︖ | ︽ᠵᠢᠯᠤᠭᠤᠳᠬᠤ ᠰᠠᠨᠠᠯ︾ ᠳᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠬᠡᠮ | ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠦᠷᠨᠢᠭᠦᠯᠦᠨ᠎ᠡ᠃ ᠬᠥᠳᠡᠭᠡ | ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠮᠡᠳᠡᠭᠡ ᠵᠠᠩᠭᠢ ᠶᠢᠨ ᠡᠬᠡ ᠲᠠᠩᠰᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠨᠤᠷᠠᠬᠤ ᠠᠶᠤᠯᠲᠠᠢ ᠭᠡᠷ | ᠪᠠᠶᠢᠰᠢᠩ ᠳᠤ᠂ ᠥᠮᠴᠢᠯᠡᠯ ᠤᠨ ᠡᠷᠬᠡᠲᠦ ᠬᠥᠮᠥᠨ᠂ ᠬᠡᠷᠡᠭᠯᠡᠭᠴᠢ ᠶᠢ ᠬᠥᠲᠥᠯᠥᠨ ᠵᠢᠯᠤᠭᠤᠳᠴᠤ ᠪᠠᠶᠢᠭᠠᠳ | ᠢᠨᠵᠧᠨᠧᠷᠢᠩ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠠᠮᠤᠷ ᠲᠦᠪᠰᠢᠨ ᠤ ᠳᠠᠯᠳᠠ ᠬᠡᠮ ᠢ ᠲᠤᠶᠢᠯᠪᠤᠷᠢᠲᠠᠢ | ᠠᠷᠢᠯᠭᠠᠨ᠎ᠠ︔ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠨᠢ ᠦᠷᠭᠦᠯᠵᠢᠯᠡᠨ ᠪᠦᠲᠦᠮᠵᠢᠲᠡᠢ ᠪᠠᠶᠢᠬᠤ ᠶᠢ ᠪᠠᠲᠤᠯᠠᠵᠤ᠂ | ᠨᠤᠷᠠᠬᠤ ᠠᠶᠤᠯᠲᠠᠢ ᠭᠡᠷ ᠪᠠᠶᠢᠰᠢᠩ ᠳᠤ ᠬᠥᠮᠥᠨ ᠰᠠᠭᠤᠬᠤ ᠦᠭᠡᠢ ᠪᠠᠶᠢᠬᠤ ᠶᠢ ᠪᠠᠲᠤᠯᠠᠵᠤ᠂ ᠬᠥᠳᠡᠭᠡ ᠲᠣᠰᠬᠤᠨ ᠤ | ᠭᠡᠷ ᠪᠠᠶᠢᠰᠢᠩ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ᠎ᠡ᠃ ᠬᠥᠳᠡᠭᠡ ᠲᠣᠰᠬᠤᠨ ᠤ ᠭᠡᠷ | ᠪᠠᠶᠢᠰᠢᠩ ᠤᠨ ᠠᠮᠤᠷ ᠲᠦᠪᠰᠢᠨ ᠤ ᠪᠠᠶᠢᠩᠭᠤᠵᠢᠭᠰᠠᠨ ᠲᠣᠭᠤᠷᠢᠨ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ | ᠲᠠᠷᠢᠶᠠᠴᠢᠨ ᠡᠷᠦᠬᠡ ᠠᠴᠠ ᠥᠪᠡᠰᠦᠪᠡᠨ ᠪᠠᠶᠢᠴᠠᠭᠠᠬᠤ᠂ ᠪᠠᠯᠭᠠᠰᠤ ᠲᠣᠰᠬᠤᠨ ᠠᠴᠠ ᠵᠢᠭᠰᠠᠭᠠᠨ ᠪᠠᠶᠢᠴᠠᠭᠠᠬᠤ᠂ | ᠰᠢᠶᠠᠨ ᠤ ᠱᠠᠲᠤᠨ ᠠᠴᠠ ᠲᠣᠭᠤᠷᠢᠨ ᠪᠠᠶᠢᠴᠠᠭᠠᠬᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ ᠪᠠ | ᠣᠯᠠᠨ ᠲᠦᠮᠡᠨ ᠤ ᠬᠢᠨᠠᠯᠲᠠ ᠲᠠᠯᠪᠢᠬᠤ ᠶᠢ ᠬᠠᠷᠢᠯᠴᠠᠨ ᠤᠶᠠᠯᠳᠤᠭᠤᠯᠵᠤ᠂ ᠠᠮᠤᠷ ᠲᠦᠪᠰᠢᠨ ᠤ ᠬᠡᠮ ᠰᠣᠭᠤᠭ ᠢ | ᠴᠠᠭ ᠲᠤᠬᠠᠢ ᠳᠤᠨᠢ ᠢᠯᠡᠷᠡᠭᠦᠯᠵᠦ᠂ ᠴᠠᠭ ᠲᠤᠬᠠᠢ ᠳᠤᠨᠢ ᠠᠷᠭ᠎ᠠ ᠬᠡᠮᠵᠢᠶ᠎ᠡ ᠠᠪᠴᠤ ᠪᠠᠶᠢᠭᠠᠳ ᠠᠮᠤᠷ ᠲᠦᠪᠰᠢᠨ ᠤ | ᠬᠡᠮ ᠰᠣᠭᠤᠭ ᠢ ᠠᠷᠢᠯᠭᠠᠬᠤ ᠬᠡᠷᠡᠭᠲᠡᠢ᠃ | ᠡᠵᠡᠩᠨᠡᠯᠲᠡ ᠳᠤ ᠬᠡᠷᠡᠭᠯᠡᠬᠦ ᠬᠥᠳᠡᠭᠡ ᠲᠣᠰᠬᠤᠨ ᠤ ᠭᠡᠷ ᠪᠠᠶᠢᠰᠢᠩ ᠪᠣᠯ ᠨᠢᠭᠡᠨᠲᠡ ᠪᠠᠶᠢᠭ᠎ᠠ ᠬᠥᠳᠡᠭᠡ | ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠭᠤᠣᠯᠳᠠᠯᠭ᠎ᠠ ᠶᠢᠨ ᠳᠣᠲᠣᠷᠠᠬᠢ | ᠭᠤᠣᠯᠳᠠᠯᠭ᠎ᠠ ᠪᠣᠯᠣᠨ᠎ᠠ᠃ ︽ᠵᠢᠯᠤᠭᠤᠳᠬᠤ ᠰᠠᠨᠠᠯ︾ ᠳᠤ ︽ᠬᠥᠳᠡᠭᠡ ᠲᠣᠰᠬᠤᠨ ᠤ ᠭᠡᠷ ᠪᠠᠶᠢᠰᠢᠩ ᠢ | ᠡᠵᠡᠩᠨᠡᠯᠲᠡ ᠶᠢᠨ ᠠᠵᠢᠯᠯᠠᠭ᠎ᠠ ᠳᠤ ᠬᠡᠷᠡᠭᠯᠡᠬᠦ ᠳᠤ ᠬᠤᠯᠪᠣᠭᠳᠠᠯ ᠪᠦᠬᠦᠢ ᠠᠮᠤᠷ ᠲᠦᠪᠰᠢᠨ ᠤ ᠱᠠᠭᠠᠷᠳᠠᠯᠭ᠎ᠠ ᠳᠤ | ᠨᠡᠶᠢᠴᠡᠭᠰᠡᠨ ᠪᠠᠶᠢᠬᠤ ᠬᠡᠷᠡᠭᠲᠡᠢ᠂ ᠥᠮᠴᠢᠯᠡᠯ ᠤᠨ ᠡᠷᠬᠡᠲᠦ ᠬᠥᠮᠥᠨ ᠪᠠ ᠬᠡᠷᠡᠭᠯᠡᠭᠴᠢ ᠡᠵᠡᠩᠨᠡᠯᠲᠡ ᠶᠢᠨ ᠴᠢᠨᠠᠷᠲᠠᠢ | ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ | ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠬᠦ ᠠᠴᠠ ᠡᠮᠦᠨ᠎ᠡ ᠭᠡᠷ | ᠪᠠᠶᠢᠰᠢᠩ ᠢ ᠠᠮᠤᠷ ᠲᠦᠪᠰᠢᠨ ᠢᠶᠠᠷ ᠬᠡᠷᠡᠭᠯᠡᠬᠦ ᠨᠥᠬᠦᠴᠡᠯ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ︾ ᠭᠡᠵᠦ | ᠲᠣᠳᠣᠷᠬᠠᠢ ᠱᠠᠭᠠᠷᠳᠠᠭᠰᠠᠨ ᠪᠠᠶᠢᠨ᠎ᠠ᠃ ᠡᠨᠡ ᠨᠢ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠵᠡᠷᠭᠡ 15 ᠰᠠᠯᠠᠭ᠎ᠠ | ᠮᠥᠴᠢᠷ ᠠᠴᠠ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠡᠵᠡᠩᠨᠡᠯᠲᠡ ᠶᠢᠨ ᠴᠢᠨᠠᠷᠲᠠᠢ ᠥᠪᠡᠰᠦᠪᠡᠨ ᠪᠠᠷᠢᠭᠰᠠᠨ ᠭᠡᠷ | ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠮᠡᠳᠡᠭᠳᠡᠯ︾ ︵ᠪᠠᠶᠢᠭᠤᠯᠤᠯᠳᠠ | ᠲᠤᠰᠬᠤᠨ ﹇2023﹈ 18 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠲᠠᠢ ᠭᠦᠢᠴᠡᠳ | ᠵᠣᠯᠭᠠᠯᠳᠤᠵᠤ᠂ ᠡᠵᠡᠩᠨᠡᠯᠲᠡ ᠳᠤ ᠬᠡᠷᠡᠭᠯᠡᠬᠦ ᠬᠥᠳᠡᠭᠡ ᠲᠣᠰᠬᠤᠨ ᠤ ᠭᠡᠷ ᠪᠠᠶᠢᠰᠢᠩ ᠳᠤ 15 ᠰᠠᠯᠠᠭ᠎ᠠ ᠮᠥᠴᠢᠷ ᠤᠨ | ᠬᠠᠮᠲᠤᠷᠠᠨ ᠳᠠᠷᠤᠮᠠᠯᠯᠠᠨ ᠲᠠᠷᠬᠠᠭᠠᠭᠰᠠᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ | ᠃ ︽ᠵᠢᠯᠤᠭᠤᠳᠬᠤ ᠰᠠᠨᠠᠯ︾ ᠳᠤ ᠪᠠᠰᠠ ᠮᠡᠳᠡᠭᠡ ᠵᠠᠩᠭᠢ ᠬᠦᠷᠭᠡᠬᠦ ᠪᠠ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ | ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ | ᠬᠡᠷᠡᠭ ᠤᠨ ᠡᠮᠦᠨ᠎ᠡ ᠪᠠ ᠬᠡᠷᠡᠭ ᠤᠨ ᠳᠤᠮᠳᠠ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ | ᠲᠣᠭᠲᠠᠴᠠ ᠶᠢ ᠪᠦᠷᠢᠨᠰᠢᠭᠦᠯᠦᠨ᠎ᠡ ᠭᠡᠵᠦ ᠳᠤᠷᠠᠳᠤᠨ ᠭᠠᠷᠭᠠᠪᠠ᠃ | ᠲᠣᠭᠲᠠᠭᠠᠯ ᠢ ᠵᠥᠷᠢᠴᠡᠨ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠ ᠬᠡᠷᠡᠭᠴᠡᠭᠡ ᠶᠢ ᠨᠢ ᠬᠤᠪᠢᠷᠠᠭᠤᠯᠬᠤ | ᠨᠢ ᠠᠮᠤᠷ ᠲᠦᠪᠰᠢᠨ ᠤ ᠠᠶᠤᠯ ᠲᠦᠭᠰᠢᠭᠦᠷᠢ ᠶᠢ ᠲᠤᠶᠢᠯ ᠤᠨ ᠠᠮᠠᠷᠬᠠᠨ ᠪᠤᠢ ᠪᠣᠯᠭᠠᠳᠠᠭ᠃ ︽ᠵᠢᠯᠤᠭᠤᠳᠬᠤ ᠰᠠᠨᠠᠯ | ︾ ᠳᠤ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠳᠦᠷᠢᠮ ᠤᠨ ᠥᠭᠡᠷᠡᠴᠢᠯᠡᠯᠲᠡ ᠶᠢ ᠥᠷᠭᠡᠳᠬᠡᠨ | ᠪᠠᠶᠢᠭᠤᠯᠬᠤ ᠪᠠ ᠬᠡᠷᠡᠭᠴᠡᠭᠡ ᠶᠢ ᠬᠤᠪᠢᠷᠠᠭᠤᠯᠬᠤ ᠳᠤ ᠭᠠᠵᠠᠷ ᠬᠡᠷᠡᠭᠯᠡᠬᠦ᠂ ᠲᠦᠯᠦᠪᠵᠢᠭᠦᠯᠦᠯᠭᠡ ᠪᠦᠲᠦᠭᠡᠨ | ᠪᠠᠶᠢᠭᠤᠯᠤᠯᠳᠠ ᠵᠡᠷᠭᠡ ᠬᠤᠯᠪᠣᠭᠳᠠᠯ ᠪᠦᠬᠦᠢ ᠬᠢᠨᠠᠨ ᠵᠦᠪᠰᠢᠶᠡᠷᠡᠯ ᠤᠨ ᠭᠠᠷ ᠭᠦᠢᠴᠡᠳᠬᠡᠯ ᠢ ᠬᠠᠤᠯᠢ ᠶᠣᠰᠣᠭᠠᠷ | ᠭᠦᠢᠴᠡᠳᠬᠡᠬᠦ ᠬᠡᠷᠡᠭᠲᠡᠢ᠃ ᠬᠥᠳᠡᠭᠡ ᠲᠣᠰᠬᠤᠨ ᠤ ᠣᠷᠣᠨ ᠰᠠᠭᠤᠴᠠ ᠶᠢ ᠡᠵᠡᠩᠨᠡᠯᠲᠡ᠂ ᠤᠯᠠᠨ ᠨᠡᠶᠢᠲᠡ ᠶᠢᠨ | ᠦᠢᠯᠡᠴᠢᠯᠡᠭᠡ ᠪᠠ ᠬᠥᠮᠥᠨ ᠬᠠᠷ᠎ᠠ ᠬᠤᠷᠠᠨ ᠴᠤᠭᠯᠠᠷᠠᠳᠠᠭ ᠭᠠᠵᠠᠷ ᠪᠣᠯᠭᠠᠬᠤ ᠳᠤ ᠬᠦᠷᠪᠡᠯ᠂ ᠬᠠᠤᠯᠢ ᠶᠣᠰᠣᠭᠠᠷ | ᠬᠤᠯᠪᠣᠭᠳᠠᠯ ᠪᠦᠬᠦᠢ ᠬᠢᠨᠠᠨ ᠵᠦᠪᠰᠢᠶᠡᠷᠡᠯ ᠤᠨ ᠭᠠᠷ ᠭᠦᠢᠴᠡᠳᠬᠡᠯ ᠬᠢᠬᠦ ᠬᠡᠷᠡᠭᠲᠡᠢ᠃ | 4᠂ ᠰᠢᠨ᠎ᠡ ᠪᠠᠷ ᠪᠠᠷᠢᠭᠰᠠᠨ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ | ᠬᠠᠮᠢᠶᠠᠷᠤᠯᠲᠠ ᠶᠢ ᠲᠦᠷᠭᠡᠪᠴᠢᠯᠡᠨ ᠲᠡᠭᠦᠯᠳᠡᠷᠵᠢᠭᠦᠯᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠶ︖ | ︽ᠵᠢᠯᠤᠭᠤᠳᠬᠤ ᠰᠠᠨᠠᠯ︾ ᠳᠤ ᠳᠤᠷᠠᠳᠤᠭᠰᠠᠨ ᠨᠢ᠂ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠪᠥᠬᠦ ᠶᠠᠪᠤᠴᠠ ᠳᠤ | ᠲᠤᠭᠤᠰᠢᠯᠠᠭᠤᠯᠵᠤ᠂ ᠬᠠᠤᠯᠢ ᠲᠣᠭᠲᠠᠭᠠᠯ ᠶᠣᠰᠣᠭᠠᠷ ᠬᠥᠳᠡᠭᠡ ᠲᠣᠰᠬᠤᠨ ᠤ ᠭᠡᠷ ᠪᠠᠶᠢᠰᠢᠩ ᠳᠤ ᠬᠡᠷᠡᠭᠯᠡᠬᠦ ᠭᠠᠵᠠᠷ᠂ | ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠥᠷᠨᠢᠭᠦᠯᠵᠦ᠂ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠪᠦᠲᠦᠮᠵᠢᠲᠡᠶ | ᠵᠣᠯᠭᠠᠭᠤᠯᠬᠤ ᠬᠡᠷᠡᠭᠲᠡᠢ᠃ ᠬᠥᠳᠡᠭᠡ ᠲᠣᠰᠬᠤᠨ ᠤ ᠭᠡᠷ ᠪᠠᠶᠢᠰᠢᠩ ᠤᠨ ᠭᠠᠵᠠᠷ ᠰᠣᠩᠭᠤᠬᠤ ᠠᠮᠤᠷ ᠲᠦᠪᠰᠢᠨ ᠪᠠ | ᠪᠠᠷᠢᠯᠭ᠎ᠠ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ | ᠬᠥᠳᠡᠭᠡ ᠲᠣᠰᠬᠤᠨ ᠤ ᠭᠡᠷ ᠪᠠᠶᠢᠰᠢᠩ ᠢ ᠰᠢᠨ᠎ᠡ ᠪᠠᠷ ᠪᠠᠶᠢᠭᠤᠯᠬᠤ ᠳᠤ ᠡᠩ ᠲᠡᠷᠢᠭᠦᠨ ᠳᠤ ᠭᠠᠵᠠᠷ | ᠰᠣᠩᠭᠤᠬᠤ ᠠᠮᠤᠷ ᠲᠦᠪᠰᠢᠨ᠂ ᠲᠠᠯᠠᠪᠤᠷ ᠤᠨ ᠠᠮᠤᠷ ᠲᠦᠪᠰᠢᠨ ᠢ ᠪᠠᠳᠤᠯᠠᠨ᠎ᠠ᠃ ︽ᠵᠢᠯᠤᠭᠤᠳᠬᠤ ᠰᠠᠨᠠᠯ︾ ᠳᠤ | ᠳᠤᠷᠠᠳᠤᠭᠰᠠᠨ ᠨᠢ᠂ ᠬᠥᠳᠡᠭᠡ ᠲᠣᠰᠬᠤᠨ ᠤ ᠭᠡᠷ ᠪᠠᠶᠢᠰᠢᠩ ᠳᠤ ᠬᠡᠷᠡᠭᠯᠡᠬᠦ ᠭᠠᠵᠠᠷ ᠪᠠ ᠲᠥᠯᠦᠪᠵᠢᠭᠦᠯᠭᠡ ᠶᠢᠨ | ᠱᠠᠲᠤᠨ ᠳᠤ ᠭᠠᠵᠠᠷ ᠬᠥᠳᠡᠯᠦᠯᠲᠡ ᠶᠢᠨ ᠬᠠᠭᠠᠷᠠᠯ ᠤᠨ ᠪᠦᠰᠡ᠂ ᠭᠠᠵᠠᠷ ᠤᠨ ᠭᠠᠢ ᠭᠠᠮᠰᠢᠭ ᠶᠡᠭᠡ ᠪᠥᠭᠡᠳ | ᠠᠮᠠᠷᠬᠠᠨ ᠡᠭᠦᠰᠳᠡᠭ ᠣᠷᠣᠨ ᠪᠠ ᠳᠠᠯᠳᠠ ᠬᠡᠮ ᠰᠣᠭᠤᠭ᠂ ᠭᠠᠵᠠᠷ ᠳᠣᠣᠷᠠᠬᠢ ᠮᠠᠯᠲᠠᠵᠤ ᠬᠥᠨᠳᠡᠶᠢᠷᠡᠭᠦᠯᠦᠭᠰᠡᠨ | ᠣᠷᠣᠨ᠂ ᠦᠶᠡᠷᠯᠡᠬᠦ ᠣᠷᠣᠨ ᠵᠡᠷᠭᠡ ᠠᠶᠤᠯᠲᠠᠢ ᠭᠠᠵᠠᠷ ᠠᠴᠠ ᠠᠯᠢ ᠴᠢᠳᠠᠬᠤ ᠪᠠᠷ ᠵᠠᠶᠢᠯᠠᠬᠤ ᠬᠡᠷᠡᠭᠲᠡᠢ᠃ | ︽ᠵᠢᠯᠤᠭᠤᠳᠬᠤ ᠰᠠᠨᠠᠯ︾ ᠳᠤ ᠣᠲᠣ ᠶᠢᠨ ᠬᠡᠷᠡᠭᠵᠢᠭᠦᠯᠵᠦ ᠪᠠᠶᠢᠭ᠎ᠠ ᠬᠤᠯᠪᠣᠭᠳᠠᠯ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠢ ᠦᠨᠳᠦᠰᠦᠯᠡᠨ᠂ ᠬᠥᠳᠡᠭᠡ ᠲᠣᠰᠬᠤᠨ ᠤ ᠭᠡᠷ ᠪᠠᠶᠢᠰᠢᠩ ᠤᠨ ᠵᠢᠷᠤᠭ ᠲᠥᠯᠥᠪᠯᠡᠭᠡ ᠬᠢᠭᠡᠳ | ᠪᠠᠷᠢᠯᠭ᠎ᠠ ᠶᠢᠨ ᠠᠵᠢᠯ ᠳᠤ ᠲᠠᠰ ᠲᠥᠷᠥᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ | ᠳᠣᠣᠷ᠎ᠠ ᠳᠠᠪᠬᠤᠷᠭ᠎ᠠ ᠶᠢᠨ ᠣᠷᠣᠨ ᠰᠠᠭᠤᠴᠠ ᠳᠤ ᠪᠠᠷᠢᠮᠵᠢᠶᠠᠲᠤ ᠵᠢᠷᠤᠭ ᠲᠥᠯᠥᠪᠯᠡᠭᠡ ᠶᠢᠨ ᠵᠢᠷᠤᠭ ᠤᠨ ᠡᠮᠬᠢᠳᠬᠡᠯ ᠢ | ᠰᠣᠩᠭᠤᠨ ᠬᠡᠷᠡᠭᠯᠡᠵᠦ ᠪᠣᠯᠬᠤ ᠶᠢ ᠲᠣᠳᠣᠷᠬᠠᠶᠢᠯᠠᠵᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ | ᠤᠷᠠᠨ ᠳᠠᠷᠬᠠᠨ ᠳᠤ ᠨᠠᠶᠢᠳᠠᠵᠤ ᠪᠠᠷᠢᠯᠭ᠎ᠠ ᠶᠢᠨ ᠠᠵᠢᠯ ᠬᠢᠯᠭᠡᠵᠦ ᠪᠣᠯᠣᠨ᠎ᠠ᠃ ᠪᠤᠰᠤᠳ ᠬᠥᠳᠡᠭᠡ ᠲᠣᠰᠬᠤᠨ ᠤ | ᠣᠷᠣᠨ ᠰᠠᠭᠤᠴᠠ᠂ ᠬᠥᠳᠡᠭᠡ ᠲᠣᠰᠬᠤᠨ ᠤ ᠤᠯᠠᠨ ᠨᠡᠶᠢᠲᠡ ᠶᠢᠨ ᠪᠠᠷᠢᠯᠭ᠎ᠠ ᠶᠢ ᠬᠠᠤᠯᠢ ᠶᠣᠰᠣᠭᠠᠷ ᠵᠣᠬᠢᠴᠠᠩᠭᠤᠢ | ᠬᠢᠷᠢ ᠬᠡᠮ ᠲᠠᠢ ᠵᠢᠷᠤᠵᠤ ᠲᠥᠯᠥᠪᠯᠡᠬᠦ ᠨᠢᠭᠡᠴᠢ ᠪᠠ ᠪᠠᠷᠢᠯᠭ᠎ᠠ ᠪᠠᠷᠢᠬᠤ ᠨᠢᠭᠡᠴᠢ ᠳᠤ ᠨᠠᠶᠢᠳᠠᠵᠤ ᠵᠢᠷᠤᠵᠤ ᠲᠥᠯᠥᠪᠯᠡᠬᠦ | ᠪᠠ ᠪᠠᠷᠢᠯᠭ᠎ᠠ ᠪᠠᠷᠢᠭᠤᠯᠬᠤ ᠬᠡᠷᠡᠭᠲᠡᠢ᠃ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠠᠷᠬᠠᠨ ᠪᠣᠯ ᠬᠥᠳᠡᠭᠡ ᠲᠣᠰᠬᠤᠨ ᠤ ᠭᠡᠷ | ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠭᠤᠣᠯ ᠬᠦᠴᠦᠨ ᠮᠥᠨ᠃ ︽ᠵᠢᠯᠤᠭᠤᠳᠬᠤ ᠰᠠᠨᠠᠯ︾ ᠳᠤ | ᠳᠤᠷᠠᠳᠤᠭᠰᠠᠨ ᠨᠢ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠤᠷᠠᠨ ᠳᠠᠷᠬᠠᠨ ᠤ ᠪᠤᠯᠪᠠᠰᠤᠷᠠᠯ ᠪᠠ | ᠬᠠᠮᠢᠶᠠᠷᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠤᠷᠠᠨ ᠳᠠᠷᠬᠠᠨ ᠤ | ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠂ | ᠡᠭᠦᠨ ᠤ ᠬᠠᠷᠠᠯᠲᠠ ᠪᠣᠯ ᠬᠥᠳᠡᠭᠡ ᠲᠣᠰᠬᠤᠨ ᠳᠤ ᠦᠨᠳᠦᠰᠦᠯᠡᠭᠰᠡᠨ᠂ ᠲᠠᠷᠢᠶᠠᠴᠢᠳ ᠲᠤ ᠦᠢᠯᠡᠴᠢᠯᠡᠭᠰᠡᠨ᠂ | ᠨᠡᠯᠢᠶᠡᠳ ᠥᠨᠳᠥᠷ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠲᠦᠪᠰᠢᠨ ᠲᠠᠢ ᠬᠥᠳᠡᠭᠡ ᠲᠣᠰᠬᠤᠨ ᠤ | ᠪᠦᠲᠦᠭᠡᠨ ᠪᠠᠶᠢᠭᠤᠯᠤᠯᠲᠠ ᠶᠢᠨ ᠤᠷᠠᠨ ᠳᠠᠷᠬᠠᠨ ᠤ ᠡᠩᠨᠡᠭᠡ ᠶᠢ ᠬᠦᠴᠦᠯᠡᠨ ᠪᠣᠶᠢᠵᠢᠭᠤᠯᠵᠤ᠂ ᠬᠥᠳᠡᠭᠡ ᠲᠣᠰᠬᠤᠨ ᠤ | ᠭᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠳᠤ ᠪᠠᠷᠢᠯᠭ᠎ᠠ ᠶᠢᠨ ᠠᠵᠢᠯ ᠤᠨ ᠪᠠᠲᠤᠯᠠᠭ᠎ᠠ ᠬᠠᠩᠭᠠᠬᠤ | ᠶᠠᠪᠤᠳᠠᠯ ᠪᠣᠯᠣᠨ᠎ᠠ᠃ | 5᠂ ᠬᠠᠮᠢᠶᠠᠷᠤᠯᠲᠠ ᠶᠢ ᠵᠢᠷᠤᠮᠵᠢᠭᠤᠯᠬᠤ ᠶᠢᠨ ᠵᠡᠷᠭᠡᠴᠡᠭᠡᠪᠡᠷ ᠬᠥᠳᠡᠭᠡ ᠲᠣᠰᠬᠤᠨ ᠤ ᠭᠡᠷ ᠪᠠᠶᠢᠰᠢᠩ | ᠪᠠᠷᠢᠬᠤ ᠳᠤ ᠬᠡᠷᠬᠢᠨ ᠳᠥᠭᠦᠮ ᠳᠥᠲᠡ ᠪᠥᠭᠡᠳ ᠪᠦᠲᠦᠮᠵᠢᠲᠡᠶ ᠮᠡᠷᠭᠡᠵᠢᠯ ᠤᠨ ᠵᠢᠯᠣᠭᠤᠳᠤᠯᠭ᠎ᠠ ᠪᠠ ᠦᠢᠯᠡᠴᠢᠯᠡᠭᠡ | ᠬᠠᠩᠭᠠᠬᠤ ᠪᠤᠢ︖ | ︽ᠵᠢᠯᠤᠭᠤᠳᠬᠤ ᠰᠠᠨᠠᠯ︾ ᠨᠢ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ | ᠬᠠᠮᠢᠶᠠᠷᠤᠯᠲᠠ ᠶᠢ ᠦᠢᠯᠡᠴᠢᠯᠡᠭᠡ ᠳᠤ ᠠᠬᠤᠭᠤᠯᠬᠤ ᠶᠢ ᠴᠢᠬᠤᠯᠠᠴᠢᠯᠠᠪᠠ᠃ ᠬᠠᠤᠯᠢ ᠶᠣᠰᠣᠭᠠᠷ ᠬᠢᠨᠠᠨ | ᠵᠥᠪᠰᠢᠶᠡᠷᠡᠬᠦ ᠶᠢᠨ ᠵᠡᠷᠭᠡ ᠳᠤ ᠪᠠᠰᠠ ᠠᠷᠠᠳ ᠲᠤ ᠳᠥᠭᠦᠮ ᠦᠵᠡᠭᠦᠯᠬᠦ ᠠᠷᠭ᠎ᠠ ᠬᠡᠮᠵᠢᠶ᠎ᠡ ᠨᠦᠭᠦᠳ ᠢ ᠲᠣᠳᠣᠷᠬᠠᠢ | ᠳᠤᠷᠠᠳᠤᠨ ᠭᠠᠷᠭᠠᠵᠠᠢ᠃ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠪᠠ ᠰᠢᠶᠠᠩ ᠪᠠᠯᠭᠠᠰᠤᠨ ᠤ ᠵᠠᠰᠠᠭ ᠤᠨ ᠣᠷᠳᠣᠨ ᠬᠥᠳᠡᠭᠡ ᠲᠣᠰᠬᠤᠨ ᠤ ᠣᠷᠣᠨ ᠰᠠᠭᠤᠴᠠ ᠶᠢᠨ | ᠪᠦᠲᠦᠭᠡᠨ ᠪᠠᠶᠢᠭᠤᠯᠤᠯᠲᠠ ᠶᠢᠨ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠵᠦ᠂ ︽ᠨᠢᠭᠡ ᠴᠤᠩᠬᠤᠪᠴᠢ︾ | ᠪᠠᠷ ᠬᠦᠯᠢᠶᠡᠨ ᠠᠪᠴᠤ ᠰᠢᠢᠳᠪᠦᠷᠢᠯᠡᠬᠦ ᠶᠢ ᠬᠡᠷᠡᠭᠵᠢᠭᠦᠯᠵᠦ᠂ ᠬᠠᠮᠲᠤᠷᠠᠨ ᠬᠢᠨᠠᠵᠤ ᠬᠠᠮᠲᠤᠷᠠᠨ ᠰᠢᠢᠳᠪᠦᠷᠢᠯᠡᠬᠦ | ᠳᠦᠷᠢᠮ ᠢ ᠪᠠᠶᠢᠭᠤᠯᠵᠤ᠂ ᠲᠠᠷᠢᠶᠠᠴᠢᠨ ᠲᠦᠮᠡᠨ ᠳᠤ ᠳᠥᠭᠦᠮ ᠳᠥᠲᠡ ᠥᠨᠳᠥᠷ ᠪᠦᠲᠦᠮᠵᠢᠲᠡᠶ ᠦᠢᠯᠡᠴᠢᠯᠡᠭᠡ | ᠬᠠᠩᠭᠠᠬᠤ ᠬᠡᠷᠡᠭᠲᠡᠢ ᠭᠡᠵᠦ ᠱᠠᠭᠠᠷᠳᠠᠵᠠᠢ᠃ | ︽ᠵᠢᠯᠤᠭᠤᠳᠬᠤ ᠰᠠᠨᠠᠯ︾ ᠳᠤ᠂ ᠲᠠᠷᠢᠶᠠᠴᠢᠳ ᠲᠤ ᠬᠥᠳᠡᠭᠡ ᠲᠣᠰᠬᠤᠨ ᠤ ᠭᠡᠷ ᠪᠠᠶᠢᠰᠢᠩ ᠤᠨ ᠵᠢᠷᠤᠭ | ᠲᠥᠯᠥᠪᠯᠡᠭᠡ ᠶᠢᠨ ᠦᠢᠯᠡᠴᠢᠯᠡᠭᠡ ᠪᠠ ᠪᠥᠬᠦ ᠶᠠᠪᠤᠴᠠ ᠶᠢᠨ ᠮᠡᠷᠭᠡᠵᠢᠯ ᠤᠨ ᠵᠢᠯᠣᠭᠤᠳᠤᠯᠭ᠎ᠠ ᠬᠠᠩᠭᠠᠵᠤ᠂ ᠲᠠᠷᠢᠶᠠᠴᠢᠨ | ᠲᠦᠮᠡᠨ ᠤ ᠵᠦᠢ ᠵᠣᠬᠢᠰᠲᠠᠢ ᠭᠡᠷ ᠪᠠᠶᠢᠰᠢᠩ ᠪᠠᠷᠢᠬᠤ ᠬᠡᠷᠡᠭᠴᠡᠭᠡ ᠶᠢ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃ | ᠣᠷᠣᠨ ᠨᠤᠲᠤᠭ ᠤᠨ ᠣᠨᠴᠠᠯᠢᠭ ᠲᠠᠢ ᠬᠥᠳᠡᠭᠡ ᠲᠣᠰᠬᠤᠨ ᠤ ᠭᠡᠷ ᠪᠠᠶᠢᠰᠢᠩ ᠤᠨ ᠪᠠᠷᠢᠮᠵᠢᠶ᠎ᠠ ᠶᠢᠨ ᠵᠢᠷᠤᠭ | ᠲᠥᠯᠥᠪᠯᠡᠭᠡ ᠶᠢᠨ ᠵᠢᠷᠤᠭ ᠤᠨ ᠡᠮᠬᠢᠳᠬᠡᠯ ᠢ ᠨᠠᠶᠢᠷᠠᠭᠤᠯᠤᠨ ᠵᠣᠬᠢᠶᠠᠵᠤ᠂ ᠲᠣᠰᠬᠤᠨ ᠤ ᠠᠷᠠᠳ ᠲᠤ ᠦᠨ᠎ᠡ | ᠲᠥᠯᠥᠪᠦᠷᠢ ᠦᠭᠡᠢ ᠪᠠᠷ ᠬᠠᠩᠭᠠᠨ᠎ᠠ᠃ ᠨᠥᠬᠦᠴᠡᠯ ᠲᠠᠢ ᠭᠠᠵᠠᠷ ᠣᠷᠣᠨ ᠨᠢ ᠵᠠᠰᠠᠭ ᠤᠨ ᠣᠷᠳᠣᠨ ᠠᠴᠠ | ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠥᠳᠡᠭᠡ ᠲᠣᠰᠬᠤᠨ ᠤ ᠭᠡᠷ | ᠪᠠᠶᠢᠰᠢᠩ ᠤᠨ ᠵᠢᠷᠤᠵᠤ ᠲᠥᠯᠥᠪᠯᠡᠬᠦ ᠦᠢᠯᠡᠴᠢᠯᠡᠭᠡ ᠬᠠᠩᠭᠠᠵᠤ᠂ ᠲᠤᠰᠬᠤᠨ ᠤ ᠠᠷᠠᠳ ᠤᠨ ᠥᠪᠡᠷᠮᠢᠴᠡ ᠭᠡᠷ | ᠪᠠᠶᠢᠰᠢᠩ ᠪᠠᠷᠢᠬᠤ ᠬᠡᠷᠡᠭᠴᠡᠭᠡ ᠶᠢ ᠬᠠᠩᠭᠠᠵᠤ ᠪᠣᠯᠣᠨ᠎ᠠ᠃ | ︽ᠵᠢᠯᠤᠭᠤᠳᠬᠤ ᠰᠠᠨᠠᠯ︾ ᠳᠤ ︽ᠴᠢᠳᠠᠮᠵᠢ ᠨᠢ ᠣᠳᠣ ᠦᠶ᠎ᠡ ᠶᠢᠨ᠂ ᠪᠦᠲᠦᠴᠡ ᠨᠢ ᠠᠮᠤᠷ ᠲᠦᠪᠰᠢᠨ᠂ | ᠥᠪᠡᠷ ᠤᠨ ᠥᠷᠲᠡᠭ ᠨᠢ ᠬᠢᠮᠳᠠ᠂ ᠪᠣᠬᠢᠷᠲᠤᠯ ᠦᠭᠡᠢ ᠣᠷᠴᠢᠨ ᠠᠬᠤᠢ ᠶᠢ ᠬᠠᠮᠠᠭᠠᠯᠠᠬᠤ᠂ ᠳᠦᠷᠰᠦ ᠪᠠᠶᠢᠳᠠᠯ ᠨᠢ | ᠵᠣᠬᠢᠴᠠᠩᠭᠤᠢ︾ ᠣᠳᠣ ᠦᠶ᠎ᠡ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠶᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ ᠭᠡᠵᠦ ᠳᠤᠷᠠᠳᠴᠠᠢ᠃ ᠲᠤᠬᠠᠢ ᠶᠢᠨ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠪᠦᠲᠦᠴᠡ᠂ ᠰᠢᠨ᠎ᠡ ᠮᠠᠲ᠋ᠧᠷᠢᠶᠠᠯ᠂ ᠰᠢᠨ᠎ᠡ ᠤᠷᠠᠯᠠᠯ ᠪᠠ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠢ ᠥᠷᠭᠡᠨ ᠢᠶᠠᠷ ᠬᠡᠷᠡᠭᠯᠡᠬᠦ ᠶᠢ | ᠠᠬᠢᠭᠤᠯᠵᠤ᠂ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠵᠢᠴᠢ ᠤᠰᠤ ᠴᠠᠬᠢᠯᠭᠠᠨ ᠬᠡᠢ ᠵᠠᠮ ᠮᠡᠳᠡᠭᠡ ᠵᠠᠩᠭᠢ | ᠵᠡᠷᠭᠡ ᠢᠵᠢ ᠪᠦᠷᠢᠳᠦᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠬᠥᠳᠡᠭᠡ | ᠲᠣᠰᠬᠤᠨ ᠤ ᠭᠡᠷ ᠪᠠᠶᠢᠰᠢᠩ ᠤᠨ ᠬᠡᠷᠡᠭᠯᠡᠬᠦ ᠴᠢᠳᠠᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠲᠣᠰᠬᠤᠨ ᠤ | ᠠᠷᠠᠳ ᠤᠨ ᠣᠲᠣ ᠦᠶ᠎ᠡ ᠶᠢᠨ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠬᠠᠩᠭᠠᠨ᠎ᠠ᠃ | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |