ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶ᠎ᠠ ︽ᠳᠡᠯᠡᠬᠡᠢ ᠶᠢᠨ  ᠪᠥᠮᠪᠥᠷᠴᠡᠭ ᠤᠨ ᠡᠳᠦᠷ︾ ᠤᠨ ᠬᠠᠤᠯᠢ ᠲᠦᠭᠡᠮᠡᠯᠵᠢᠭᠦᠯᠬᠦ ᠰᠢᠷᠢᠰ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/24
      ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ︽ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠲᠠᠢ ᠵᠣᠬᠢᠴᠠᠬᠤ᠂ ᠪᠠᠶᠢᠭᠠᠯᠢ ᠶᠢ ᠬᠠᠮᠠᠭᠠᠯᠠᠬᠤ︾ ᠠᠮᠢ ᠠᠬᠤᠢ ᠶᠢᠨ ᠣᠶᠢᠯᠠᠭᠠᠭᠳᠠᠬᠤᠨ ᠢ ᠪᠤᠢ ᠪᠤᠯᠭᠠᠵᠤ᠂ ᠰᠤᠷᠤᠭᠴᠢᠳ ᠢ ᠲᠠᠶᠢᠴᠢᠯᠠᠨ ᠳᠡᠯᠡᠬᠡᠢ ᠶᠢᠨ ᠪᠥᠮᠪᠥᠷᠴᠡᠭ ᠢ ᠬᠠᠯᠠᠮᠵᠢᠯᠠᠨ ᠬᠠᠶᠢᠷᠠᠯᠠᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ ᠢᠳᠡᠪᠬᠢᠲᠡᠢ ᠪᠠᠷ ᠦᠢᠯᠡᠳᠦᠯᠭᠡᠵᠢᠭᠦᠯᠬᠦ ᠶᠢᠨ ᠲᠥᠯᠥᠭᠡ᠂ 4 ᠳ᠋ᠤᠭᠡᠷ ᠰᠠᠷ᠎ᠠ ᠶᠢᠨ 22 ᠤᠨ ᠡᠳᠦᠷ᠂ 55 ᠳ᠋ᠤᠭᠠᠷ ᠳᠡᠯᠡᠬᠡᠢ ᠶᠢᠨ ᠪᠥᠮᠪᠥᠷᠴᠡᠭ ᠤᠨ ᠡᠳᠦᠷ᠂ 61 ᠳ᠋ᠤᠭᠡᠷ ︽ᠳᠡᠯᠡᠬᠡᠢ ᠶᠢᠨ ᠬᠠᠤᠯᠢ ᠴᠠᠭᠠᠵᠠ ᠶᠢᠨ ᠡᠳᠦᠷ︾ ᠬᠦᠷᠴᠦ ᠢᠷᠡᠬᠦ ᠲᠠᠰᠢᠷᠠᠮ ᠳᠤ᠂ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶ᠎ᠠ ᠺᠠᠳ᠋ᠷ ᠴᠠᠭᠳᠠᠭ᠎ᠠ ᠶᠢ ᠵᠣᠬᠢᠶᠠᠨ ᠪᠠᠶᠢᠭᠤᠯᠤᠨ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ᠣᠴᠢᠭᠤᠯᠵᠤ᠂ ᠡᠬᠢ ᠪᠠᠶᠠᠯᠢᠭ ᠬᠢᠭᠡᠳ ᠣᠷᠴᠢᠨ ᠠᠬᠤᠢ ᠶᠢᠨ ᠢᠨᠵᠧᠨᠧᠷᠢᠩ ᠤᠨ ᠳᠡᠭᠡᠳᠦ ᠰᠤᠷᠭᠠᠭᠤᠯᠢ ᠲᠠᠢ ᠬᠠᠮᠲᠤ ᠪᠠᠷ ︽ᠬᠠᠤᠯᠢ ᠪᠠᠷ ᠵᠠᠰᠠᠬᠤ ᠬᠦᠴᠦᠨ ᠢᠶᠠᠷ ᠬᠥᠬᠡᠮᠳᠦᠭ ᠨᠣᠭᠤᠭᠠᠨ ᠠᠭᠤᠯᠠ ᠤᠰᠤ ᠪᠠᠨ ᠬᠠᠮᠠᠭᠠᠯᠠᠵᠤ᠂ ᠡᠷᠡᠰ ᠵᠣᠷᠢᠭ ᠢᠶᠠᠷ ︿ᠤᠯᠤᠰ ᠤᠨ ᠲᠣᠮᠣ ᠶᠠᠪᠤᠳᠠᠯ﹀ ᠢ ᠡᠭᠦᠷᠭᠡᠯᠡᠬᠦ︾ ᠪᠠᠷ ᠭᠤᠣᠯ ᠰᠡᠳᠦᠪ ᠪᠣᠯᠭᠠᠭᠰᠠᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
     ᠬᠠᠤᠯᠢ ᠪᠠᠷ ᠵᠠᠰᠠᠬᠤ ᠬᠦᠴᠦᠨ   ᠢᠶᠠᠷ  ᠬᠦᠬᠡ ᠠᠭᠤᠯᠠ ᠬᠥᠬᠡᠮᠳᠦᠭ ᠤᠰᠤ ᠶᠢ ᠬᠠᠮᠠᠭᠠᠯᠠᠵᠤ ᠡᠷᠡᠰ ᠵᠣᠷᠢᠭ  ᠢᠶᠠᠷ ︽ᠤᠯᠤᠰ ᠤᠨ ᠲᠣᠮᠣ ᠶᠠᠪᠤᠳᠠᠯ︾ ᠢ ᠡᠭᠦᠷᠭᠡᠯᠡᠬᠦ ᠬᠡᠷᠡᠭᠲᠡᠢ      ᠠᠵᠢᠯᠯᠠᠭ᠎ᠠ ᠶᠢᠨ ᠳᠤᠮᠳᠠ᠂ ᠺᠠᠳ᠋ᠷ ᠴᠠᠭᠳᠠᠭ᠎ᠠ ᠰᠤᠷᠤᠭᠴᠢᠳ ᠲᠤ ᠤᠬᠠᠭᠤᠯᠭ᠎ᠠ ᠶᠢᠨ ᠰᠠᠮᠪᠠᠷ᠎ᠠ ᠶᠢ ᠲᠠᠶᠢᠯᠪᠤᠷᠢᠯᠠᠬᠤ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠭᠠᠷ ᠤᠭᠤᠲᠠ ᠬᠦᠷᠭᠡᠬᠦ᠂ ᠲᠤᠬᠠᠢ ᠶᠢᠨ ᠲᠠᠯᠠᠪᠤᠷ ᠲᠤ ᠠᠰᠠᠭᠤᠨ ᠯᠠᠪᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠤᠷᠤᠭᠴᠢᠳ ᠲᠤ ︽4.22 ᠳᠡᠯᠡᠬᠡᠢ ᠶᠢᠨ ᠪᠥᠮᠪᠥᠷᠴᠡᠭ ᠤᠨ ᠡᠳᠦᠷ︾ ᠤᠨ ᠬᠤᠯᠪᠣᠭᠳᠠᠯ ᠪᠦᠬᠦᠢ ᠠᠭᠤᠯᠭ᠎ᠠ ᠶᠢ ᠲᠠᠨᠢᠯᠴᠠᠭᠤᠯᠵᠤ᠂ ᠣᠷᠴᠢᠨ ᠠᠬᠤᠢ ᠡᠬᠢ ᠪᠠᠶᠠᠯᠢᠭ ᠤᠨ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠲᠠᠶᠢᠯᠪᠤᠷᠢᠯᠠᠨ ᠥᠭᠴᠦ᠂ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠶᠢ ᠰᠤᠷᠴᠤ᠂ ᠬᠠᠤᠯᠢ ᠶᠢ ᠣᠶᠢᠯᠠᠭᠠᠵᠤ᠂ ᠬᠠᠤᠯᠢ ᠶᠢ ᠰᠠᠬᠢᠬᠤ ᠶᠢᠨ ᠵᠡᠷᠭᠡ ᠳᠤ ︽ᠪᠠᠶᠢᠭᠠᠯᠢ ᠶᠢ ᠬᠦᠨᠳᠦᠳᠬᠡᠵᠦ᠂ ᠪᠠᠶᠢᠭᠠᠯᠢ ᠶᠢ ᠳᠠᠭᠠᠵᠤ᠂ ᠪᠠᠶᠢᠭᠠᠯᠢ ᠶᠢ ᠬᠠᠮᠠᠭᠠᠯᠠᠬᠤ︾ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ   ᠢ ᠪᠤᠶ ᠪᠣᠯᠭᠠᠨ᠎ᠠ᠃      ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠰᠢᠷᠢᠰ ᠬᠢᠴᠢᠶᠡᠯ ᠤᠨ ᠬᠠᠶᠢᠷ᠎ᠠ ᠬᠠᠯᠠᠮᠵᠢ ︱ ᠡᠵᠢ ᠭᠤᠣᠯ ᠢ ᠬᠠᠮᠠᠭᠠᠯᠠᠨ᠎ᠠ      ᠺᠠᠳ᠋ᠷ ᠴᠠᠭᠳᠠᠭ᠎ᠠ ᠨᠠᠷ ᠬᠥᠬᠡᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ 200 ᠭᠠᠷᠤᠢ ᠪᠠᠭᠰᠢ ᠰᠤᠷᠤᠭᠴᠢᠳ ᠲᠤ ᠬᠠᠤᠯᠢ ᠪᠠᠷ ᠵᠠᠰᠠᠬᠤ ᠬᠢᠴᠢᠶᠡᠯ ᠵᠢᠭᠠᠵᠤ᠂ ︽ᠭᠤᠣᠯ ᠮᠥᠷᠡᠨ ᠨᠠᠭᠤᠷ ᠴᠥᠭᠦᠷᠥᠮ ᠢ ᠬᠠᠯᠠᠮᠵᠢᠯᠠᠨ ᠬᠠᠶᠢᠷᠠᠯᠠᠬᠤ ︱ ᠡᠵᠢ ᠭᠤᠣᠯ ᠢ ᠬᠠᠮᠠᠭᠠᠯᠠᠶ᠎ᠠ︾ ᠪᠠᠷ ᠭᠤᠣᠯ ᠰᠡᠳᠦᠪ ᠪᠣᠯᠭᠠᠵᠤ᠂ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠲᠤᠰᠬᠠᠢ ᠮᠡᠷᠭᠡᠵᠢᠯ ᠤᠨ ᠮᠡᠳᠡᠯᠭᠡ ᠪᠠᠨ ᠭᠦᠢᠴᠡᠳ ᠪᠠᠳᠠᠷᠠᠭᠤᠯᠵᠤ᠂ ︽ᠬᠠᠲᠤᠨ ᠭᠤᠣᠯ ᠤᠨ ᠬᠠᠮᠠᠭᠠᠯᠠᠯᠲᠠ ᠶᠢᠨ ᠬᠠᠤᠯᠢ︾ ᠶᠢ ᠲᠣᠭᠲᠠᠭᠠᠭᠰᠠᠨ ᠠᠬᠤᠢ ᠪᠠᠶᠢᠳᠠᠯ᠂ ᠴᠢᠬᠤᠯᠠ ᠠᠴᠢ ᠬᠤᠯᠪᠣᠭᠳᠠᠯ᠂ ᠠᠭᠤᠯᠭ᠎ᠠ ᠶᠢᠨ ᠲᠤᠬᠠᠢ ᠨᠠᠷᠢᠨ ᠲᠠᠶᠢᠯᠤᠮᠵᠢ ᠬᠢᠵᠦ᠂ ᠲᠥᠬᠦᠮ ᠣᠶᠢᠯᠠᠭᠠᠮᠵᠢᠲᠠᠢ ᠦᠭᠡ ᠬᠡᠯᠡ ᠪᠠᠷ ᠳᠠᠮᠵᠢᠭᠤᠯᠤᠨ᠂ ᠰᠤᠷᠤᠭᠴᠢᠳ ᠲᠤ ᠡᠬᠢ ᠪᠠᠶᠠᠯᠢᠭ ᠢ ᠠᠷᠪᠢᠯᠠᠨ᠂ ᠠᠮᠢᠲᠠᠨ ᠤᠷᠭᠤᠮᠠᠯ ᠢ ᠬᠠᠶᠢᠷᠠᠯᠠᠨ ᠬᠠᠮᠠᠭᠠᠯᠠᠵᠤ᠂ ᠡᠬᠡ ᠭᠤᠣᠯ ᠢᠶᠠᠨ ᠬᠠᠮᠲᠤ ᠪᠠᠷ ᠰᠠᠶᠢᠲᠤᠷ  ᠬᠠᠮᠠᠭᠠᠯᠠᠨ᠎ᠠ᠃
     ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠰᠢᠷᠢᠰ ᠬᠢᠴᠢᠶᠡᠯ ᠤᠨ ᠵᠠᠰᠠᠯᠲᠠ ᠶᠢᠨ ︽ᠨᠠᠭᠤᠷ︾ ᠢ ᠰᠠᠶᠢᠳᠦᠷ ᠵᠠᠰᠠᠨ᠎ᠠ᠃      ᠺᠠᠳ᠋ᠷ ᠴᠠᠭᠳᠠᠭ᠎ᠠ ᠨᠠᠷ ᠡᠬᠢ ᠪᠠᠶᠠᠯᠢᠭ ᠪᠠ ᠣᠷᠴᠢᠨ ᠠᠬᠤᠢ ᠶᠢᠨ ᠢᠨᠵᠧᠨᠧᠷᠢᠩ ᠤᠨ ᠳᠡᠭᠡᠳᠦ ᠰᠤᠷᠭᠠᠭᠤᠯᠢ ᠶᠢᠨ 200 ᠭᠠᠷᠤᠢ ᠪᠠᠭᠰᠢ ᠰᠤᠷᠤᠭᠴᠢᠳ ᠲᠤ ᠬᠠᠤᠯᠢ ᠪᠠᠷ ᠵᠠᠰᠠᠬᠤ ᠬᠢᠴᠢᠶᠡᠯ ᠵᠢᠭᠠᠵᠤ᠂ ᠭᠤᠣᠯ ᠮᠥᠷᠡᠨ ᠨᠠᠭᠤᠷ ᠴᠥᠭᠦᠷᠥᠮ ᠢ ᠲᠦᠷᠢᠮᠡᠬᠡᠶᠢᠯᠡᠨ ᠡᠵᠡᠯᠡᠵᠦ ᠡᠪᠳᠡᠨ ᠰᠦᠢᠳᠬᠡᠬᠦ᠂ ᠤᠮᠠᠷᠠᠲᠤ ᠬᠢᠯᠢ ᠶᠢᠨ ᠲᠣᠯᠢ ᠥᠨᠳᠦᠷᠯᠢᠭ ᠤᠨ ᠨᠠᠭᠤᠷ ᠴᠥᠭᠦᠷᠥᠮ᠂ ᠵᠠᠰᠠᠯᠲᠠ ᠳᠤᠮᠳᠠᠬᠢ ᠨᠢᠭᠡ ᠨᠠᠭᠤᠷ ᠬᠤᠶᠠᠷ ᠲᠠᠩᠭᠢᠰ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠵᠡᠷᠭᠡ ᠠᠭᠤᠯᠭ᠎ᠠ ᠪᠠᠷ ᠳᠡᠮᠵᠢᠨ᠂ ᠬᠠᠤᠯᠢ ᠴᠠᠭᠠᠵᠠ ᠶᠢᠨ ᠬᠡᠷᠡᠭ ᠤᠨ ᠵᠢᠱᠢᠶ᠎ᠡ ᠶᠢ ᠰᠤᠷᠤᠭᠴᠢᠳ ᠤᠨ ᠪᠣᠳᠠᠲᠤ ᠠᠮᠢᠳᠤᠷᠠᠯ ᠲᠠᠢ ᠤᠶᠠᠯᠳᠤᠭᠤᠯᠵᠤ᠂ ︽︿ᠬᠠᠤᠯᠢ ᠪᠠᠷ ᠠᠮᠢ ᠠᠬᠤᠢ ᠶᠢ ᠬᠠᠮᠠᠭᠠᠯᠠᠵᠤ ᠨᠣᠭᠤᠭᠠᠷᠠᠭᠤᠯᠬᠤ﹀ ᠠᠭᠤᠯᠠ ᠤᠰᠤ ᠨᠠᠭᠤᠷ ᠲᠠᠷᠢᠶ᠎ᠠ ᠤᠢ ᠰᠢᠭᠤᠢ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠰᠢᠷᠢᠰ ᠬᠢᠴᠢᠶᠡᠯ ᠤᠨ ᠵᠠᠰᠠᠯᠲᠠ ᠶᠢᠨ ︿ᠨᠠᠭᠤᠷ﹀ ᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠶᠠᠷᠢᠵᠤ᠂ ᠰᠤᠷᠤᠭᠴᠢᠳ ᠲᠤ ᠪᠠᠶᠠᠷ ᠪᠠᠶᠠᠰᠬᠤᠯᠠᠩ ᠲᠠᠢ ᠬᠢᠴᠢᠶᠡᠯ ᠤᠨ ᠲᠠᠩᠬᠢᠮ ᠤᠨ ᠠᠭᠤᠷ ᠠᠮᠢᠰᠬᠤᠯ ᠤᠨ ᠳᠤᠮᠳᠠ ᠠᠴᠠ ︽ᠨᠠᠭᠤᠷ︾ ᠢ ᠵᠠᠰᠠᠬᠤ ᠲᠠᠢ ᠬᠤᠯᠪᠣᠭᠳᠠᠬᠤ ᠠᠮᠢ ᠠᠬᠤᠢ ᠶᠢᠨ ᠣᠷᠴᠢᠨ ᠲᠣᠭᠤᠷᠢᠨ ᠤ ᠬᠠᠤᠯᠢ ᠴᠠᠭᠠᠵᠠ ᠶᠢᠨ ᠮᠡᠳᠡᠯᠭᠡ ᠶᠢ ᠣᠶᠢᠯᠠᠭᠠᠭᠤᠯᠵᠤ᠂ ᠣᠷᠴᠢᠨ ᠲᠣᠭᠤᠷᠢᠨ ᠢ ᠬᠠᠮᠠᠭᠠᠯᠠᠬᠤ ᠳᠤ ᠤᠯᠠᠨ ᠢ ᠲᠦᠰᠢᠭᠯᠡᠵᠦ᠂ ᠳᠡᠷᠭᠡᠳᠡ ᠠᠴᠠ ᠪᠠᠨ ᠡᠬᠢᠯᠡᠨ ᠬᠢᠵᠦ᠂ ᠪᠠᠭ᠎ᠠ ᠶᠠᠪᠤᠳᠠᠯ ᠠᠴᠠ ᠡᠬᠢᠯᠡᠨ ᠬᠢᠨ᠎ᠡ᠃      ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠳᠤ ᠬᠤᠯᠪᠣᠭᠳᠠᠬᠤ ᠦᠨᠳᠦᠰᠦᠨ ᠶᠡᠭᠡ ᠪᠣᠳᠣᠯᠭ᠎ᠠ ᠮᠥᠨ᠂ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠪᠣᠯ ᠬᠠᠮᠤᠭ ᠤᠨ ᠲᠦᠭᠡᠮᠡᠯ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠮᠥᠨ᠃ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶ᠎ᠠ ᠣᠷᠴᠢᠨ ᠲᠣᠭᠤᠷᠢᠨ ᠤ ᠡᠬᠢ ᠪᠠᠶᠠᠯᠢᠭ ᠤᠨ ᠰᠢᠭᠦᠨ ᠲᠠᠰᠤᠯᠬᠤ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ︽ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠡᠬᠢ ᠪᠠᠶᠠᠯᠢᠭ ᠬᠢᠭᠡᠳ ᠣᠷᠴᠢᠨ ᠲᠣᠭᠤᠷᠢᠨ ᠤ ᠢᠨᠵᠧᠨᠧᠷᠢᠩ ᠤᠨ ᠳᠡᠭᠡᠳᠦ ᠰᠤᠷᠭᠠᠭᠤᠯᠢ ᠶᠢᠨ ᠣᠷᠴᠢᠨ ᠲᠣᠭᠤᠷᠢᠨ ᠤ ᠪᠣᠬᠢᠷᠲᠤᠯ ᠢ ᠡᠵᠡᠮᠳᠡᠬᠦ ᠬᠢᠭᠡᠳ ᠠᠮᠢ ᠠᠬᠤᠢ ᠶᠢ ᠰᠡᠷᠭᠦᠭᠡᠬᠦ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠰᠠᠭᠤᠷᠢᠨ ᠭᠠᠵᠠᠷ︾ ᠢ ᠰᠠᠶᠢᠲᠤᠷ ᠠᠰᠢᠭᠯᠠᠨ᠂ ᠬᠠᠤᠯᠢ ᠴᠠᠭᠠᠵᠠ ᠶᠢᠨ ᠦᠢᠯᠡᠴᠢᠯᠡᠭᠡ ᠶᠢ ᠰᠠᠨᠠᠭᠠᠴᠢᠯᠠᠭ᠎ᠠ ᠠᠴᠠ ᠪᠠᠨ ᠤᠷᠲᠤᠳᠬᠠᠵᠤ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠭᠤᠶᠣ ᠰᠠᠶᠢᠬᠠᠨ ᠠᠮᠢ ᠠᠬᠤᠢ ᠣᠷᠴᠢᠨ ᠲᠣᠭᠤᠷᠢᠨ ᠤ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠵᠤ᠂ ᠪᠣᠬᠢᠷᠲᠤᠯ ᠦᠭᠡᠢ ᠠᠮᠢ ᠠᠬᠤᠢ ᠶᠢᠨ ᠬᠠᠤᠯᠢ ᠪᠠᠷ ᠵᠠᠰᠠᠬᠤ ᠬᠠᠯᠬᠠᠪᠴᠢ ᠶᠢ ᠪᠠᠬᠢᠵᠢᠭᠦᠯᠦᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1