ᠲᠣᠭᠲᠠᠬᠤ ᠰᠢᠶᠠᠨ᠄ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠰᠢᠨ᠎ᠡ ᠡᠨᠧᠷᠭᠢ ᠶᠢᠨ ᠲᠡᠭᠡᠭᠡᠪᠦᠷᠢ ᠶᠢᠨ ᠰᠢᠰᠲ᠋ᠧᠮ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠰᠢᠨ᠎ᠡ ᠡᠨᠧᠷᠭᠢ ᠶᠢᠨ ᠣᠶᠤᠨᠴᠢ ᠪᠣᠬᠢᠷᠲᠤᠯ ᠦᠭᠡᠢ ᠲᠡᠭᠡᠭᠡᠪᠦᠷᠢ ᠶᠢᠨ ᠵᠢᠱᠢᠶ᠎ᠡ ᠦᠵᠡᠭᠦᠯᠬᠦ ᠵᠠᠮ ᠢ ᠪᠣᠶ ᠪᠣᠯᠭᠠᠨ᠎ᠠ
ᠨᠡᠶᠢᠲᠡᠯᠡᠭᠰᠡᠨ ᠴᠠᠭ᠄
2024/4/24
      ᠲᠣᠭᠲᠠᠬᠤ ᠰᠢᠶᠠᠨ ᠤ ᠣᠷᠣᠨ ᠪᠦᠰᠡ ᠶᠢᠨ ᠣᠨᠴᠠᠯᠢᠭ ᠲᠠᠢ ᠨᠡᠭᠦᠷᠡᠰᠦᠲᠥ᠋ᠷᠥᠭᠴᠢ ᠪᠠᠭ᠎ᠠ ᠪᠣᠬᠢᠷᠲᠤᠯ ᠦᠭᠡᠢ ᠰᠢᠨ᠎ᠡ ᠡᠨᠧᠷᠭᠢ ᠶᠢᠨ ᠲᠡᠭᠡᠭᠡᠪᠦᠷᠢ ᠶᠢᠨ ᠰᠢᠰᠲ᠋ᠧᠮ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠰᠢᠨ᠎ᠡ ᠡᠨᠧᠷᠭᠢ ᠶᠢᠨ ᠣᠶᠤᠨᠴᠢ ᠪᠣᠬᠢᠷᠲᠤᠯ ᠦᠭᠡᠢ ᠲᠡᠭᠡᠭᠡᠪᠦᠷᠢ ᠶᠢᠨ ᠵᠢᠱᠢᠶ᠎ᠡ ᠦᠵᠡᠭᠦᠯᠬᠦ ᠵᠠᠮ ᠢ ᠡᠭᠦᠳᠴᠦ᠂ ᠰᠢᠰᠲ᠋ᠧᠮᠵᠢᠭᠦᠯᠦᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ᠂ ᠥᠪᠡᠷ ᠤᠨ ᠦᠷᠳᠡᠭ ᠢ ᠪᠠᠭᠤᠷᠠᠭᠤᠯᠵᠤ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠲᠣᠭᠲᠠᠬᠤ ᠰᠢᠶᠠᠨ ᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠶᠢ ᠠᠬᠢᠭᠤᠯᠬᠤ ᠶᠢᠨ ᠲᠦᠯᠦᠭᠡ᠂ 4 ᠳ᠋ᠤᠭᠡᠷ ᠰᠠᠷ᠎ᠠ ᠶᠢᠨ 23 ᠤ ᠡᠳᠦᠷ᠂ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠥᠷ ᠮᠣᠩᠭᠤᠯ ᠤᠨ ᠳᠡᠭᠡᠳᠦ ᠬᠤᠷᠳᠤᠴᠠᠲᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠢᠵᠠᠭᠠᠷᠲᠤ ᠺᠣᠮᠫᠠᠨᠢ᠂ ᠵᠢᠶᠠᠩᠰᠤ ᠶᠢᠨ ᠶᠢᠨ ᠴᠤᠸᠠᠩ ᠬᠤᠪᠢᠴᠠᠭᠠᠳᠦ ᠪᠦᠯᠦᠭᠯᠡᠯ ᠤᠨ ᠬᠢᠵᠠᠭᠠᠷᠲᠤ ᠺᠣᠮᠫᠠᠨᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠷᠢᠴᠠᠭ᠎ᠠ ᠪᠠᠨ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠲᠣᠭᠲᠠᠬᠤ ᠰᠢᠶᠠᠨ ᠤ ᠰᠢᠨ᠎ᠡ ᠡᠨᠧᠷᠭᠢ ᠶᠢᠨ ᠣᠶᠤᠨᠴᠢ ᠪᠣᠬᠢᠷᠲᠤᠯ ᠦᠭᠡᠢ ᠲᠡᠭᠡᠭᠡᠪᠦᠷᠢ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠭᠤᠷᠪᠠᠨ ᠲᠠᠯ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃      ᠣᠶᠢᠯᠠᠭᠠᠭᠰᠠᠨ ᠢᠶᠠᠷ᠂ ᠲᠣᠭᠲᠠᠬᠤ ᠰᠢᠶᠠᠨ ᠤ ᠰᠢᠨ᠎ᠡ ᠡᠨᠧᠷᠭᠢ ᠶᠢᠨ ᠣᠶᠤᠨᠴᠢ ᠪᠣᠬᠢᠷᠲᠤᠯ ᠦᠭᠡᠢ ᠲᠡᠭᠡᠭᠡᠪᠦᠷᠢ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠨᠢ ᠳ᠋ᠡ ᠲᠠᠩ ᠤᠯᠠᠨ ᠤᠯᠤᠰ ᠤᠨ ᠲᠣᠭᠲᠠᠬᠤ ᠴᠠᠬᠢᠯᠭᠠᠨ ᠭᠠᠷᠭᠠᠬᠤ ᠦᠢᠯᠡᠳᠪᠦᠷᠢ ᠠᠴᠠ ᠵᠡᠭᠦᠨᠭᠠᠷ ᠬᠤᠰᠢᠭᠤ ᠬᠦᠷᠬᠦ ᠨᠡᠭᠦᠷᠡᠰᠦᠨ ᠤ ᠲᠡᠭᠡᠭᠡᠪᠦᠷᠢ ᠶᠢᠨ ᠲᠠᠯᠠᠪᠤᠷ ᠢᠶᠠᠷ ᠲᠦᠰᠢᠭ ᠪᠣᠯᠭᠠᠵᠤ᠂ ᠲᠣᠭᠲᠠᠬᠤ ᠰᠢᠶᠠᠨ ᠤ ᠰᠢᠨ᠎ᠡ ᠡᠨᠧᠷᠭᠢ ᠶᠢᠨ ᠣᠶᠤᠨᠴᠢ ᠪᠣᠬᠢᠷᠲᠤᠯ ᠦᠭᠡᠢ ᠲᠡᠭᠡᠭᠡᠪᠦᠷᠢ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠬᠠᠮᠲᠤᠪᠠᠷ ᠪᠤᠶ ᠪᠣᠯᠭᠠᠵᠤ᠂ ᠵᠢᠱᠢᠶ᠎ᠡ ᠦᠵᠡᠭᠦᠯᠬᠦ ᠨᠡᠪᠲᠡᠷᠡᠬᠦ ᠵᠠᠮ ᠢᠶᠠᠷ ᠠᠵᠠ ᠲᠣᠬᠢᠶᠠᠯ ᠪᠣᠯᠭᠠᠵᠤ᠂ ᠲᠤᠷᠰᠢᠨ ᠠᠵᠢᠯᠯᠠᠭᠤᠯᠬᠤ᠂ ᠲᠤᠭ᠎ᠠ ᠪᠠᠷᠢᠮᠲᠠ ᠶᠢ ᠵᠠᠳᠠᠯᠬᠤ᠂ ᠲᠥᠷᠥᠯ ᠵᠦᠢᠯ ᠤᠨ ᠰᠡᠭᠦᠯᠴᠢ ᠶᠢᠨ ᠦᠨᠡᠯᠡᠯᠲᠡ ᠬᠢᠬᠦ ᠵᠡᠷᠭᠡ ᠱᠠᠲᠤ ᠦᠶ᠎ᠡ ᠪᠠᠷ ᠳᠠᠮᠵᠢᠭᠤᠯᠤᠨ᠂ ᠰᠢᠨ᠎ᠡ ᠡᠨᠧᠷᠭᠢ ᠶᠢᠨ ᠰᠤᠷᠪᠤᠯᠵᠢ ᠶᠢᠨ ᠬᠦᠨᠳᠦ ᠺᠠᠷᠲ ᠵᠢᠴᠢ ᠴᠠᠬᠢᠯᠭᠠᠨ ᠥᠷᠲᠡᠭᠡ ᠰᠣᠯᠢᠬᠤ ︵ᠴᠡᠨᠡᠭᠯᠡᠬᠦ︶ ᠪᠣᠳᠠᠲᠠᠢ ᠬᠡᠮᠵᠢᠯᠲᠡ ᠶᠢᠨ ᠲᠤᠭ᠎ᠠ ᠪᠠᠷᠢᠮᠲᠠ ᠶᠢ ᠪᠣᠶ ᠪᠣᠯᠭᠠᠵᠤ᠂ ᠡᠴᠦᠰ ᠲᠡᠭᠡᠨ ᠲᠣᠭᠲᠠᠬᠤ ᠰᠢᠶᠠᠨ ᠤ ᠰᠢᠨ᠎ᠡ ᠡᠨᠧᠷᠭᠢ ᠶᠢᠨ ᠰᠤᠷᠪᠤᠯᠵᠢ ᠶᠢᠨ ᠪᠣᠬᠢᠷᠲᠤᠯ ᠦᠭᠡᠢ ᠲᠡᠭᠡᠭᠡᠪᠦᠷᠢ ᠶᠢᠨ ᠪᠥᠬᠦ ᠴᠠᠷᠠᠭᠠᠨ ᠤ ᠬᠥᠭᠵᠢᠯᠲᠡ ᠶᠢᠨ ᠲᠥᠯᠦᠪᠵᠢᠭᠦᠯᠭᠡ ᠶᠢ ᠪᠣᠶ ᠪᠣᠯᠭᠠᠵᠤ᠂ ᠲᠣᠭᠲᠠᠬᠤ ᠰᠢᠶᠠᠨ ᠤ ᠪᠥᠬᠦ ᠴᠠᠷᠠᠭᠠᠨ ᠤ ᠰᠢᠨ᠎ᠡ ᠡᠨᠧᠷᠭᠢ ᠶᠢᠨ ᠰᠤᠷᠪᠤᠯᠵᠢ ᠶᠢᠨ ᠪᠣᠬᠢᠷᠲᠤᠯ ᠦᠭᠡᠢ ᠲᠡᠭᠡᠭᠡᠪᠦᠷᠢ ᠶᠢᠨ ᠨᠡᠪᠲᠡᠷᠡᠬᠦ ᠵᠠᠮ ᠢ ᠪᠦᠲᠦᠭᠡᠨ ᠪᠠᠶᠢᠭᠤᠯᠪᠠ᠃ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠤ ᠨᠡᠶᠢᠴᠡᠬᠦ᠂ ᠵᠠᠬ᠎ᠠ ᠳᠡᠯᠭᠡᠭᠦᠷ ᠤᠨ ᠭᠤᠣᠯᠴᠢ ᠥᠷᠢᠰᠦᠯᠳᠦᠭᠡᠨ ᠢ ᠬᠠᠮᠠᠭᠠᠯᠠᠬᠤ ᠤᠷᠢᠲᠠᠯ ᠤᠨ ᠳᠣᠣᠷ᠎ᠠ᠂ ︽ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠬᠦ᠂ ᠬᠠᠷᠢᠯᠴᠠᠨ ᠠᠰᠢᠭ ᠣᠯᠭᠤᠵᠤ ᠬᠠᠷᠢᠯᠴᠠᠨ ᠬᠠᠷᠠᠭᠠᠯᠵᠠᠬᠤ︾ ᠵᠠᠷᠴᠢᠮ ᠤᠨ ᠶᠣᠰᠣᠭᠠᠷ᠂ ᠤᠷᠳᠤ ᠬᠤᠭᠤᠴᠠᠭᠠᠨ ᠤ ᠪᠦᠲᠦᠮᠵᠢᠲᠡᠶ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠤᠯᠠᠨ ᠲᠡᠰ ᠳᠠᠪᠬᠤᠷᠭ᠎ᠠ᠂ ᠤᠯᠠᠨ ᠬᠦᠷᠢᠶ᠎ᠡ ᠪᠠ ᠤᠯᠠᠨ ᠬᠡᠯᠪᠡᠷᠢ ᠶᠢᠨ ᠬᠠᠮᠲᠤᠷᠠᠯᠴᠠᠭ᠎ᠠ ᠶᠢ ᠥᠷᠨᠢᠭᠦᠯᠵᠦ᠂ ᠬᠠᠮᠲᠤ ᠶᠢᠨ ᠬᠥᠭᠵᠢᠯᠲᠡ ᠶᠢ  ᠪᠡᠶᠡᠯᠡᠭᠦᠯᠪᠡ᠃      ᠬᠤᠷᠠᠯ ᠳᠡᠭᠡᠷ᠎ᠡ᠂ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠪᠣᠯᠣᠨ ᠶᠢᠨ ᠴᠤᠸᠠᠩ ᠪᠦᠯᠦᠭᠯᠡᠯ ᠤᠨ ᠬᠤᠪᠢᠴᠠᠭᠠᠳᠦ ᠬᠢᠵᠠᠭᠠᠷᠲᠤ ᠺᠣᠮᠫᠠᠨᠢ ᠪᠠᠰᠠ  ᠲᠣᠭᠲᠠᠬᠤ ᠰᠢᠶᠠᠨ ᠤ ᠬᠤᠭᠤᠰᠤᠨ ᠨᠥᠭᠡᠴᠡᠯᠡᠬᠦ ᠰᠣᠯᠢᠬᠤ ᠲᠡᠭᠡᠭᠡᠪᠦᠷᠢᠯᠡᠬᠦ ᠶᠢ ᠨᠢᠭᠡ ᠴᠣᠭᠴᠠᠵᠢᠭᠤᠯᠤᠭᠰᠠᠨ ᠪᠣᠬᠢᠷᠲᠤᠯ ᠦᠭᠡᠢ ᠠᠮᠢ ᠠᠬᠤᠢ ᠶᠢᠨ ᠲᠦᠷᠦᠯ ᠵᠦᠢᠯ ᠤᠨ ᠲᠤᠬᠠᠢ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠂ ᠲᠦᠷᠦᠯ ᠵᠦᠢᠯ ᠳᠤ ᠪᠣᠬᠢᠷᠲᠤᠯ ᠦᠭᠡᠢ ᠲᠡᠭᠡᠭᠡᠪᠦᠷᠢ ︵ᠰᠢᠨ᠎ᠡ ᠡᠨᠧᠷᠭᠢ ᠶᠢᠨ ᠬᠦᠨᠳᠦ ᠺᠠᠷᠲ ᠤᠨ ᠲᠡᠭᠡᠭᠡᠪᠦᠷᠢ᠂ ᠴᠡᠨᠡᠭᠯᠡᠵᠦ ᠰᠣᠯᠢᠬᠤ ᠴᠠᠬᠢᠯᠭᠠᠨ ᠦᠷᠳᠡᠭᠡ︶᠂ ᠪᠣᠬᠢᠷᠲᠤᠯ ᠦᠭᠡᠢ ᠡᠨᠧᠷᠭᠢ ︵ᠭᠡᠷᠡᠯ ᠢᠶᠠᠷ ᠴᠠᠬᠢᠯᠭᠠᠨ ᠭᠠᠷᠭᠠᠬᠤ︶᠂ ᠳᠠᠩ ᠨᠡᠭᠦᠷᠡᠰᠦᠲᠥ᠋ᠷᠥᠭᠴᠢ ᠶᠢᠨ ᠠᠵᠤ ᠦᠢᠯᠡᠰ ᠤᠨ ᠬᠦᠷᠢᠶᠡᠯᠡᠩ᠂ ᠳᠠᠩ ᠨᠡᠭᠦᠷᠡᠰᠦᠲᠥ᠋ᠷᠥᠭᠴᠢ ᠶᠢᠨ ᠠᠭᠤᠷᠬᠠᠢ᠂ ᠨᠡᠭᠦᠷᠡᠰᠦᠲᠥ᠋ᠷᠥᠭᠴᠢ ᠶᠢᠨ ᠠᠷᠠᠯᠵᠢᠶ᠎ᠠ ᠵᠡᠷᠭᠡ ᠲᠠᠪᠤᠨ ᠲᠦᠷᠦᠯ ᠤᠨ ᠪᠡᠯᠡ ᠣᠷᠣᠭᠤᠯᠤᠯᠲᠠ ᠶᠢᠨ ᠲᠦᠷᠦᠯ ᠵᠦᠢᠯ ᠪᠠᠭᠲᠠᠨ᠎ᠠ᠃ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠶᠢ 220 ᠳ᠋ᠦᠩᠰᠢᠭᠤᠷ ᠲᠥᠭᠦᠷᠢᠭ ᠢᠶᠠᠷ ᠲᠥᠯᠥᠪᠯᠡᠵᠦ᠂ ᠲᠦᠷᠦᠯ ᠵᠦᠢᠯ ᠤᠨ ᠬᠡᠷᠡᠭᠵᠢᠭᠦᠯᠬᠦ ᠦᠶᠡᠯᠡᠯ ᠤᠨ ᠬᠤᠭᠤᠴᠠᠭ᠎ᠠ ᠨᠢ 2024 ᠣᠨ ᠠᠴᠠ 2030 ᠣᠨ ᠪᠣᠯᠣᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1