ᠲᠣᠭᠲᠠᠬᠤ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠴᠢ ᠤᠯᠤᠰ ᠲᠥᠷᠥ ᠶᠢᠨ | ᠵᠥᠪᠯᠡᠯᠭᠡᠨ ᠤ ᠪᠠᠶᠢᠭᠤᠯᠭ᠎ᠠ ᠶᠢᠨ ᠺᠠᠳ᠋ᠷᠴᠤᠳ ᠤᠨ ᠨᠣᠮ ᠤᠩᠰᠢᠵᠤ ᠰᠤᠷᠤᠯᠴᠠᠬᠤ ᠢᠳᠡᠪᠬᠢᠵᠢᠯ᠂ ᠦᠷ᠎ᠡ | ᠪᠦᠲᠦᠮᠵᠢᠲᠦ ᠴᠢᠨᠠᠷ ᠢ ᠲᠦᠯᠬᠢᠨ ᠠᠬᠢᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠴᠢ | ᠪᠠᠶᠢᠭᠤᠯᠭ᠎ᠠ ᠶᠢᠨ ᠺᠠᠳ᠋ᠷᠴᠤᠳ ᠤᠨ ᠰᠠᠶᠢᠨ ᠰᠠᠶᠢᠬᠠᠨ ᠰᠤᠷᠤᠯᠴᠠᠬᠤ ᠠᠭᠤᠷ ᠠᠮᠢᠰᠬᠤᠯ ᠢ ᠪᠣᠶ ᠪᠣᠯᠭᠠᠬᠤ ᠶᠢ | ᠲᠠᠶᠢᠴᠢᠯᠠᠬᠤ ᠶᠢᠨ ᠲᠦᠯᠦᠭᠡ᠂ 4 ᠳ᠋ᠤᠭᠡᠷ ᠰᠠᠷ᠎ᠠ ᠶᠢᠨ 23 ᠤ ᠡᠳᠦᠷ᠂ ᠲᠣᠭᠲᠠᠬᠤ ᠰᠢᠶᠠᠨ ᠤ ᠤᠯᠤᠰ ᠲᠥᠷᠥ ᠶᠢᠨ | ᠵᠥᠪᠯᠡᠯᠭᠡᠨ ᠰᠠᠶᠢᠨ ᠨᠣᠮ ᠢ ᠳᠡᠯᠡᠬᠡᠢ ᠶᠢᠨ ᠨᠤᠮ ᠤᠩᠰᠢᠯᠭ᠎ᠠ ᠶᠢᠨ ᠡᠳᠦᠷ ᠤᠨ ᠬᠠᠮᠲᠤ ᠪᠠᠷ ᠡᠳ᠋ᠯᠡᠬᠦ ᠬᠤᠷᠠᠯ ᠡᠷᠭᠢᠯᠡᠪᠡ | ᠃ | ᠬᠠᠮᠲᠤ ᠪᠠᠷ ᠡᠳ᠋ᠯᠡᠬᠦ ᠬᠤᠷᠠᠯ ᠳᠡᠭᠡᠷ᠎ᠡ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠵᠢᠴᠢ | ᠪᠠᠶᠢᠭᠤᠯᠤᠯᠭ᠎ᠠ ᠶᠢᠨ ᠺᠠᠳ᠋ᠷ ᠢᠳᠡᠪᠬᠢᠲᠡᠢ ᠪᠠᠷ ᠶᠠᠷᠢᠶ᠎ᠠ ᠲᠠᠯᠪᠢᠵᠤ᠂ ︽ᠡᠭᠡᠯ ᠵᠢᠷ ᠤᠨ ᠶᠢᠷᠲᠢᠨᠴᠦ︾᠂ ︽ᠲᠠᠨ ᠤ | ᠠᠭᠠᠵᠢᠮ ᠢᠶᠠᠷ ᠦᠰᠦᠨ ᠪᠣᠶᠢᠵᠢᠬᠤ ᠶᠢ ᠬᠦᠰᠡᠶ᠎ᠡ︾᠂ ︽ᠡᠭᠦᠷᠭᠡ ᠬᠠᠷᠢᠭᠤᠴᠠᠯᠭ᠎ᠠ︾ ᠵᠡᠷᠭᠡ ᠰᠣᠳᠣᠨ ᠨᠣᠮ ᠤᠨ | ᠭᠠᠷᠴᠠᠭ ᠢ ᠲᠠᠨᠢᠯᠴᠠᠭᠤᠯᠵᠤ᠂ ᠤᠩᠰᠢᠯᠭ᠎ᠠ ᠪᠠᠷ ᠳᠠᠮᠵᠢᠨ ᠰᠡᠳᠬᠢᠯ ᠵᠢᠷᠦᠬᠡ ᠶᠢ ᠰᠢᠩᠭᠡᠭᠡᠬᠦ᠂ ᠮᠡᠳᠡᠯᠭᠡ ᠶᠢ | ᠨᠡᠮᠡᠭᠳᠡᠭᠦᠯᠬᠦ᠂ ᠥᠪᠡᠷ ᠤᠨ ᠪᠣᠯᠪᠠᠰᠤᠷᠠᠯ ᠢᠶᠠᠨ ᠴᠢᠩᠭᠠᠳᠬᠠᠬᠤ᠂ ᠥᠪᠡᠷ ᠤᠨ ᠠᠵᠢᠯ ᠢᠶᠠᠨ ᠰᠠᠶᠢᠲᠤᠷ ᠬᠢᠭᠰᠡᠨ | ᠣᠯᠣᠯᠲᠠ ᠲᠥᠷᠥᠭᠳᠡᠯ ᠢᠶᠠᠨ ᠬᠤᠪᠢᠶᠠᠯᠴᠠᠵᠠᠢ᠃ ᠨᠣᠮ ᠤᠩᠰᠢᠬᠤ ᠠᠵᠢᠯᠯᠠᠭ᠎ᠠ ᠶᠢ ᠠᠵᠢᠯ ᠠᠮᠢᠳᠤᠷᠠᠯ ᠤᠨ ᠪᠦᠬᠦ | ᠶᠠᠪᠤᠴᠠ ᠳᠤ ᠠᠭᠤᠰᠬᠠᠨ ᠣᠷᠣᠭᠤᠯᠵᠤ᠂ ᠤᠯᠤᠰ ᠲᠥᠷᠥ ᠶᠢᠨ ᠬᠡᠪ ᠴᠢᠨᠠᠷ ᠪᠣᠯᠣᠨ ᠵᠠᠰᠠᠭ ᠤᠨ ᠶᠠᠪᠤᠳᠠᠯ ᠳᠤ | ᠣᠷᠣᠯᠴᠠᠨ ᠲᠥᠷᠥ ᠶᠢᠨ ᠬᠡᠷᠡᠭ ᠢ ᠵᠥᠪᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠭᠡᠵᠦ | ᠣᠯᠠᠨ ᠢᠶᠠᠷ ᠢᠶᠠᠨ ᠰᠠᠨᠠᠯ ᠨᠢᠭᠡᠲᠡᠢ ᠢᠯᠡᠷᠬᠡᠶᠢᠯᠡᠵᠡᠢ᠃ | ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠲᠣᠭᠲᠠᠬᠤ ᠰᠢᠶᠠᠨ ᠤ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠨ ᠵᠢᠴᠢ ᠺᠠᠳ᠋ᠷ ᠠᠵᠢᠯᠲᠠᠨ ᠤ ᠬᠤᠭᠤᠷᠣᠨᠳᠣᠬᠢ ᠰᠣᠶᠣᠯ ᠤᠨ ᠰᠣᠯᠢᠯᠴᠠᠭ᠎ᠠ ᠶᠢ ᠴᠢᠩᠭᠠᠳᠬᠠᠵᠤ | ᠂ ᠨᠣᠮ ᠤᠨ ᠦᠨᠦᠷ ᠬᠠᠩᠬᠤᠯᠤᠭᠰᠠᠨ ᠤᠩᠰᠢᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠪᠠ᠃ ᠰᠢᠶᠠᠨ ᠤ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠨ ᠵᠢᠴᠢ ᠺᠠᠳ᠋ᠷ ᠠᠵᠢᠯᠲᠠᠨ ᠠᠵᠢᠯᠴᠢᠨ ᠤ ᠰᠤᠷᠤᠯᠴᠠᠯᠭ᠎ᠠ ᠶᠢᠨ ᠰᠠᠨᠠᠭᠠᠴᠢᠯᠠᠭᠠᠲᠤ | ᠴᠢᠨᠠᠷ ᠤᠬᠠᠮᠰᠠᠷᠲᠤ ᠴᠢᠨᠠᠷ ᠢᠶᠠᠨ ᠴᠢᠩᠭᠠᠳᠬᠠᠬᠤ ᠶᠢ ᠤᠯᠠᠮ ᠴᠢᠨᠠᠭᠰᠢᠳᠠ ᠵᠣᠷᠢᠭᠵᠢᠭᠤᠯᠵᠤ᠂ ᠢᠯᠡᠭᠦᠬᠡᠨ ᠨᠣᠮ | ᠤᠩᠰᠢᠵᠤ᠂ ᠰᠠᠶᠢᠨ ᠨᠣᠮ ᠤᠩᠰᠢᠵᠤ᠂ ᠴᠢᠳᠠᠮᠠᠭᠠᠢ ᠪᠠᠷ ᠨᠣᠮ ᠤᠩᠰᠢᠵᠤ᠂ ᠪᠦᠬᠦ ᠰᠢᠶᠠᠨ ᠤ ᠠᠵᠤ ᠠᠬᠤᠢ | ᠨᠡᠶᠢᠭᠡᠮ ᠤᠨ ᠬᠥᠭᠵᠢᠯᠲᠡ ᠳᠤ ᠨᠡᠩ ᠰᠠᠶᠢᠨ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠰᠢᠨ᠎ᠡ | ᠴᠠᠭ ᠦᠶ᠎ᠡ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠪᠣᠯᠣᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ | |