ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠳᠥᠷᠪᠡᠨ ᠵᠦᠢᠯ ᠤᠨ ᠠᠵᠢᠯ ᠲᠥᠷᠥᠯ ᠤᠨ ᠪᠠᠷᠢᠮᠵᠢᠶ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2024/4/24
      ᠣᠶᠢᠷ᠎ᠠ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ︽ᠵᠢᠵᠢᠭ ᠬᠡᠯᠪᠡᠷᠢ ᠶᠢᠨ ᠪᠠᠷᠢᠯᠭ᠎ᠠ ᠶᠢᠨ ᠬᠥᠰᠢᠭᠡ ᠬᠡᠷᠡᠮ ᠤᠨ ᠪᠦᠳᠦᠴᠡ︾ ︽ᠪᠤᠷᠳᠤᠭᠤᠷ ᠰᠢᠢᠳᠪᠦᠷᠢᠯᠡᠬᠦ ᠦᠢᠯᠡᠳᠪᠦᠷᠢ ᠶᠢᠨ ᠮᠡᠷᠭᠡᠵᠢᠯ ᠤᠨ ᠪᠠᠷᠢᠮᠵᠢᠶ᠎ᠠ︾ ︽ᠪᠤᠷᠳᠤᠭᠤᠷ ᠰᠢᠢᠳᠪᠦᠷᠢᠯᠡᠬᠦ ᠦᠢᠯᠡᠳᠪᠦᠷᠢ ᠶᠢᠨ ᠠᠵᠢᠯᠯᠠᠭᠠᠨ ᠤ ᠬᠠᠮᠠᠭᠠᠯᠠᠯᠲᠠ ᠵᠢᠴᠢ ᠠᠮᠤᠷ ᠲᠦᠪᠰᠢᠨ ᠤ ᠮᠡᠷᠭᠡᠵᠢᠯ ᠤᠨ ᠪᠠᠷᠢᠮᠵᠢᠶ᠎ᠠ︾ ︽ᠪᠠᠷᠢᠯᠭ᠎ᠠ ᠶᠢᠨ ᠲᠤᠬᠠᠢ ᠶᠢᠨ ᠲᠠᠯᠠᠪᠤᠷ ᠤᠨ ᠪᠠᠷᠢᠯᠭ᠎ᠠ ᠶᠢᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ ᠮᠡᠷᠭᠡᠵᠢᠯ ᠤᠨ ᠪᠠᠷᠢᠮᠵᠢᠶ᠎ᠠ︾ ᠵᠡᠷᠭᠡ ᠳᠥᠷᠪᠡᠨ ᠵᠦᠢᠯ ᠤᠨ ᠠᠵᠢᠯ ᠲᠥᠷᠥᠯ ᠤᠨ ᠪᠠᠷᠢᠮᠵᠢᠶ᠎ᠠ ᠶᠢ ᠨᠡᠶᠢᠲᠡᠯᠡᠪᠡ᠃ ᠪᠠᠷᠢᠮᠵᠢᠶ᠎ᠠ ᠶᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠫᠤᠷᠲ᠋ᠧᠯ ᠰᠦᠯᠵᠢᠶ᠎ᠡ ︵www.mohurd.gov.cn︶ ᠳᠤ ᠢᠯᠡ ᠪᠠᠷ ᠨᠡᠶᠢᠲᠡᠯᠡᠬᠦ ᠶᠢᠨ ᠬᠠᠮᠲᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠪᠠᠷᠢᠮᠵᠢᠶ᠎ᠠ ᠨᠣᠷᠮ᠎ᠠ ᠶᠢᠨ ᠰᠤᠳᠤᠯᠭᠠᠨ ᠤ ᠭᠠᠵᠠᠷ ᠠᠴᠠ ᠳᠤᠮᠳᠠᠳᠤ ᠤᠯᠤᠰ ᠤᠨ ᠪᠠᠷᠢᠯᠭ᠎ᠠ ᠶᠢᠨ ᠬᠡᠪᠯᠡᠯ ᠤᠨ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ ᠶᠢ ᠵᠣᠬᠢᠶᠠᠨ ᠪᠠᠶᠢᠭᠤᠯᠵᠤ ᠬᠡᠪᠯᠡᠭᠦᠯᠦᠨ ᠲᠠᠷᠬᠠᠭᠠᠨ᠎ᠠ᠃      ᠪᠠᠷᠢᠮᠵᠢᠶ᠎ᠠ ᠶᠢᠨ ᠨᠠᠷᠢᠨ ᠪᠠᠶᠢᠳᠠᠯ ᠨᠢ ᠲᠤᠤᠷᠠᠬᠢ ᠮᠡᠳᠦ᠄      ︽ᠵᠢᠵᠢᠭ ᠬᠡᠯᠪᠡᠷᠢ ᠶᠢᠨ ᠪᠠᠷᠢᠯᠭ᠎ᠠ ᠶᠢᠨ ᠬᠥᠰᠢᠭᠡ ᠬᠡᠷᠡᠮ ᠤᠨ ᠪᠦᠳᠦᠴᠡ︾      ᠣᠲᠣ ︽ᠵᠢᠵᠢᠭ ᠬᠡᠯᠪᠡᠷᠢ ᠶᠢᠨ ᠪᠠᠷᠢᠯᠭ᠎ᠠ ᠶᠢᠨ ᠬᠥᠰᠢᠭᠡ ᠬᠡᠷᠡᠮ ᠤᠨ ᠪᠦᠳᠦᠴᠡ︾ ᠪᠠᠷ ᠪᠠᠷᠢᠯᠭ᠎ᠠ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠦᠢᠯᠡᠳᠬᠦᠨ ᠤ ᠪᠠᠷᠢᠮᠵᠢᠶ᠎ᠠ ᠪᠣᠯᠭᠠᠬᠤ ᠶᠢ ᠵᠥᠪᠰᠢᠶᠡᠷᠡᠵᠦ᠂ ᠳ᠋ᠤᠭᠠᠷᠯᠠᠯ ᠨᠢ JG/T216-2024 ᠪᠠᠶᠢᠵᠤ᠂ 2024 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠤᠤᠯ ᠤᠨ  ᠵᠢᠵᠢᠭ ᠬᠡᠯᠪᠡᠷᠢ ᠶᠢᠨ ᠪᠠᠷᠢᠯᠭ᠎ᠠ ᠶᠢᠨ ᠬᠥᠰᠢᠭᠡ ᠬᠡᠷᠡᠮ︾ ︵JG/T216-2007︶ ᠢ ᠬᠠᠮᠲᠤ ᠳᠤᠨᠢ ᠬᠦᠴᠦᠨ ᠦᠭᠡᠢ ᠪᠣᠯᠭᠠᠨ᠎ᠠ᠃      ︽ᠪᠤᠷᠳᠤᠭᠤᠷ ᠰᠢᠢᠳᠪᠦᠷᠢᠯᠡᠬᠦ ᠦᠢᠯᠡᠳᠪᠦᠷᠢ ᠶᠢᠨ ᠮᠡᠷᠭᠡᠵᠢᠯ ᠤᠨ ᠪᠠᠷᠢᠮᠵᠢᠶ᠎ᠠ︾      ᠡᠳᠦᠭᠡ ︽ᠪᠤᠷᠳᠤᠭᠤᠷ ᠰᠢᠢᠳᠪᠦᠷᠢᠯᠡᠬᠦ ᠦᠢᠯᠡᠳᠪᠦᠷᠢ ᠶᠢᠨ ᠮᠡᠷᠭᠡᠵᠢᠯ ᠤᠨ ᠪᠠᠷᠢᠮᠵᠢᠶ᠎ᠠ︾ ᠪᠠᠷ ᠠᠵᠢᠯ ᠲᠥᠷᠥᠯ ᠤᠨ ᠪᠠᠷᠢᠮᠵᠢᠶ᠎ᠠ ᠪᠣᠯᠭᠠᠬᠤ ᠶᠢ ᠵᠥᠪᠰᠢᠶᠡᠷᠡᠵᠦ᠂ ᠳ᠋ᠤᠭᠠᠷᠯᠠᠯ ᠨᠢ CJJ/T64-2024᠂ 2024 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠤᠤᠯ ᠠᠵᠢᠯ ᠲᠦᠷᠦᠯ ᠤᠨ ᠪᠠᠷᠢᠮᠵᠢᠶ᠎ᠠ ︽ᠪᠤᠷᠳᠤᠭᠤᠷ ᠰᠢᠢᠳᠪᠦᠷᠢᠯᠡᠬᠦ ᠦᠢᠯᠡᠳᠪᠦᠷᠢ ᠶᠢᠨ ᠵᠢᠷᠤᠭ ᠲᠥᠯᠥᠪᠯᠡᠭᠡᠨ ᠤ ᠳᠦᠷᠢᠮᠵᠢᠯ︾ ︵CJJ64-2009︶ ᠢ ᠬᠠᠮᠲᠤ ᠳᠤᠨᠢ ᠬᠦᠴᠦᠨ ᠦᠭᠡᠢ ᠪᠣᠯᠭᠠᠨ᠎ᠠ᠃      ︽ᠪᠤᠷᠳᠤᠭᠤᠷ ᠰᠢᠢᠳᠪᠦᠷᠢᠯᠡᠬᠦ ᠦᠢᠯᠡᠳᠪᠦᠷᠢ ᠶᠢᠨ ᠠᠵᠢᠯᠯᠠᠭᠠᠨ ᠤ ᠬᠠᠮᠠᠭᠠᠯᠠᠯᠲᠠ ᠵᠢᠴᠢ ᠠᠮᠤᠷ ᠲᠦᠪᠰᠢᠨ ᠤ ᠮᠡᠷᠭᠡᠵᠢᠯ ᠤᠨ ᠪᠠᠷᠢᠮᠵᠢᠶ᠎ᠠ︾      ᠡᠳᠦᠭᠡ ︽ᠪᠤᠷᠳᠤᠭᠤᠷ ᠰᠢᠢᠳᠪᠦᠷᠢᠯᠡᠬᠦ ᠦᠢᠯᠡᠳᠪᠦᠷᠢ ᠶᠢᠨ ᠠᠵᠢᠯᠯᠠᠭᠠᠨ ᠤ ᠬᠠᠮᠠᠭᠠᠯᠠᠯᠲᠠ ᠵᠢᠴᠢ ᠠᠮᠤᠷ ᠲᠦᠪᠰᠢᠨ ᠤ ᠮᠡᠷᠭᠡᠵᠢᠯ ᠤᠨ ᠪᠠᠷᠢᠮᠵᠢᠶ᠎ᠠ︾ ᠪᠠᠷ ᠠᠵᠢᠯ ᠲᠥᠷᠥᠯ ᠤᠨ ᠪᠠᠷᠢᠮᠵᠢᠶ᠎ᠠ ᠪᠣᠯᠭᠠᠬᠤ ᠶᠢ ᠵᠥᠪᠰᠢᠶᠡᠷᠡᠵᠦ᠂ ᠳ᠋ᠤᠭᠠᠷᠯᠠᠯ ᠨᠢ  CJJ/T30-2024᠂ 2024 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠤᠤᠯ ᠤᠨ ᠠᠵᠢᠯ ᠲᠦᠷᠦᠯ ᠤᠨ ᠪᠠᠷᠢᠮᠵᠢᠶ᠎ᠠ ︽ᠪᠤᠷᠳᠤᠭᠤᠷ ᠰᠢᠢᠳᠪᠦᠷᠢᠯᠡᠬᠦ ᠦᠢᠯᠡᠳᠪᠦᠷᠢ ᠶᠢᠨ ᠠᠵᠢᠯᠯᠠᠭᠠᠨ ᠤ ᠬᠠᠮᠠᠭᠠᠯᠠᠯᠲᠠ ᠵᠢᠴᠢ‌ᠠᠮᠤᠷ ᠲᠦᠪᠰᠢᠨ ᠤ ᠮᠡᠷᠭᠡᠵᠢᠯ ᠤᠨ ᠳᠦᠷᠢᠮ︾ ︵CJJ30-2009︶ ᠢ ᠬᠠᠮᠲᠤ ᠳᠤᠨᠢ ᠬᠦᠴᠦᠨ ᠦᠭᠡᠢ ᠪᠣᠯᠭᠠᠨ᠎ᠠ᠃      ︽ᠪᠠᠷᠢᠯᠭ᠎ᠠ ᠶᠢᠨ ᠲᠤᠬᠠᠢ ᠶᠢᠨ ᠲᠠᠯᠠᠪᠤᠷ ᠤᠨ ᠪᠠᠷᠢᠯᠭ᠎ᠠ ᠶᠢᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ ᠮᠡᠷᠭᠡᠵᠢᠯ ᠤᠨ ᠪᠠᠷᠢᠮᠵᠢᠶ᠎ᠠ︾      ᠡᠳᠦᠭᠡ ︽ᠪᠠᠷᠢᠯᠭ᠎ᠠ ᠶᠢᠨ ᠲᠤᠬᠠᠢ ᠶᠢᠨ ᠲᠠᠯᠠᠪᠤᠷ ᠤᠨ ᠪᠠᠷᠢᠯᠭ᠎ᠠ ᠶᠢᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ ᠮᠡᠷᠭᠡᠵᠢᠯ ᠤᠨ ᠪᠠᠷᠢᠮᠵᠢᠶ᠎ᠠ︾ ᠪᠠᠷ ᠠᠵᠢᠯ ᠲᠥᠷᠥᠯ ᠤᠨ ᠪᠠᠷᠢᠮᠵᠢᠶ᠎ᠠ ᠪᠣᠯᠭᠠᠬᠤ ᠶᠢ ᠵᠥᠪᠰᠢᠶᠡᠷᠡᠵᠦ᠂ ᠳ᠋ᠤᠭᠠᠷᠯᠠᠯ ᠨᠢ JGJ/T498-2024 ᠪᠠᠶᠢᠵᠤ᠂ 2024 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1