ᠪᠥᠬᠦ ᠣᠷᠣᠨ ᠤ 146 ᠲᠦᠮᠡ ᠭᠠᠷᠤᠢ ᠢᠵᠢ ᠪᠦᠷᠢᠳᠦᠭᠰᠡᠨ ᠲᠠᠷᠢᠶᠠᠯᠠᠩ ᠤᠨ ᠮᠠᠰᠢᠨ ᠲᠥᠬᠦᠭᠡᠷᠦᠮᠵᠢ ᠬᠠᠪᠤᠷ ᠤᠨ ᠲᠠᠷᠢᠶᠠᠯᠠᠭ᠎ᠠ ᠳᠤ ᠬᠦᠴᠦᠨ ᠨᠡᠮᠡᠷᠢᠯᠡᠵᠦ ᠪᠣᠢ
ᠨᠡᠶᠢᠲᠡᠯᠡᠭᠰᠡᠨ ᠴᠠᠭ᠄
2024/4/25
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ᠂ 4 ᠰᠠᠷ᠎ᠠ ᠶᠢᠨ ᠰᠡᠭᠦᠯᠴᠢ ᠪᠠᠷ ᠮᠠᠨ ᠤ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠠᠵᠢᠯ ᠠᠭᠠᠵᠢᠮ ᠢᠶᠠᠷ ᠣᠷᠭᠢᠯ ᠤᠨ ᠱᠠᠲᠤᠨ ᠳᠤ ᠣᠷᠣᠬᠤ ᠪᠣᠯᠣᠨ᠎ᠠ᠂ ᠣᠳᠣᠬᠠᠨ ᠳᠤ ᠪᠥᠬᠦ ᠣᠷᠣᠨ ᠢᠶᠠᠷ ᠢᠶᠠᠨ 107 ᠲᠦᠮᠡ ᠭᠠᠷᠤᠢ ᠲᠷᠠᠺᠲ᠋ᠣᠷ ᠪᠣᠯᠣᠨ 146 ᠲᠦᠮᠡ ᠭᠠᠷᠤᠢ ᠢᠵᠢ ᠪᠦᠷᠢᠳᠦᠭᠰᠡᠨ ᠲᠠᠷᠢᠶᠠᠯᠠᠩ ᠤᠨ ᠮᠠᠰᠢᠨ ᠲᠥᠬᠦᠭᠡᠷᠦᠮᠵᠢ ᠶᠢ ᠪᠡᠯᠡᠬᠡᠨ ᠪᠣᠯᠭᠠᠭᠰᠠᠨ ᠪᠤᠶᠤ ᠠᠵᠢᠯᠯᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠬᠡᠷᠡᠭᠴᠡᠭᠡ ᠶᠢ ᠬᠠᠩᠭᠠᠵᠤ ᠪᠠᠶᠢᠨ᠎ᠠ᠃      ᠡᠨᠡ ᠵᠢᠯ ᠮᠠᠨ ᠤ ᠣᠷᠣᠨ ᠤ ᠲᠠᠷᠢᠶ᠎ᠠ ᠲᠥᠮᠥᠰᠥ ᠲᠠᠷᠢᠬᠤ ᠰᠠᠨᠠᠮᠵᠢ ᠶᠢᠨ ᠲᠠᠯᠠᠪᠠᠢ 1.3 ᠳ᠋ᠦᠩᠰᠢᠭᠤᠷ ᠮᠦ ᠶᠢ ᠳᠠᠪᠠᠵᠤ᠂ ᠡᠭᠦᠨ ᠳᠤ ᠠᠮᠤ ᠪᠤᠳᠠᠭᠠᠨ ᠤ ᠲᠠᠷᠢᠮᠠᠯ ᠲᠠᠷᠢᠬᠤ ᠰᠠᠨᠠᠮᠵᠢ ᠶᠢᠨ ᠲᠠᠯᠠᠪᠠᠢ 1.1 ᠳ᠋ᠦᠩᠰᠢᠭᠤᠷ ᠮᠦ ᠶᠢ ᠳᠠᠪᠠᠨ᠂ ᠲᠣᠰᠣᠯᠢᠭ ᠲᠠᠷᠢᠮᠠᠯ ᠲᠠᠷᠢᠬᠤ ᠰᠠᠨᠠᠮᠵᠢ ᠶᠢᠨ ᠲᠠᠯᠠᠪᠠᠢ 1000 ᠲᠦᠮᠡᠨ ᠮᠦ ᠶᠢ ᠳᠠᠪᠠᠵᠤ᠂ ᠴᠥᠮ ᠨᠢᠳᠤᠨᠤᠨ ᠤ ᠬᠢ ᠠᠴᠠ ᠡᠳᠦᠢ ᠲᠡᠳᠦᠢ ᠨᠡᠮᠡᠭᠳᠡᠵᠡᠢ᠃ ᠲᠠᠷᠢᠶᠠᠯᠠᠩ ᠤᠨ ᠪᠠᠶᠢᠳᠠᠯ ᠤᠨ ᠲᠣᠬᠢᠷᠠᠭᠤᠯᠤᠯᠲᠠ ᠶᠢᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠣᠳᠣᠬᠠᠨ ᠪᠣᠯᠲᠠᠯ᠎ᠠ ᠮᠠᠨ ᠤ ᠣᠷᠣᠨ ᠨᠢᠭᠡᠨᠲᠡ 145.2 ᠲᠦᠮᠡᠨ ᠮᠦ ᠠᠮᠤ ᠪᠤᠳᠠᠭᠠᠨ ᠤ ᠲᠠᠷᠢᠮᠠᠯ ᠲᠠᠷᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠦᠨᠳᠦᠰᠦᠨ ᠳᠡᠭᠡᠨ ᠠᠳᠠᠯᠢ ᠪᠠᠶᠢᠨ᠎ᠠ᠃ ᠡᠭᠦᠨ ᠳᠤ 107.4 ᠲᠦᠮᠡᠨ ᠮᠦ ᠪᠤᠭᠤᠳᠠᠢ᠂ 17 ᠲᠦᠮᠡᠨ ᠮᠦ ᠡᠷᠳᠡᠨᠢ ᠰᠢᠰᠢ᠂ 12.8 ᠲᠦᠮᠡᠨ ᠮᠦ ᠲᠥᠮᠥᠰᠥ ᠲᠠᠷᠢᠭᠠᠳ ᠪᠣᠢ᠃ ᠪᠥᠬᠦ ᠣᠷᠣᠨ ᠤ ᠬᠥᠷᠥᠰᠥ ᠰᠢᠷᠣᠢ ᠶᠢᠨ ᠴᠢᠭᠢᠭ ᠤᠨ ᠪᠠᠶᠢᠳᠠᠯ ᠤᠨ ᠬᠢᠨᠠᠨ ᠬᠡᠮᠵᠢᠯᠲᠡ ᠶᠢᠨ ᠦᠷ᠎ᠡ ᠳ᠋ᠦᠩ ᠠᠴᠠ ᠦᠵᠡᠪᠡᠯ᠂ ᠨᠢᠭᠡᠳᠦᠭᠡᠷ ᠲᠥᠷᠥᠯ᠂ ᠬᠤᠶᠠᠳᠤᠭᠠᠷ ᠲᠥᠷᠥᠯ ᠪᠠ ᠭᠤᠷᠪᠠᠳᠤᠭᠠᠷ ᠲᠥᠷᠥᠯ ᠤᠨ ᠴᠢᠭᠢᠭ ᠪᠠᠷᠢᠭᠰᠠᠨ ᠲᠠᠯᠠᠪᠠᠢ ᠨᠢ ᠲᠣᠰ ᠲᠣᠰ ᠪᠥᠬᠦ ᠲᠠᠯᠠᠪᠠᠢ ᠶᠢᠨ 22.3%᠂ 21.9% ᠪᠠ 55.8% ᠶᠢ ᠡᠵᠡᠯᠡᠵᠦ᠂ ᠡᠭᠦᠨ ᠳᠤ ᠲᠠᠷᠢᠶᠠᠯᠠᠬᠤ ᠣᠷᠣᠨ ᠤ ᠴᠢᠭᠢᠭ ᠪᠠᠷᠢᠭᠰᠠᠨ ᠪᠠᠶᠢᠳᠠᠯ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠣᠶᠢᠷᠠᠳᠴᠤ᠂ ᠥᠩᠭᠡᠷᠡᠭᠰᠡᠨ ᠵᠢᠯ ᠤᠳ ᠤᠨ ᠠᠳᠠᠯᠢ ᠬᠤᠭᠤᠴᠠᠭᠠᠨ ᠤ ᠬᠢ ᠠᠴᠠ ᠰᠠᠶᠢᠨ ᠪᠠᠶᠢᠵᠤ᠂ ᠶᠡᠷᠦᠩᠬᠡᠢ ᠳᠡᠭᠡᠨ ᠬᠠᠪᠤᠷ ᠤᠨ ᠲᠠᠷᠢᠶᠠᠯᠠᠭ᠎ᠠ ᠳᠤ ᠠᠰᠢᠭᠲᠠᠢ ᠪᠠᠶᠢᠨ᠎ᠠ᠃      ᠡᠨᠡ ᠵᠢᠯ ᠮᠠᠨ ᠤ ᠣᠷᠣᠨ ᠠᠮᠤ ᠪᠤᠳᠠᠭ᠎ᠠ ᠪᠠ ᠲᠣᠰᠣᠯᠢᠭ ᠲᠠᠷᠢᠮᠠᠯ ᠵᠡᠷᠭᠡ ᠭᠤᠣᠯ ᠪᠣᠯᠬᠤ ᠲᠠᠷᠢᠮᠠᠯ ᠤᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠬᠤ᠂ ᠮᠡᠷᠭᠡᠵᠢᠯ ᠢ ᠬᠤᠷᠠᠮᠳᠤᠭᠤᠯᠬᠤ᠂ ᠪᠣᠬᠢᠷᠲᠤᠯ ᠦᠭᠡᠢ ᠪᠠᠷ ᠲᠠᠷᠢᠶᠠᠯᠠᠵᠤ ᠦᠷ᠎ᠡ ᠠᠰᠢᠭ ᠢ ᠨᠡᠮᠡᠭᠳᠡᠭᠦᠯᠬᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠣᠨᠴᠠᠯᠢᠭᠲᠤ ᠲᠠᠷᠢᠮᠠᠯ ᠲᠠᠷᠢᠬᠤ᠂ ᠥᠨᠳᠥᠷ ᠤᠨᠠᠯᠲᠠ ᠶᠢ ᠡᠭᠦᠳᠬᠦ ᠵᠡᠷᠭᠡ 6 ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ 600 ᠲᠦᠮᠡᠨ ᠮᠦ ᠶᠢᠨ ᠵᠢᠱᠢᠶ᠎ᠡ ᠦᠵᠡᠭᠦᠯᠬᠦ ᠣᠷᠣᠨ ᠢ ᠪᠥᠬᠦ ᠬᠦᠴᠦᠨ ᠢᠶᠠᠷ ᠢᠶᠠᠨ ᠰᠠᠶᠢᠲᠤᠷ ᠪᠦᠲᠦᠭᠡᠨ ᠪᠠᠶᠢᠭᠤᠯᠵᠤ᠂ ᠨᠢᠭᠡᠨᠲᠡ ᠬᠤᠷᠠᠮᠳᠤᠭᠤᠯᠤᠭᠰᠠᠨ 27 ᠵᠦᠢᠯ ᠤᠨ ᠮᠦ ᠨᠢᠭᠡᠴᠢ ᠶᠢᠨ ᠤᠨᠠᠯᠲᠠ ᠢ ᠳᠡᠭᠡᠭᠰᠢᠯᠡᠭᠦᠯᠬᠦ ᠮᠡᠷᠭᠡᠵᠢᠯ ᠤᠨ ᠵᠠᠭᠪᠤᠷ ᠢ ᠪᠣᠳᠠᠲᠤ ᠭᠠᠷᠤᠯᠲᠠ ᠪᠣᠯᠭᠠᠨ ᠬᠤᠪᠢᠷᠠᠭᠤᠯᠵᠤ᠂ ᠮᠦ ᠨᠢᠭᠡᠴᠢ ᠶᠢᠨ ᠤᠨᠠᠯᠲᠠ ᠶᠢ ᠶᠡᠭᠡ ᠪᠠᠷ ᠳᠡᠭᠡᠭᠰᠢᠯᠡᠭᠦᠯᠬᠦ ᠶᠢ ᠳᠠᠶᠢᠴᠢᠯᠠᠬᠤ ᠪᠣᠯᠣᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1