ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠡ ᠶᠢ | ᠦᠨᠳᠦᠰᠦᠯᠡᠪᠡᠯ᠂ 4 ᠳ᠋ᠦ᠋ᠭᠡᠷ ᠰᠠᠷ᠎ᠠ ᠶᠢᠨ ᠡᠬᠢᠨ ᠢᠶᠠᠷ ᠲᠦᠷᠭᠡᠨ ᠤ ᠵᠠᠰᠠᠮᠠᠯ ᠵᠠᠮ ᠤᠨ ᠬᠤᠷᠳᠤᠴᠠ ᠶᠢ ᠬᠢᠵᠠᠭᠠᠷᠯᠠᠬᠤ | ᠲᠣᠬᠢᠷᠠᠭᠤᠯᠤᠯᠲᠠ ᠶᠢ ᠪᠥᠬᠦ ᠲᠠᠯ᠎ᠠ ᠪᠠᠷ ᠡᠬᠢᠯᠡᠭᠦᠯᠦᠭᠰᠡᠨ ᠠᠴᠠ ᠨᠠᠭᠠᠰᠢ᠂ ᠮᠠᠨ ᠤ ᠣᠷᠣᠨ ᠨᠢᠭᠡᠨᠲᠡ 6 ᠪᠦᠯᠦᠭ | 22 ᠬᠡᠰᠡᠭ 3200 ᠭᠠᠷᠤᠢ ᠺᠢᠯᠤᠮᠧᠲᠷ ᠤᠨ ᠲᠦᠷᠭᠡᠨ ᠤ ᠵᠠᠰᠠᠮᠠᠯ ᠵᠠᠮ ᠤᠨ ᠬᠤᠷᠳᠤᠴᠠ ᠶᠢ ᠬᠢᠵᠠᠭᠠᠷᠯᠠᠬᠤ | ᠲᠣᠬᠢᠷᠠᠭᠤᠯᠤᠯᠲᠠ ᠶᠢᠨ ᠠᠯᠪᠠᠨ ᠵᠠᠷ ᠨᠡᠶᠢᠲᠡᠯᠡᠵᠦ᠂ ᠵᠢᠱᠢᠯᠲᠡ ᠪᠠᠷ ︽5 · 1︾ ᠠᠴᠠ ᠡᠮᠦᠨ᠎ᠡ ᠮᠠᠨ ᠤ ᠣᠷᠣᠨ ᠤ | 120 ᠺᠢᠯᠤᠮᠧᠲᠷ / ᠴᠠᠭ ᠤᠨ ᠬᠤᠷᠳᠤᠴᠠ ᠶᠢᠨ ᠬᠢᠵᠠᠭᠠᠷ ᠲᠠᠢ ᠠᠵᠢᠯᠯᠠᠭᠤᠯᠤᠨ ᠬᠠᠮᠢᠶᠠᠷᠴᠤ ᠪᠠᠶᠢᠭ᠎ᠠ ᠲᠦᠷᠭᠡᠨ ᠤ | ᠵᠠᠰᠠᠮᠠᠯ ᠵᠠᠮ 4600 ᠺᠢᠯᠤᠮᠧᠲᠷ ᠢ ᠳᠠᠪᠠᠵᠤ᠂ ᠪᠥᠬᠦ ᠣᠷᠣᠨ ᠤ ᠲᠦᠷᠭᠡᠨ ᠤ ᠵᠠᠰᠠᠮᠠᠯ ᠵᠠᠮ ᠤᠨ ᠲᠡᠷᠭᠡ | ᠨᠡᠪᠲᠡᠷᠡᠭᠰᠡᠨ ᠵᠠᠮ ᠤᠨ 58% ᠶᠢ ᠡᠵᠡᠯᠡᠬᠦ ᠪᠣᠯᠣᠨ᠎ᠠ᠃ | ︽ᠲᠦᠷᠭᠡᠨ ᠤ ᠵᠠᠰᠠᠮᠠᠯ ᠵᠠᠮ ᠤᠨ ᠬᠤᠷᠳᠤᠴᠠ ᠶᠢ ᠳᠡᠭᠡᠭᠰᠢᠯᠡᠭᠦᠯᠬᠦ ᠨᠢ ᠬᠤᠷᠳᠤᠴᠠ ᠶᠢ ᠬᠢᠵᠠᠭᠠᠷᠯᠠᠬᠤ | ᠲᠡᠮᠳᠡᠭ ᠢ ᠲᠣᠬᠢᠷᠠᠭᠤᠯᠬᠤ ᠶᠠᠪᠤᠳᠠᠯ ᠲᠡᠳᠦᠢ ᠪᠢᠰᠢ᠂ ᠬᠠᠷᠢᠨ ᠮᠡᠷᠭᠡᠵᠢᠯ ᠤᠨ ᠦᠨᠡᠯᠡᠯᠲᠡ ᠬᠢᠬᠦ᠂ ᠳᠤᠲᠠᠭᠳᠠᠯ ᠢ | ᠰᠢᠢᠳᠪᠦᠷᠢᠯᠡᠬᠦ᠂ ᠪᠡᠯᠡᠳᠬᠡᠮᠵᠢ ᠶᠢ ᠲᠡᠭᠦᠯᠳᠡᠷᠵᠢᠭᠦᠯᠬᠦ᠂ ᠲᠤᠬᠠᠢ ᠶᠢᠨ ᠭᠠᠵᠠᠷ ᠲᠤ ᠨᠤᠲᠠᠯᠠᠬᠤ᠂ ᠨᠡᠶᠢᠲᠡ ᠳᠤ ᠵᠠᠷᠯᠠᠨ | ᠠᠵᠢᠯᠯᠠᠭᠤᠯᠬᠤ ᠬᠡᠷᠡᠭᠲᠡᠢ᠃︾ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠣ ᠱᠢ ᠴᠢᠨ | ᠲᠠᠨᠢᠯᠴᠠᠭᠤᠯᠤᠭᠰᠠᠨ ᠨᠢ᠂ 6 ᠪᠦᠯᠦᠭ ᠬᠤᠷᠳᠤᠴᠠ ᠶᠢ ᠳᠡᠭᠡᠭᠰᠢᠯᠡᠭᠦᠯᠦᠭᠰᠡᠨ ᠵᠠᠮ ᠤᠨ ᠬᠡᠰᠡᠭ ᠲᠤ᠂ ᠨᠡᠶᠢᠲᠡ 2.3 | ᠲᠦᠮᠡᠨ ᠭᠤᠣᠯ ᠫᠷᠠᠮᠧᠲᠷ ᠢ ᠬᠠᠷᠭᠤᠭᠤᠯᠵᠤ᠂ ᠠᠳᠡᠯ ᠤᠨ ᠪᠦᠷᠢᠳᠬᠡᠯ ᠤᠨ ᠮᠠᠲ᠋ᠧᠷᠢᠶᠠᠯ ᠪᠠ ᠵᠠᠮ ᠬᠠᠷᠢᠯᠴᠠᠭᠠᠨ ᠤ | ᠤᠷᠤᠰᠬᠠᠯ ᠤᠨ ᠳ᠋ᠠᠶᠢᠲ᠋ᠠ ᠶᠢ 2000 ᠭᠠᠷᠤᠢ ᠵᠤᠷᠪᠤᠰ ᠬᠠᠷᠭᠤᠭᠤᠯᠵᠤ᠂ ᠵᠠᠮ ᠤᠨ ᠠᠩᠭᠠᠷᠬᠠᠢ ᠶᠢ 317 ᠲᠦᠮᠡᠨ | ᠰᠤᠨᠤᠮᠠᠯ ᠮᠧᠲᠷ ᠪᠥᠭᠯᠡᠵᠦ᠂ ᠴᠥᠮᠥᠷᠡᠭᠰᠡᠨ ᠬᠤᠲᠦ᠋ᠢᠭ᠌ᠰᠠᠨ ᠬᠡᠰᠡᠭ ᠢ 1.5 ᠲᠦᠮᠡᠨ ᠺᠦᠸᠠᠲ ᠮᠧᠲᠷ ᠵᠠᠰᠠᠵᠤ᠂ | ᠬᠥᠭᠦᠷᠭᠡᠨ ᠤ ᠦᠵᠦᠭᠦᠷ ᠤᠨ ᠲᠡᠷᠭᠡ ᠬᠠᠷᠠᠶᠢᠬᠤ ᠬᠡᠰᠡᠭ ᠢ 39 ᠰᠢᠢᠳᠪᠦᠷᠢᠯᠡᠵᠦ᠂ ᠵᠠᠮ ᠬᠠᠷᠢᠯᠴᠠᠭᠠᠨ ᠤ ᠠᠮᠤᠷ | ᠲᠦᠪᠰᠢᠨ ᠤ ᠪᠡᠯᠡᠳᠬᠡᠮᠵᠢ ᠶᠢ 3250 ᠲᠡᠭᠦᠯᠳᠡᠷᠵᠢᠭᠦᠯᠵᠦ᠂ 3067 ᠲᠡᠮᠳᠡᠭ ᠢ ᠰᠢᠨ᠎ᠡ ᠪᠠᠷ ᠨᠡᠮᠡᠭᠰᠡᠨ ᠪᠤᠶᠤ | ᠵᠠᠰᠠᠨ ᠰᠣᠯᠢᠵᠤ᠂ 1.07 ᠲᠦᠮᠡᠨ ᠺᠦᠸᠠᠲ ᠮᠧᠲᠷ ᠱᠤᠭᠤᠮ ᠵᠢᠷᠤᠵᠠᠢ᠃ ︽ᠳᠠᠷᠠᠭ᠎ᠠ ᠪᠠᠷ ᠪᠢᠳᠡ ᠠᠮᠤᠷ | ᠲᠦᠪᠰᠢᠨ ᠤ ᠲᠠᠯ᠎ᠠ ᠠᠴᠠ ᠲᠤᠬᠠᠢ ᠶᠢᠨ ᠲᠠᠯᠠᠪᠤᠷ ᠤᠨ ᠬᠢᠨᠠᠨ ᠪᠠᠶᠢᠴᠠᠭᠠᠯᠲᠠ ᠪᠠ ᠰᠡᠭᠦᠯᠴᠢ ᠶᠢᠨ ᠦᠨᠡᠯᠡᠨ | ᠵᠢᠱᠢᠯᠲᠡ ᠶᠢ ᠭᠤᠣᠯᠳᠠᠯᠭ᠎ᠠ ᠲᠠᠢ ᠥᠷᠨᠢᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠷᠭᠡᠶᠢᠯᠡᠨ | ᠬᠠᠮᠠᠭᠠᠯᠠᠬᠤ ᠪᠡᠯᠡᠳᠬᠡᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠨᠢᠭᠡ ᠨᠢ ᠪᠣᠯᠪᠠᠰᠤᠷᠠᠩᠭᠤᠢ ᠪᠣᠯᠪᠠᠯ | ᠲᠡᠭᠦᠨ ᠢᠶᠠᠨ ᠵᠠᠷᠯᠠᠨ ᠬᠡᠷᠡᠭᠵᠢᠭᠦᠯᠵᠦ ᠠᠮᠤᠷ ᠲᠦᠪᠰᠢᠨ ᠪᠠᠶᠢᠯᠭᠠᠬᠤ ᠶᠢ ᠦᠨᠡᠨ ᠬᠦ ᠪᠠᠲᠤᠯᠠᠨ᠎ᠠ᠃︾ ᠭᠡᠵᠦ ᠭᠤᠤ | ᠱᠢ ᠴᠢᠨ ᠬᠡᠯᠡᠪᠡ᠃ |