ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠢ ᠬᠢᠨᠠᠨ ᠬᠠᠮᠢᠶᠠᠷᠴᠤ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/26
      ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠠᠰᠢᠭᠲᠠᠢ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠪᠣᠶ ᠪᠤᠯᠭᠠᠵᠤ᠂ ᠨᠠᠰᠤᠨ ᠳᠤ ᠥᠯᠥ ᠭᠦᠷᠦᠭᠰᠡᠳ ᠤᠨ ᠬᠠᠮᠠᠭᠠᠯᠠᠯᠲᠠ ᠶᠢ ᠬᠠᠯᠠᠮᠵᠢᠯᠠᠨ ᠴᠢᠬᠤᠯᠠᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠶᠢᠨ ᠲᠦᠯᠦᠭᠡ᠂ ᠣᠶᠢᠷ᠎ᠠ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃
     ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠵᠢᠴᠢ ᠡᠷᠬᠢᠨ ᠲᠣᠭᠤᠷᠢᠨ ᠤ ᠢᠳᠡᠭᠡᠨ ᠤ ᠳᠡᠯᠭᠡᠭᠦᠷ᠂ ᠪᠢᠴᠢᠭ ᠤᠨ ᠬᠡᠷᠡᠭᠰᠡᠯ ᠤᠨ ᠳᠡᠯᠭᠡᠭᠦᠷ᠂ ᠨᠠᠶᠢᠳᠠᠯᠭ᠎ᠠ ᠪᠠᠷ ᠬᠠᠮᠢᠶᠠᠷᠬᠤ ᠪᠠᠶᠢᠭᠤᠯᠤᠮᠵᠢ ᠵᠡᠷᠭᠡ ᠡᠵᠡᠩᠨᠡᠯᠲᠡ ᠶᠢᠨ ᠲᠠᠯᠠᠪᠤᠷ ᠭᠠᠵᠠᠷ ᠢᠶᠠᠷ ᠭᠤᠣᠯᠳᠠᠯᠭ᠎ᠠ ᠪᠤᠯᠭᠠᠨ ᠪᠠᠶᠢᠴᠠᠭᠠᠪᠠ᠃ ᠰᠤᠷᠭᠠᠭᠤᠯᠢ ᠶᠢᠨ ᠬᠤᠭᠤᠯᠠᠨ ᠭᠡᠷ᠂ ᠨᠠᠶᠢᠳᠠᠯᠭ᠎ᠠ ᠪᠠᠷ ᠬᠠᠮᠢᠶᠠᠷᠬᠤ ᠪᠠᠶᠢᠭᠤᠯᠤᠮᠵᠢ ᠶᠢᠨ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠨᠢ ᠲᠣᠭᠲᠠᠭᠠᠯ ᠳᠤ ᠨᠡᠶᠢᠴᠡᠬᠦ ᠡᠰᠡᠬᠦ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠤᠳᠠᠯᠳᠤᠨ ᠠᠪᠴᠤ ᠬᠠᠳᠠᠭᠠᠯᠠᠬᠤ᠂ ᠡᠳ᠋ᠰᠢᠭᠦᠯᠬᠦ ᠶᠠᠪᠤᠴᠠ ᠶᠢᠨ ᠠᠵᠢᠯᠯᠠᠭ᠎ᠠ᠂ ᠤᠬᠢᠶᠠᠵᠤ ᠠᠷᠢᠭᠤᠳᠬᠠᠬᠤ᠂ ᠢᠳᠡᠭᠡᠨ ᠤ ᠥᠯᠢᠭᠡᠷ ᠦᠯᠡᠳᠡᠭᠡᠬᠦ᠂ ᠢᠯᠡ  ᠲᠤᠭᠤᠭᠠᠨ ᠭᠡᠷ ᠪᠠᠶᠢᠬᠤ ᠵᠡᠷᠭᠡ ᠪᠠᠶᠢᠳᠠᠯ ᠢ ᠪᠠᠶᠢᠴᠠᠭᠠᠪᠠ︔ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠳᠡᠯᠭᠡᠭᠦᠷ ᠫᠦᠰᠡ ᠶᠢᠨ ᠦᠨᠡᠮᠯᠡᠯ ᠦᠭᠡᠢ ᠪᠠᠷ ᠡᠵᠡᠩᠨᠡᠬᠦ ᠵᠢᠴᠢ ᠵᠥᠪᠰᠢᠶᠡᠷᠡᠯ ᠠᠴᠠ ᠳᠠᠪᠠᠭᠰᠠᠨ ᠲᠥᠷᠥᠯ ᠵᠦᠢᠯ ᠤᠨ ᠡᠵᠡᠩᠨᠡᠯᠲᠡ ᠶᠢ ᠴᠡᠭᠴᠡᠯᠡᠨ ᠵᠠᠰᠠᠵᠤ᠂ ᠢᠷᠡᠯᠲᠡ ᠨᠢ ᠲᠣᠳᠣᠷᠬᠠᠢ ᠦᠭᠡᠢ ᠪᠠ ︽ᠭᠤᠷᠪᠠ ᠦᠭᠡᠢ︾ ᠢᠳᠡᠭᠡᠨ᠂ ᠴᠢᠨᠠᠷ ᠢ ᠪᠠᠲᠤᠯᠠᠬᠤ ᠬᠤᠭᠤᠴᠠᠭ᠎ᠠ ᠠᠴᠠ ᠬᠡᠲᠦᠷᠡᠭᠰᠡᠨ᠂ ᠢᠯᠵᠢᠷᠡᠵᠦ ᠴᠢᠨᠠᠷ ᠬᠤᠪᠢᠷᠠᠭᠰᠠᠨ ᠢᠳᠡᠭᠡᠨ ᠤ ᠠᠰᠠᠭᠤᠳᠠᠯ ᠢ ᠴᠢᠩᠭ᠎ᠠ ᠪᠠᠶᠢᠴᠠᠭᠠᠵᠤ᠂ ᠡᠵᠡᠩᠨᠡᠯᠲᠡ ᠶᠢᠨ ᠲᠠᠯᠠᠪᠤᠷ ᠤᠨ ᠠᠷᠢᠭᠤᠨ ᠴᠡᠪᠡᠷ ᠤᠨ ᠪᠠᠶᠢᠳᠠᠯ᠂ ᠡᠷᠡᠭᠦᠯᠵᠢᠯ ᠤᠨ ᠢᠳᠡᠭᠡᠨ ᠤ ᠲᠤᠰᠬᠠᠢ ᠣᠷᠣᠨ ᠤ ᠲᠤᠰᠬᠠᠢ ᠯᠠᠩᠭᠦᠢ ᠵᠢᠴᠢ ᠨᠠᠰᠤᠨ ᠳᠤ ᠥᠯᠥ ᠭᠦᠷᠦᠭᠰᠡᠳ ᠲᠤ ᠠᠷᠢᠬᠢ ᠲᠠᠮᠠᠬᠢᠨ ᠤ ᠲᠡᠮᠳᠡᠭ ᠪᠣᠷᠣᠯᠠᠭᠤᠯᠬᠤ ᠶᠢ ᠴᠠᠭᠠᠵᠠᠯᠠᠭᠰᠠᠨ ᠵᠡᠷᠭᠡ ᠪᠠᠶᠢᠳᠠᠯ ᠳᠤ ᠪᠠᠶᠢᠴᠠᠭᠠᠯᠳᠠ ᠬᠢᠪᠡ᠃
     ᠲᠣᠰ ᠤᠳᠠᠭᠠᠨ ᠤ ᠠᠵᠢᠯᠯᠠᠭ᠎ᠠ ᠳᠤ᠂ ᠰᠤᠷᠭᠠᠭᠤᠯᠢ ᠶᠢᠨ ᠬᠤᠭᠤᠯᠠᠨ ᠭᠡᠷ 9᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠬᠤᠳᠠᠯᠳᠤᠭᠠᠴᠢᠨ ᠡᠷᠦᠬᠡ 11᠂ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ 6 ᠂ 40 ᠭᠠᠷᠤᠢ ᠬᠥᠮᠥᠨ ᠤᠳᠠᠭ᠎ᠠ ᠶᠢ ᠪᠠᠶᠢᠴᠠᠭᠠᠪᠠ᠃ ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠰᠤᠷᠭᠠᠭᠤᠯᠢ ᠶᠢᠨ ᠬᠤᠭᠤᠯᠠᠨ ᠭᠡᠷ ᠪᠠ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠡᠵᠡᠩᠨᠡᠯᠲᠡ ᠶᠢᠨ ᠨᠢᠭᠡᠴᠡ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠶᠢ ᠦᠷᠭᠦᠯᠵᠢᠯᠡᠨ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠨ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ ᠦᠨᠡᠨᠬᠦ ᠠᠷᠢᠯᠭᠠᠵᠤ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠦᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1