ᠲᠤᠭᠳᠠᠬᠤ ᠰᠢᠶᠠᠨ ᠤ ᠱᠤᠸᠠᠩ ᠾᠧ ᠪᠠᠯᠭᠠᠰᠤ᠄ ︽  ᠪᠤᠯᠬᠢ ᠪᠦᠳᠦᠭᠦᠯᠢᠭ ᠮᠠᠭᠤ ᠳᠠᠳᠬᠠᠯ ᠢ ᠠᠷᠢᠯᠭᠠᠵᠤ ᠪᠣᠯᠪᠠᠰᠤᠨ ᠰᠢᠨ᠎ᠡ ᠰᠤᠷᠲᠠᠯ ᠢ ᠲᠦᠮᠡᠨ ᠡᠷᠦᠬᠡ ᠳᠤ ᠬᠦᠷᠭᠡᠬᠦ︾ ᠭᠤᠣᠯ ᠰᠡᠳᠦᠪᠲᠦ ᠰᠢᠷᠢᠰ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/4/26
      ᠣᠶᠢᠷ᠎ᠠ ᠶᠢᠨ ᠵᠢᠯ ᠠᠴᠠ᠂ ᠲᠤᠭᠳᠠᠬᠤ ᠰᠢᠶᠠᠨ ᠤ ᠱᠤᠸᠠᠩ ᠾᠧ ᠪᠠᠯᠭᠠᠰᠤ ᠶᠢᠨ ᠬᠢᠨ ᠵᠠᠩ ᠳᠠᠳᠬᠠᠯ ᠢ ᠥᠭᠡᠷᠡᠴᠢᠯᠡᠬᠦ ᠶᠢ ᠭᠦᠨᠵᠡᠭᠡᠶᠢᠷᠡᠭᠦᠯᠬᠦ᠂ ᠪᠣᠯᠪᠠᠰᠤᠨ ᠰᠢᠨ᠎ᠡ ᠰᠤᠷᠲᠠᠯ ᠢ ᠪᠤᠢ ᠪᠣᠯᠭᠠᠬᠤ ᠶᠢ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠭᠤᠣᠯ ᠭᠠᠷᠳᠠᠴᠠ ᠪᠣᠯᠭᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠠᠰᠢᠭᠯᠠᠨ ᠵᠠᠩ ᠳᠠᠳᠬᠠᠯ ᠢ ᠥᠭᠡᠷᠡᠴᠢᠯᠡᠬᠦ ᠠᠵᠢᠯᠯᠠᠭ᠎ᠠ ᠶᠢ ᠥᠷᠨᠢᠭᠦᠯᠵᠦ᠂ ᠪᠣᠯᠪᠠᠰᠤᠨ ᠨᠤᠲᠤᠭ ᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠡᠭᠡᠯ ᠪᠣᠷᠣᠭᠵᠢᠭᠤᠨ ᠠᠷᠠᠳ ᠤᠨ ᠰᠤᠷᠲᠠᠯ ᠢ ᠲᠠᠰᠤᠷᠠᠯᠲᠠ ᠦᠭᠡᠢ ᠪᠤᠢ ᠪᠣᠯᠭᠠᠵᠤ᠂ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢ ᠶᠢ ᠨᠡᠮᠡᠷᠢᠯᠡᠵᠡᠢ᠃ ᠣᠶᠢᠷ᠎ᠠ ᠳᠤ᠂ ᠱᠤᠸᠠᠩ ᠾᠧ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠪᠧᠢ ᠵᠢᠶᠧ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ᠂ ᠴᠧᠩ ᠭᠤᠸᠠᠢ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠲᠠᠢ ᠬᠠᠮᠲᠤᠷᠠᠨ ︽ ᠪᠤᠯᠬᠢ ᠪᠦᠳᠦᠭᠦᠯᠢᠭ ᠮᠠᠭᠤ ᠳᠠᠳᠬᠠᠯ ᠢ ᠠᠷᠢᠯᠭᠠᠵᠤ ᠪᠣᠯᠪᠠᠰᠤᠨ ᠰᠢᠨ᠎ᠡ ᠰᠤᠷᠲᠠᠯ ᠢ ᠲᠦᠮᠡᠨ ᠡᠷᠦᠬᠡ ᠳᠤ ᠬᠦᠷᠭᠡᠬᠦ︾ ᠭᠤᠣᠯ ᠰᠡᠳᠦᠪᠲᠦ ᠰᠢᠷᠢᠰ ᠠᠵᠢᠯᠯᠠᠭ᠎ᠠ ᠶᠢ ᠥᠷᠨᠢᠭᠦᠯᠪᠡ᠃
     ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠤᠱᠯᠠᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠲᠦᠮᠡᠨ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠭᠦᠨᠵᠡᠭᠡᠢ ᠣᠶᠢᠯᠠᠭᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠲᠠᠯᠪᠢᠵᠤ ᠪᠠᠶᠢᠭ᠎ᠠ ᠬᠠᠯᠠᠮᠵᠢᠯᠠᠯ ᠪᠠ ᠬᠦᠰᠡᠯ ᠡᠷᠡᠮᠡᠯᠵᠡᠯ ᠢ ᠤᠯᠠᠨ ᠳᠤ ᠭᠦᠨᠵᠡᠭᠡᠢ  ᠤᠶᠢᠯᠠᠭᠠᠭᠤᠯᠬᠤ ᠶᠢᠨ ᠲᠦᠯᠦᠭᠡ᠂ ᠲᠣᠭᠲᠠᠬᠤ ᠰᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠪᠧᠢ ᠵᠢᠶᠧ ᠲᠣᠰᠬᠤᠨ ᠳᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︿ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ﹀ ᠢ ᠭᠦᠨᠵᠡᠭᠡᠢ ᠲᠠᠨᠢᠬᠤ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ︾ ᠥᠷᠨᠢᠭᠦᠯᠵᠡᠢ᠃
     ᠠᠵᠢᠯᠯᠠᠭ᠎ᠠ ᠶᠢᠨ ᠳᠤᠮᠳᠠ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ︽ᠥᠪᠥᠷ ᠮᠣᠩᠭᠤᠯ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠤᠨ ᠡᠷᠲᠡ ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠤᠭᠰᠠᠨ ᠦᠨᠳᠦᠰᠦᠲᠡᠨ ᠤ ᠣᠷᠣᠨ ᠪᠣᠯᠣᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠭᠤᠳ ᠤᠳᠤᠷᠢᠳᠤᠯᠭ᠎ᠠ ᠳᠣᠣᠷ᠎ᠠ ᠪᠠᠶᠢᠭᠤᠯᠤᠭᠳᠠᠭᠰᠠᠨ ᠶᠤᠮ᠃ ᠥᠪᠥᠷ ᠮᠣᠩᠭᠤᠯ ᠪᠣᠯ ᠨᠠᠮ ᠤᠨ ᠲᠥᠪ ᠬᠤᠷᠢᠶᠠᠨ ᠤ ᠳᠡᠮᠵᠢᠯᠭᠡ ᠪᠠᠷ ᠬᠥᠭᠵᠢᠵᠦ ᠢᠷᠡᠭᠰᠡᠨ ᠶᠤᠮ᠂ ᠥᠪᠥᠷ ᠮᠣᠩᠭᠤᠯ ᠤᠨ ᠠᠵᠢᠯ ᠤᠨ ᠳᠤᠮᠳᠠ ᠭᠠᠷᠤᠭᠰᠠᠨ ᠬᠦᠨᠳᠦ ᠶᠡᠭᠡ ᠵᠥᠷᠢᠶ᠎ᠡ ᠶᠢ ᠴᠥᠮ ᠨᠠᠮ ᠤᠨ ᠲᠥᠪ ᠬᠤᠷᠢᠶ᠎ᠠ ᠬᠠᠪᠰᠤᠷᠤᠨ ᠵᠠᠯᠠᠷᠠᠭᠤᠯᠤᠭᠰᠠᠨ ᠶᠤᠮ᠂ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠶᠢ ᠪᠣᠯ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠵᠢᠯᠣᠭᠤᠳᠤᠯᠭ᠎ᠠ ᠪᠠᠷ ᠣᠯᠣᠭᠰᠠᠨ ᠶᠤᠮ᠂ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠪᠣᠯᠤᠭᠰᠠᠨ ᠤ ᠬᠤᠪᠢ ᠳᠤ ᠨᠠᠮ ᠤᠨ ᠦᠭᠡ ᠶᠢ ᠰᠣᠨᠣᠰᠬᠤ ᠲᠠᠯ᠎ᠠ ᠪᠠᠷ ᠵᠢᠱᠢᠶᠡᠴᠢ ᠪᠣᠯᠤᠭᠰᠠᠨ ᠤ ᠬᠤᠪᠢ ᠳᠤ ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠡᠢ᠃
     ᠦᠳᠡ ᠶᠢᠨ ᠡᠮᠦᠨᠡᠬᠢ 10 ᠴᠠᠭ ᠤᠨ ᠦᠶ᠎ᠡ ᠪᠠᠷ᠂ ᠪᠧᠢ ᠵᠢᠶ᠋ᠧ  ᠲᠤᠰᠬᠤᠨ ᠤ ᠠᠷᠠᠳ ᠤᠨ ᠨᠢᠭᠡ ᠤᠳᠠᠭᠠᠨ ᠤ ᠵᠥᠪᠯᠡᠯ ᠡᠬᠢᠯᠡᠵᠡᠢ᠃ ᠭᠠᠴᠠᠭᠠᠨ ᠤ ᠺᠠᠳ᠋ᠷ᠂ ᠨᠠᠰᠤᠨ ᠤ ᠠᠮᠠᠷᠠᠯᠲᠠ ᠪᠠᠨ ᠠᠪᠤᠭᠰᠠᠨ ᠠᠬᠠᠮᠠᠳ ᠨᠠᠮ ᠤᠨ ᠭᠡᠰᠢᠭᠦᠨ᠂ ᠭᠠᠴᠠᠭᠠᠨ ᠤ ᠠᠷᠠᠳ ᠤᠨ ᠲᠥᠯᠥᠭᠡᠯᠡᠭᠴᠢᠳ ᠵᠠᠩ ᠳᠠᠳᠬᠠᠯ ᠢ ᠥᠭᠡᠷᠡᠴᠢᠯᠡᠬᠦ ᠠᠵᠢᠯ ᠤᠨ ᠴᠢᠬᠤᠯᠠ ᠴᠢᠨᠠᠷ ᠤᠨ ᠲᠤᠬᠠᠢ ᠶᠠᠷᠢᠯᠴᠠᠭ᠎ᠠ ᠥᠷᠨᠢᠭᠦᠯᠵᠦ᠂ ᠤᠯᠠᠨ ᠢᠶᠠᠷ ᠢᠶᠠᠨ ᠥᠪᠡᠷ ᠥᠪᠡᠷ ᠤᠨ ᠦᠵᠡᠯᠲᠡ ᠪᠠᠨ ᠶᠠᠷᠢᠵᠤ᠂ ᠲᠤᠬᠠᠢ ᠶᠢᠨ ᠲᠠᠯᠠᠪᠤᠷ ᠲᠤ ᠮᠠᠰᠢ ᠬᠦᠷ ᠬᠥᠭᠵᠢᠶᠡᠨ ᠲᠠᠢ ᠪᠠᠶᠢᠪᠠ᠃ ᠬᠠᠭᠤᠴᠢᠨ ᠶᠣᠰᠣ ᠪᠦᠳᠦᠭᠦᠯᠢᠭ ᠵᠠᠩᠰᠢᠯ ᠢ ᠡᠪᠳᠡᠵᠦ᠂ ᠪᠣᠯᠪᠠᠰᠤᠨ ᠰᠢᠨ᠎ᠡ ᠰᠤᠷᠲᠠᠯ ᠢ ᠪᠠᠳᠠᠷᠠᠭᠤᠯᠬᠤ ᠶᠢᠨ ᠲᠥᠯᠥᠭᠡ᠂ ᠡᠨᠡ ᠵᠢᠯ ᠠᠴᠠ ᠨᠠᠰᠢ᠂ ᠪᠧᠢ ᠵᠢᠶᠧ ᠲᠣᠰᠬᠤᠨ ᠤ ᠬᠢᠨ ᠳᠦᠷᠢᠮ ᠤᠨ ᠳᠠᠪᠠᠭᠤᠯᠢᠭ ᠢᠶᠠᠨ ᠪᠠᠳᠠᠷᠠᠭᠤᠯᠵᠤ᠂ ᠬᠥᠳᠡᠭᠡ ᠲᠣᠰᠬᠤᠨ ᠤ ᠵᠠᠰᠠᠯᠲᠠ ᠶᠢᠨ ᠳᠦᠷᠢᠮ ᠢ ᠴᠢᠨᠠᠭᠰᠢᠳᠠ ᠲᠡᠭᠦᠯᠳᠡᠷᠵᠢᠭᠦᠯᠵᠦ᠂ ᠲᠣᠰᠬᠤᠨ ᠤ ᠺᠠᠳ᠋ᠷ᠂ ᠠᠵᠢᠯ ᠠᠴᠠ ᠪᠠᠨ ᠠᠮᠠᠷᠠᠭᠰᠠᠨ ᠠᠬᠠᠮᠠᠳ ᠨᠠᠮ ᠤᠨ ᠭᠡᠰᠢᠭᠦᠨ᠂ ᠲᠣᠰᠬᠤᠨ ᠤ ᠠᠷᠠᠳ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ᠂ ᠦᠨᠡᠨᠬᠦ ᠬᠡᠷᠡᠭᠵᠢᠭᠦᠯᠵᠦ ᠪᠣᠯᠬᠤ ᠲᠣᠰᠬᠤᠨ ᠤ ᠳᠦᠷᠢᠮ ᠠᠷᠠᠳ ᠤᠨ ᠭᠡᠷ᠎ᠡ ᠶᠢ ᠬᠠᠮᠲᠤᠪᠠᠷ ᠲᠣᠭᠲᠠᠭᠠᠵᠤ᠂ ︽ᠤᠷᠤᠭ ᠬᠤᠷᠢᠮ ᠤᠨ ᠶᠠᠪᠤᠳᠠᠯ ᠢ ᠰᠢᠨ᠎ᠡ ᠪᠠᠷ ᠬᠢᠬᠦ᠂ ᠪᠠᠶᠠᠷ ᠤᠨ ᠶᠠᠪᠤᠳᠠᠯ ᠢ ᠪᠠᠭ᠎ᠠ ᠬᠢᠬᠦ᠂ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠬᠦ︾ ᠵᠡᠷᠭᠡ ᠵᠥᠪᠯᠡᠬᠦ ᠵᠦᠢᠯ ᠤᠨ ᠲᠤᠬᠠᠢ ᠰᠠᠷ᠎ᠠ ᠪᠦᠷᠢ ᠨᠢᠭᠡ ᠤᠳᠠᠭ᠎ᠠ ᠲᠥᠪᠯᠡᠷᠡᠩᠭᠦᠢ ᠶᠡᠭᠡ ᠶᠠᠷᠢᠯᠴᠠᠭ᠎ᠠ ᠶᠢ ᠵᠣᠬᠢᠶᠠᠨ ᠪᠠᠶᠢᠭᠤᠯᠪᠠ᠃
     ᠤᠷᠠᠨ ᠰᠠᠶᠢᠬᠠᠨ ᠤ ᠲᠣᠭᠯᠠᠯᠲᠠ ᠨᠢ ︽ᠵᠠᠩ ᠳᠠᠳᠬᠠᠯ ᠢ ᠥᠭᠡᠷᠡᠴᠢᠯᠡᠨ ᠦᠵᠡᠯ ᠰᠠᠨᠠᠭ᠎ᠠ ᠪᠠᠨ ᠥᠭᠡᠷᠡᠴᠢᠯᠡᠬᠦ ︾ ᠳᠤ ᠬᠥᠰᠢᠭᠡ ᠪᠠᠨ ᠰᠡᠬᠦᠵᠦ᠂ ᠲᠣᠭᠯᠠᠭᠴᠢᠳ ᠤᠷᠢᠳ ᠬᠤᠵᠢᠳ ︽ᠪᠧᠢ ᠵᠢᠶᠧ ᠲᠣᠰᠬᠤᠨ ᠤ ᠶᠡᠭᠡ ᠬᠤᠪᠢᠷᠠᠯᠲᠠ︾ ᠵᠡᠷᠭᠡ ᠲᠣᠭᠯᠠᠯᠲᠠ ᠶᠢ ᠲᠣᠭᠯᠠᠵᠤ᠂ ᠭᠤᠶᠢᠳᠠ ᠰᠠᠶᠢᠬᠠᠨ᠂ ᠣᠶᠢᠯᠠᠭᠠᠮᠵᠢᠲᠠᠢ ᠦᠭᠡ ᠶᠠᠷᠢᠶ᠎ᠠ᠂ ᠪᠠᠶᠠᠯᠢᠭ ᠰᠠᠶᠢᠬᠠᠨ ᠲᠣᠭᠯᠠᠯᠲᠠ ᠶᠢᠨ ᠬᠡᠯᠪᠡᠷᠢ ᠶᠢ ᠲᠣᠭᠯᠠᠵᠤ᠂ ᠤᠯᠠᠨ ᠢᠶᠠᠷ ᠢᠶᠠᠨ ᠬᠠᠭᠤᠴᠢᠨ ᠵᠤᠷᠰᠢᠯ ᠢ ᠡᠪᠳᠡᠬᠦ᠂ ᠪᠣᠯᠬᠢ ᠳᠠᠳᠬᠠᠯ ᠢ ᠠᠷᠢᠯᠭᠠᠬᠤ᠂ ᠪᠣᠯᠪᠠᠰᠤᠨ ᠢ ᠤᠯᠠᠮᠵᠢᠯᠠᠬᠤ᠂ ᠰᠢᠨ᠎ᠡ ᠬᠡᠪ ᠰᠤᠷᠲᠠᠯ ᠢ ᠪᠤᠢ ᠪᠣᠯᠭᠠᠬᠤ ᠶᠢ ᠰᠠᠨᠠᠭᠠᠴᠢᠯᠠᠵᠤ᠂ ᠠᠭᠤᠯᠭ᠎ᠠ ᠨᠢ ᠠᠮᠢᠳᠤᠯᠢᠭ ᠰᠣᠨᠢᠷᠬᠠᠯᠲᠠᠢ ᠪᠥᠭᠡᠳ ᠤᠯᠠᠨ ᠲᠦᠮᠡᠨ ᠤ ᠠᠮᠢᠳᠤᠷᠠᠯ ᠳᠤ ᠨᠡᠶᠢᠴᠡᠵᠦ᠂ ᠤᠯᠠᠨ ᠲᠦᠮᠡᠨ ᠤ ᠠᠩᠬᠠᠷᠤᠯ ᠢ ᠲᠠᠲᠠᠵᠤ᠂ ᠤᠯᠠᠨ ᠤ ᠠᠯᠠᠭ᠎ᠠ ᠲᠡᠰᠢᠯᠲᠡ ᠶᠢ ᠣᠯᠪᠠ᠃      ᠲᠣᠰ ᠤᠳᠠᠭᠠᠨ ᠤ ᠰᠢᠷᠢᠰ ᠠᠵᠢᠯᠯᠠᠭ᠎ᠠ ᠪᠠᠷ ᠳᠠᠮᠵᠢᠭᠤᠯᠤᠨ᠂ ᠱᠤᠸᠠᠩ ᠾᠧ ᠪᠠᠯᠭᠠᠰᠤᠨ ᠤ ᠰᠠᠭᠤᠭᠠᠯᠢ ᠠᠷᠠᠳ ᠤᠨ ᠶᠣᠰᠣ ᠮᠣᠷᠠᠯ ᠤᠨ ᠳᠡᠭᠡᠭᠰᠢᠯᠡᠯᠲᠡ ᠪᠠ ᠪᠣᠯᠪᠠᠰᠤᠨ ᠤ ᠬᠡᠪ ᠪᠣᠯᠪᠠᠰᠤᠷᠠᠯ ᠤᠨ ᠳᠡᠭᠡᠭᠰᠢᠯᠡᠯᠲᠡ ᠶᠢ ᠠᠬᠢᠭᠤᠯᠤᠭᠰᠠᠨ ᠢᠶᠠᠷ ᠪᠠᠷᠠᠬᠤ ᠦᠭᠡᠢ ᠪᠠᠰᠠ ᠮᠠᠨ ᠤ ᠪᠠᠯᠭᠠᠰᠤᠨ ᠤ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠱᠤᠸᠠᠩ ᠾᠧ ᠪᠠᠯᠭᠠᠰᠤ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠦᠷᠳᠡᠭᠡ︶ ᠦᠢᠯᠡᠳᠦᠯᠭᠡ ᠶᠢᠨ ᠭᠠᠵᠠᠷ ᠤᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠤᠯᠠᠨ ᠬᠡᠯᠪᠡᠷᠢ ᠶᠢᠨ᠂ ᠡᠯᠪᠡᠭ ᠪᠠᠶᠠᠯᠢᠭ ᠠᠭᠤᠯᠭ᠎ᠠ ᠲᠠᠢ ᠵᠠᠩ ᠳᠠᠳᠬᠠᠯ ᠢ ᠥᠭᠡᠷᠡᠴᠢᠯᠡᠬᠦ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ᠪᠣᠯᠪᠠᠰᠤᠨ ᠤ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠵᠠᠩ ᠳᠠᠳᠬᠠᠯ ᠢ ᠥᠭᠡᠷᠡᠴᠢᠯᠡᠬᠦ ᠨᠡᠶᠢᠭᠡᠮ ᠤᠨ ᠢᠳᠡᠪᠬᠢ ᠬᠦᠴᠦᠨ ᠢ ᠬᠥᠲᠥᠯᠥᠨ ᠵᠢᠯᠣᠭᠤᠳᠤᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1