ᠥᠪᠥᠷ ᠮᠣᠩᠭᠤᠯ ᠤᠨ ᠬᠦᠷᠡᠩ ᠨᠡᠭᠦᠷᠡᠰᠦ ᠠᠴᠠ ᠴᠡᠪᠡᠷᠴᠡ ᠪᠠᠷ ᠥᠨᠳᠥᠷ ᠦᠨᠦᠷᠲᠦ ᠨᠢᠭᠡᠳᠪᠦᠷᠢ ᠶᠢ ᠦᠢᠯᠡᠳᠦᠨ ᠭᠠᠷᠭᠠᠬᠤ ᠠᠵᠢᠯ ᠰᠢᠨ᠎ᠡ ᠠᠬᠢᠯᠲᠠ ᠲᠠᠢ ᠪᠣᠯᠵᠠᠢ
ᠨᠡᠶᠢᠲᠡᠯᠡᠭᠰᠡᠨ ᠴᠠᠭ᠄
2024/4/26
      ᠣᠶᠢᠷ᠎ᠠ ᠶᠢᠨ ᠡᠳᠦᠷ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠮᠠ ᠯᠢ ᠲᠦᠩ ᠫᠷᠤᠹᠧᠰᠰᠤᠷ ᠤᠨ ᠬᠠᠷᠢᠭᠤᠴᠠᠵᠤ ᠪᠠᠶᠢᠭ᠎ᠠ ᠠᠮᠢᠳᠤ ᠪᠣᠳᠠᠰ ᠤᠨ ᠨᠡᠭᠦᠷᠡᠰᠦ ᠬᠢᠮᠢ  ᠶᠢᠨ ᠠᠵᠤ ᠦᠢᠯᠡᠳᠪᠦᠷᠢ ᠶᠢᠨ ᠶᠡᠷᠦᠩᠬᠡᠶᠢᠯᠡᠨ ᠠᠰᠢᠭᠯᠠᠬᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠰᠤᠳᠤᠯᠭᠠᠨ ᠤ ᠲᠥᠪ ᠬᠦᠷᠡᠩ ᠨᠡᠭᠦᠷᠡᠰᠦ ᠶᠢᠨ ᠪᠠᠶᠢᠭᠠᠯᠢᠯᠢᠭ ᠦᠨᠦᠷᠲᠦ ᠴᠠᠭᠠᠷᠢᠭᠲᠤ ᠪᠦᠲᠦᠴᠡ  ᠶᠢᠨ ᠣᠨᠴᠠᠯᠢᠭ ᠢ ᠠᠰᠢᠭᠯᠠᠨ᠂ ᠬᠡᠪ ᠤᠨ ᠪᠠᠶᠢᠳᠠᠯ ᠳᠣᠣᠷ᠎ᠠ ᠬᠦᠷᠡᠩ ᠨᠡᠭᠦᠷᠡᠰᠦᠨ ᠤ ᠪᠥᠭᠡᠭᠡᠨᠡᠷᠡᠯ ᠢ ᠴᠢᠭᠯᠡᠯ ᠲᠠᠢ ᠰᠠᠯᠭᠠᠭᠠᠳ᠂ ᠴᠡᠪᠡᠷᠴᠡ ᠪᠠᠷ ᠥᠨᠳᠥᠷ ᠨᠠᠷᠢᠯᠢᠭ ᠬᠢᠮᠢ ᠶᠢᠨ ᠪᠣᠳᠠᠰ ᠢ ᠦᠢᠯᠡᠳᠦᠨ ᠭᠠᠷᠭᠠᠬᠤ ᠮᠡᠷᠭᠡᠵᠢᠯ ᠢ ᠰᠤᠳᠤᠯᠤᠨ ᠭᠠᠷᠭᠠᠵᠤ᠂ ᠬᠦᠷᠡᠩ ᠨᠡᠭᠦᠷᠡᠰᠦ ᠶᠢᠨ ᠨᠡᠮᠡᠯᠲᠡ ᠦᠷᠳᠡᠭ ᠢ ᠨᠡᠮᠡᠭᠳᠡᠭᠦᠯᠦᠭᠰᠡᠨ ᠪᠠᠶᠢᠨ᠎ᠠ᠃      ᠲᠤᠰ ᠰᠤᠳᠤᠯᠭᠠᠨ ᠤ ᠲᠥᠪ ᠤᠨ ᠦᠢᠯᠡᠳᠴᠦ ᠭᠠᠷᠭᠠᠭᠰᠠᠨ ᠦᠨᠦᠷᠲᠦ ᠨᠢᠭᠡᠳᠪᠦᠷᠢ ᠪᠤᠯᠬᠤ ᠪᠧᠨ᠋ᠽᠧᠨᠲᠤ ᠮᠧᠲ᠋ᠢᠯ ᠠᠯᠳᠧᠭᠢᠳ᠋ ᠤᠨ ᠴᠡᠪᠡᠷᠴᠡ ᠨᠢ 98.58%᠂ ᠪᠧᠨ᠋ᠽᠧᠨᠲᠤ ᠮᠧᠲ᠋ᠢᠯ ᠠᠯᠺᠤᠤᠯ ᠤᠨ ᠴᠡᠪᠡᠷᠴᠡ ᠨᠢ 99.15%᠂ ᠪᠧᠨ᠋ᠽᠧᠨᠲᠤ ᠮᠧᠲ᠋ᠢᠯ ᠬᠦᠴᠢᠯ ᠤᠨ ᠴᠡᠪᠡᠷᠴᠡ ᠨᠢ 99.15% ᠳᠤ ᠬᠦᠷᠴᠦ᠂ ᠤᠯᠤᠰ ᠤᠨ ᠪᠠᠷᠢᠮᠵᠢᠶ᠎ᠠ  ᠠᠴᠠ ᠬᠤᠯᠠ ᠥᠨᠳᠥᠷ ᠪᠣᠯᠵᠠᠢ᠃ ᠲᠡᠷᠡᠴᠢᠯᠡᠨ ᠰᠢᠰᠲ᠋ᠧᠮᠵᠢᠭᠰᠡᠨ ᠮᠡᠷᠭᠡᠵᠢᠯ ᠤᠨ ᠲᠠᠯ᠎ᠠ ᠪᠠᠷ ᠥᠨᠳᠥᠷ ᠥᠷᠲᠡᠭᠲᠦ ᠬᠢᠮᠢ ᠶᠢᠨ ᠪᠣᠳᠠᠰ ᠤᠨ ᠪᠣᠬᠢᠷᠳᠤᠯ ᠦᠭᠡᠢ ᠡᠨᠧᠷᠭᠢ ᠶᠢ ᠬᠤᠯᠪᠤᠭᠠᠯᠠᠨ ᠦᠢᠯᠡᠳᠪᠦᠷᠢᠯᠡᠬᠦ ᠶᠢ ᠪᠡᠶᠡᠯᠡᠭᠦᠯᠵᠦ᠂ 6 ᠵᠦᠢᠯ ᠤᠨ ᠲᠤᠮᠳᠠᠳᠤ ᠤᠯᠤᠰ ᠤᠨ ᠡᠭᠦᠳᠦᠯᠲᠡ ᠶᠢᠨ ᠲᠤᠰᠬᠠᠢ ᠡᠷᠬᠡ ᠠᠰᠢᠭ ᠢ ᠡᠷᠡᠮᠡᠯᠵᠡᠵᠦ᠂ 1 ᠵᠦᠢᠯ ᠤᠨ ᠠᠮᠧᠷᠢᠺᠠ ᠶᠢᠨ ᠲᠤᠰᠬᠠᠢ ᠡᠷᠬᠡ ᠠᠰᠢᠭ ᠢ ᠡᠷᠡᠮᠡᠯᠵᠡᠭᠡᠳ᠂ ᠤᠳᠤ ᠨᠢᠭᠡᠨᠲᠡ 1 ᠵᠦᠢᠯ ᠤᠨ ᠲᠤᠮᠳᠠᠳᠤ ᠤᠯᠤᠰ ᠤᠨ ᠡᠭᠦᠳᠦᠯᠲᠡ ᠶᠢᠨ ᠡᠷᠬᠡ ᠲᠤᠰᠬᠠᠢ ᠠᠰᠢᠭ ᠢ ᠣᠯᠣᠭᠠᠳ ᠪᠠᠶᠢᠨ᠎ᠠ᠃      ᠦᠨᠦᠷᠲᠦ ᠨᠢᠭᠡᠳᠪᠦᠷᠢ ᠪᠣᠯ ᠨᠢᠭᠡ ᠲᠦᠷᠤᠯ ᠤᠨ ᠬᠢᠮᠢ ᠶᠢᠨ ᠤᠬᠠᠭᠠᠨ ᠤ ᠰᠢᠨᠵᠢ ᠴᠢᠨᠠᠷ ᠢᠶᠠᠷ ᠲᠣᠭᠲᠠᠭᠤᠨ ᠪᠥᠭᠡᠳ ᠠᠩᠬᠢᠯᠤᠮ᠎ᠠ ᠦᠨᠦᠷ ᠲᠠᠢ ᠣᠷᠭᠠᠨᠢᠭ ᠮᠣᠯᠧᠺᠦ᠋ᠯ ᠪᠠᠶᠢᠵᠤ᠂ ᠶᠡᠷᠦ ᠳᠡᠭᠡᠨ ᠦᠨᠦᠷᠲᠦ ᠴᠠᠭᠠᠷᠢᠭᠲᠤ  ᠪᠦᠲᠦᠴᠡ ᠲᠠᠢ ᠪᠠᠶᠢᠳᠠᠭ᠃ ᠦᠨᠦᠷᠲᠦ ᠪᠦᠯᠦᠭ ᠤᠨ ᠨᠢᠭᠡᠳᠪᠦᠷᠢ ᠨᠢ ᠣᠷᠭᠠᠨᠢᠭ ᠬᠢᠮᠢ ᠶᠢᠨ ᠠᠵᠤ ᠦᠢᠯᠡᠳᠪᠦᠷᠢ ᠶᠢᠨ ᠴᠢᠬᠤᠯᠠ ᠲᠦᠭᠦᠬᠡᠢ ᠮᠠᠲ᠋ᠧᠷᠢᠶᠠᠯ ᠪᠠᠶᠢᠵᠤ᠂ ᠦᠨᠦᠷᠲᠦ ᠨᠢᠭᠡᠳᠪᠦᠷᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠳᠤ ᠭᠤᠣᠯᠳᠠᠭᠤ ᠾᠯᠣᠷᠲᠤ ᠪᠧᠨ᠋ᠽᠢᠯ᠂ ᠮᠧᠲ᠋ᠢᠯᠳᠤ ᠪᠧᠨ᠋ᠽᠧᠨ ᠢᠶᠠᠷ ᠲᠦᠭᠦᠬᠡᠢ ᠮᠠᠲ᠋ᠧᠷᠢᠶᠠᠯ ᠪᠣᠯᠭᠠᠳᠠᠭ᠃ ᠣᠳᠣᠬᠠᠨ ᠤ ᠦᠨᠦᠷᠲᠦ ᠪᠦᠯᠦᠭ ᠤᠨ ᠨᠢᠭᠡᠳᠪᠦᠷᠢ ᠶᠢ ᠨᠡᠶᠢᠯᠡᠭᠦᠯᠬᠦ ᠠᠷᠭ᠎ᠠ ᠳᠤ ᠭᠤᠣᠯᠳᠠᠭᠤ ᠮᠧᠲ᠋ᠢᠯᠳᠤ ᠪᠧᠨ᠋ᠽᠧᠨ ᠢ ᠢᠰᠦᠯᠳᠦᠭᠦᠯᠬᠦ ᠠᠷᠭ᠎ᠠ᠂ ᠮᠧᠲ᠋ᠢᠯᠳᠤ ᠪᠧᠨ᠋ᠽᠧᠨ ᠢ ᠡᠾᠯᠤᠷᠵᠢᠭᠦᠯᠦᠨ ᠤᠰᠤ ᠪᠠᠷ ᠵᠠᠳᠠᠷᠠᠭᠤᠯᠬᠤ ᠠᠷᠭ᠎ᠠ᠂ ᠾᠯᠣᠷᠲᠤ ᠪᠧᠨ᠋ᠽᠢᠯ ᠤᠨ ᠤᠰᠤᠨ ᠵᠠᠳᠠᠷᠠᠯ ᠤᠨ ᠠᠷᠭ᠎ᠠ ᠵᠡᠷᠭᠡ ᠪᠠᠶᠢᠵᠤ᠂ ᠡᠳᠡᠭᠡᠷ ᠠᠷᠭ᠎ᠠ ᠨᠢ ᠪᠦᠷ ᠲᠤᠰᠠᠯᠠᠬᠤ ᠪᠣᠳᠠᠰ ᠠᠷᠪᠢᠨ᠂ ᠦᠷᠳᠡᠭ ᠢᠶᠠᠷ ᠥᠨᠳᠥᠷ᠂ ᠣᠷᠴᠢᠨ ᠲᠣᠭᠤᠷᠢᠨ ᠢ ᠪᠣᠬᠢᠷᠲᠤᠭᠤᠯᠬᠤ ᠵᠡᠷᠭᠡ ᠳᠤᠲᠠᠭᠳᠠᠯ ᠲᠠᠢ ᠪᠠᠶᠢᠳᠠᠭ᠃      ᠦᠨᠦᠷᠲᠦ ᠪᠦᠯᠦᠭ ᠤᠨ ᠨᠢᠭᠡᠳᠪᠦᠷᠢ ᠶᠢ ᠦᠢᠯᠡᠳᠬᠦ ᠤᠯᠠᠮᠵᠢᠯᠠᠯᠲᠤ ᠮᠡᠷᠭᠡᠵᠢᠯ ᠤᠨ ᠬᠤᠯᠢᠴᠠ ᠪᠣᠳᠠᠰ ᠠᠷᠪᠢᠨ᠂ ᠡᠨᠧᠷᠭᠢ ᠶᠢᠨ ᠬᠤᠷᠣᠭᠳᠠᠯ ᠶᠡᠭᠡ ᠵᠡᠷᠭᠡ ᠠᠰᠠᠭᠤᠳᠠᠯ ᠳᠤ ᠴᠢᠭᠯᠡᠭᠦᠯᠵᠦ᠂ ᠮᠠ ᠯᠢ ᠲᠦᠩ ᠤᠨ ᠪᠦᠯᠭᠦᠮ ᠮᠧᠲ᠋ᠢᠯᠳᠤ ᠪᠧᠨ᠋ᠽᠧᠨ ᠤ ᠬᠠᠮᠲᠤ ᠪᠤᠴᠠᠯᠭᠠᠵᠤ ᠤᠰᠤ ᠶᠢ ᠰᠠᠯᠭᠠᠬᠤ ᠵᠡᠷᠭᠡ TESP ᠮᠡᠷᠭᠡᠵᠢᠯ ᠢ ᠬᠡᠷᠡᠭᠯᠡᠵᠦ᠂ ᠬᠦᠷᠡᠩ ᠨᠡᠭᠦᠷᠡᠰᠦ ᠪᠠᠷ ᠲᠦᠭᠦᠬᠡᠢ ᠮᠠᠲ᠋ᠧᠷᠢᠶᠠᠯ ᠪᠣᠯᠭᠠᠨ᠂ ᠪᠥᠭᠡᠭᠡᠨᠡᠷᠡᠯ ᠢ ᠴᠢᠭᠯᠡᠯ ᠲᠠᠢ ᠪᠣᠬᠢᠷᠳᠤᠯ ᠦᠭᠡᠢ ᠰᠠᠯᠭᠠᠨ᠂ ᠬᠡᠪ ᠤᠨ ᠳᠤᠯᠠᠭᠠᠨ ᠬᠡᠪ ᠤᠨ ᠳᠠᠷᠤᠯᠲᠠ ᠳᠣᠣᠷ᠎ᠠ ᠴᠡᠪᠡᠷᠴᠡ ᠨᠢ ᠥᠨᠳᠥᠷ ᠳᠠᠩ ᠪᠧᠨ᠋ᠽᠧᠨ ᠤ ᠴᠠᠭᠠᠷᠢᠭᠲᠤ ᠦᠨᠦᠷᠲᠦ ᠪᠦᠯᠦᠭ ᠤᠨ ᠨᠢᠭᠡᠳᠪᠦᠷᠢ ᠶᠢ ᠦᠢᠯᠡᠳᠪᠦᠷᠢᠯᠡᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠪᠧᠨ᠋ᠽᠧᠨᠲᠤ ᠮᠧᠲ᠋ᠢᠯ ᠠᠯᠳᠧᠭᠢᠳ᠋᠂ ᠪᠧᠨ᠋ᠽᠧᠨᠲᠤ ᠮᠧᠲ᠋ᠢᠯ ᠠᠯᠺᠤᠤᠯ᠂ ᠪᠧᠨ᠋ᠽᠧᠨᠲᠤ ᠮᠧᠲ᠋ᠢᠯ ᠬᠦᠴᠢᠯ ᠵᠡᠷᠭᠡ ᠦᠨᠦᠷᠲᠦ ᠪᠦᠯᠦᠭ ᠤᠨ ᠨᠢᠭᠡᠳᠪᠦᠷᠢ ᠶᠢ ᠢᠳᠡᠭᠡᠨ᠂ ᠵᠠᠰᠠᠯ ᠴᠢᠮᠡᠭᠯᠡᠯ ᠤᠨ ᠡᠳ᠋᠂ ᠡᠮ ᠡᠮᠨᠡᠯᠭᠡ ᠵᠡᠷᠭᠡ ᠤᠯᠠᠨ ᠬᠦᠷᠢᠶᠡᠨ ᠳᠤ ᠥᠷᠭᠡᠨ ᠢᠶᠠᠷ ᠬᠡᠷᠡᠭᠯᠡᠳᠡᠭ ᠪᠠᠶᠢᠨ᠎ᠠ᠃ ᠮᠠᠨ ᠤ ᠣᠷᠣᠨ ᠤ ᠨᠡᠭᠦᠷᠡᠰᠦᠨ ᠤ ᠪᠦᠭᠦ ᠬᠠᠳᠠᠭᠠᠯᠠᠭᠳᠠᠴᠠ ᠳᠣᠲᠣᠷ᠎ᠠ ᠬᠦᠷᠡᠩ ᠨᠡᠭᠦᠷᠡᠰᠦ ᠪᠠᠷᠤᠭ ᠬᠠᠭᠠᠰ ᠣᠷᠴᠢᠮ ᠢ ᠡᠵᠡᠯᠡᠵᠦ ᠪᠠᠶᠢᠳᠠᠭ᠃ ᠬᠡᠷᠬᠢᠨ ᠬᠦᠷᠡᠩ ᠨᠡᠭᠦᠷᠡᠰᠦ ᠶᠢ ᠪᠣᠬᠢᠷᠳᠤᠯ ᠦᠭᠡᠢ ᠶᠡᠷᠦᠩᠬᠡᠶᠢᠯᠡᠨ ᠠᠰᠢᠭᠯᠠᠬᠤ ᠨᠢ ᠡᠨᠧᠷᠭᠢ ᠶᠢᠨ ᠠᠰᠠᠭᠤᠳᠠᠯ᠂ ᠣᠷᠴᠢᠨ ᠲᠣᠭᠤᠷᠢᠨ ᠤ ᠠᠰᠠᠭᠤᠳᠠᠯ ᠪᠤᠯᠬᠤ ᠪᠠᠷ ᠦᠯᠦ ᠪᠠᠷᠠᠮ᠂ ᠮᠥᠨ ᠴᠤ ᠠᠵᠤ ᠠᠬᠤᠢ ᠶᠢᠨ ᠠᠰᠠᠭᠤᠳᠠᠯ ᠪᠠᠶᠢᠵᠤ᠂ ᠥᠪᠡᠷᠲᠡᠭᠡᠨ ᠵᠠᠰᠠᠬᠤ ᠣᠷᠣᠨ ᠤ ︽ᠬᠤᠣᠰ ᠨᠡᠭᠦᠷᠡᠰᠦᠳᠦ᠋ᠷᠦᠭᠴᠢ︾ ᠶᠢᠨ ᠬᠠᠷᠠᠯᠲᠠ ᠶᠢ ᠪᠡᠶᠡᠯᠡᠭᠦᠯᠬᠦ ᠪᠣᠯᠣᠨ ᠠᠵᠤ ᠠᠬᠤᠢ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠶᠢᠨ ᠴᠢᠬᠤᠯᠠ ᠠᠰᠠᠭᠤᠳᠠᠯ ᠪᠣᠯᠤᠭᠰᠠᠨ ᠪᠠᠶᠢᠨ᠎ᠠ᠃      ᠮᠠ ᠯᠢ ᠲᠦᠩ ᠫᠷᠤᠹᠧᠰᠰᠤᠷ ᠤᠨ ᠲᠠᠨᠢᠯᠴᠠᠭᠤᠯᠬᠤ ᠪᠠᠷ᠂ ᠬᠦᠷᠡᠩ ᠨᠡᠭᠦᠷᠡᠰᠦ ᠪᠣᠯ ᠲᠦᠯᠡᠰᠢ ᠮᠥᠨ᠂ ᠪᠠᠰᠠ ᠴᠤ ᠴᠢᠬᠤᠯᠠ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠮᠥᠨ᠃ ᠬᠦᠷᠡᠩ ᠨᠡᠭᠦᠷᠡᠰᠦ ᠠᠴᠠ ᠦᠨᠦᠷᠲᠦ ᠪᠦᠯᠦᠭ ᠤᠨ ᠨᠢᠭᠡᠳᠪᠦᠷᠢ ᠶᠢ ᠦᠢᠯᠡᠳᠪᠦᠷᠢᠯᠡᠨ ᠭᠠᠷᠭᠠᠬᠤ ᠨᠢ ᠬᠦᠷᠡᠩ ᠨᠡᠭᠦᠷᠡᠰᠦ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢᠨ ᠴᠢᠬᠤᠯᠠ ᠭᠡᠯᠪᠡᠷᠢ ᠮᠥᠨ᠃ ᠬᠦᠷᠡᠩ ᠨᠡᠭᠦᠷᠡᠰᠦᠨ ᠳᠤ ᠪᠧᠨ᠋ᠽᠧᠨ ᠴᠠᠭᠠᠷᠢᠭ᠂ ᠬᠦᠴᠢᠯᠲᠥ᠋ᠷᠥᠭᠴᠢᠲᠦ ᠨᠦᠯᠦᠭᠡᠳᠤ ᠪᠦᠯᠦᠭ ︵-COOH、-CHO、-OH)︶ ᠪᠣᠯᠣᠨ ᠬᠠᠵᠠᠭᠤ ᠶᠢᠨ ᠬᠡᠯᠬᠢᠶ᠎ᠡ ᠵᠡᠷᠭᠡ ᠪᠦᠲᠦᠴᠡ ᠡᠯᠪᠡᠭ ᠠᠭᠤᠯᠤᠭᠳᠠᠵᠤ᠂ ᠦᠨᠦᠷᠲᠦ ᠪᠦᠯᠦᠭ ᠤᠨ ᠨᠢᠭᠡᠳᠪᠦᠷᠢ ᠶᠢ ᠦᠢᠯᠡᠳᠴᠦ ᠭᠠᠷᠭᠠᠬᠤ  ᠳᠤ ᠤᠨᠤᠯ ᠤᠨ ᠰᠠᠭᠤᠷᠢ ᠪᠣᠯᠣᠨ ᠡᠬᠢ ᠪᠠᠶᠠᠯᠢᠭ ᠤᠨ ᠰᠠᠭᠤᠷᠢ ᠶᠢ ᠬᠠᠩᠭᠠᠭᠰᠠᠨ ᠭᠡᠨ᠎ᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1