ᠲᠣᠭᠲᠠᠬᠤ ᠰᠢᠶᠠᠨ 2024 ᠣᠨ ᠤ ︽ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ᠂ ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠬᠥᠮᠦᠵᠢᠯ ᠦᠢᠯᠡᠳᠦᠯᠭᠡ ᠶᠢᠨ ᠪᠠᠶᠢᠭᠤᠯᠤᠯᠲᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/4/29
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ  ᠨᠠᠶᠢᠳᠠᠪᠦᠷᠢᠵᠢᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠷᠢᠨ ᠣᠨᠣᠪᠴᠢᠲᠠᠶ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠣᠭᠲᠠᠬᠤ ᠰᠢᠶᠠᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠡᠯ᠎ᠡ ᠵᠦᠢᠯ ᠤᠨ ᠠᠵᠢᠯ ᠢ ᠪᠣᠳᠠᠲᠠᠢ ᠲᠥᠷᠥᠭᠳᠡᠯ ᠲᠠᠢ ᠪᠦᠲᠦᠮᠵᠢᠲᠡᠢ ᠰᠠᠶᠢᠲᠤᠷ ᠬᠢᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠤᠶᠤᠨ ᠰᠠᠨᠠᠭᠠᠨ ᠤ ᠬᠦᠴᠦᠨ ᠴᠢᠳᠠᠯ ᠢ ᠨᠢᠭᠲᠠᠷᠠᠭᠤᠯᠬᠤ ᠶᠢᠨ ᠲᠦᠯᠦᠭᠡ᠂ 4 ᠳ᠋ᠤᠭᠡᠷ ᠰᠠᠷ᠎ᠠ ᠶᠢᠨ 26  ᠤ ᠡᠳᠦᠷ᠂ ᠲᠣᠭᠲᠠᠬᠤ ᠰᠢᠶᠠᠨ ᠤ 2024 ᠣᠨ ᠤ ︽ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ᠂ ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠵᠢᠴᠢ ︽ᠭᠤᠷᠪᠠᠨ ᠣᠷᠳᠣᠨ ᠨᠢᠭᠡ ᠦᠵᠡᠭᠦᠯᠦᠯᠭᠡ ᠨᠢᠭᠡ ᠵᠠᠮ ᠳᠠᠭᠠᠤ︾ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠦᠢᠯᠡᠳᠦᠯᠭᠡ ᠶᠢᠨ ᠪᠠᠶᠢᠭᠤᠯᠤᠯᠲᠠ ᠶᠢᠨ ᠡᠬᠢᠯᠡᠯᠲᠡ ᠶᠢᠨ ᠶᠣᠰᠣᠯᠠᠯ ᠲᠣᠭᠲᠠᠬᠤ ᠰᠢᠶᠠᠨ ᠤ ᠤᠮᠠᠷᠠᠲᠤ ᠬᠢᠯᠢ ᠶᠢᠨ ᠰᠣᠶᠣᠯ ᠤᠨ ᠬᠤᠩᠭᠢᠯ ᠳᠤ ᠶᠠᠪᠤᠭᠳᠠᠪᠠ᠂ ᠲᠤᠰ ᠤᠳᠠᠭ᠎ᠠ ᠶᠢᠨ ᠠᠵᠢᠯᠯᠠᠭ᠎ᠠ ᠨᠢ ︽ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠣᠷᠣᠨ ᠢ ᠪᠦᠬᠦ ᠲᠠᠯ᠎ᠠ ᠪᠠᠷ ᠪᠠᠶᠢᠭᠤᠯᠤᠨ ᠪᠠᠬᠢᠵᠢᠭᠦᠯᠦᠶ᠎ᠡ︾ ᠭᠡᠬᠦ ᠭᠤᠣᠯ ᠰᠡᠳᠦᠪ ᠢᠶᠠᠷ ᠶᠠᠪᠤᠭᠳᠠᠵᠠᠢ᠃      ᠠᠵᠢᠯᠯᠠᠭ᠎ᠠ ᠶᠢᠨ ᠠᠬᠤᠢ ᠲᠠᠯᠠᠪᠠᠶ ᠳᠤ ᠬᠥᠷ ᠬᠥᠭᠵᠢᠶᠡᠨ ᠲᠠᠢ᠂ ᠣᠷᠭᠢᠯᠤᠮ᠎ᠠ ᠬᠠᠯᠠᠭᠤᠨ ᠰᠡᠳᠬᠢᠯᠭᠡ ᠲᠠᠢ ᠤᠷᠠᠨ ᠰᠠᠶᠢᠬᠠᠨ ᠤ ᠲᠣᠭᠯᠠᠯᠲᠠ᠂ ᠪᠦᠲᠦᠭᠡᠯᠴᠢ ᠰᠡᠳᠬᠢᠮᠵᠢ ᠪᠠᠷ ᠳᠦᠭᠦᠷᠡᠩ ᠬᠠᠤᠯᠢ ᠪᠠᠷ ᠵᠠᠰᠠᠬᠤ ᠤᠬᠠᠭᠤᠯᠭ᠎ᠠ ᠪᠠ ᠰᠣᠶᠣᠯ ᠤᠨ ᠠᠭᠤᠷ ᠠᠮᠢᠰᠬᠤᠯ ᠢᠶᠠᠷ ᠪᠠᠶᠠᠯᠢᠭ ᠬᠥᠮᠦᠵᠢᠯ ᠦᠢᠯᠡᠳᠦᠯᠭᠡ ᠶᠢᠨ ᠦᠵᠡᠭᠦᠯᠦᠯᠭᠡ ᠶᠢᠨ ᠣᠷᠳᠣᠨ ᠨᠢ ᠦᠢ ᠣᠯᠠᠨ ᠬᠥᠮᠥᠰ ᠤᠨ ᠠᠩᠬᠠᠷᠤᠯ ᠢ ᠲᠠᠲᠠᠵᠠᠢ᠃       ᠣᠶᠢᠷ᠎ᠠ ᠶᠢᠨ ᠵᠢᠯ ᠤᠳ ᠲᠤ᠂ ᠲᠣᠭᠲᠠᠬᠤ ᠰᠢᠶᠠᠨ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠶ᠎ᠡ︾ ᠭᠡᠬᠦ ᠰᠢᠷᠢᠰ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠰᠢᠨ᠎ᠡ ᠪᠠᠷ ᠥᠷᠨᠢᠭᠦᠯᠵᠦ᠂ ᠲᠡᠷᠡᠴᠢᠯᠡᠨ ᠦᠨᠳᠦᠰᠦᠲᠡᠨ ᠤ ᠠᠵᠢᠯ ᠢ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠭᠤᠰᠬᠠᠨ ᠣᠷᠣᠭᠤᠯᠵᠤ᠂ ᠣᠷᠣᠨ ᠤ ᠲᠥᠪ ᠤᠨ ᠲᠣᠭᠤᠷᠢᠨ ᠳᠤ ︽ᠦᠵᠡᠰᠬᠦᠯᠡᠩᠲᠦ ᠰᠠᠶᠢᠬᠠᠨ ᠬᠥᠬᠡᠬᠤᠲᠠ᠂ ᠲᠠᠯ᠎ᠠ ᠨᠤᠲᠤᠭ ᠤᠨ ᠬᠤᠲᠠ︾ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ᠂ ︽ᠭᠤᠷᠪᠠᠨ ᠬᠤᠲᠠ︾ ᠶᠢ ᠴᠢᠷᠮᠠᠶᠢᠨ ᠪᠠᠶᠢᠭᠤᠯᠬᠤ᠂ ︽ᠳᠥᠷᠪᠡᠨ ᠣᠷᠣᠨ ᠪᠦᠰᠡ ᠶᠢᠨ ᠲᠥᠪ︾ ᠢ ᠪᠦᠲᠦᠭᠡᠨ ᠪᠠᠶᠢᠭᠤᠯᠬᠤ᠂ ︽ᠳᠥᠷᠪᠡᠨ ᠶᠡᠭᠡ ᠠᠵᠤ ᠠᠬᠤᠢ ᠶᠢᠨ ᠲᠣᠭᠤᠷᠢᠭ︾ ᠲᠤ ᠠᠭᠤᠰᠤᠯᠴᠠᠬᠤ ᠶᠢ ᠠᠬᠢᠭᠤᠯᠬᠤ᠂ ︽ᠲᠠᠪᠤᠨ ᠲᠣᠬᠢᠷᠠᠮᠵᠢᠲᠠᠢ︾ ᠬᠤᠲᠠ ᠶᠢ ᠪᠦᠲᠦᠭᠡᠨ ᠪᠠᠶᠢᠭᠤᠯᠬᠤ᠂ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠯᠡᠯ︾ ᠢ ᠪᠣᠶᠢᠵᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ᠂ ᠲᠣᠭᠲᠠᠬᠤ ᠣᠨᠴᠠᠯᠢᠭ ᠲᠠᠢ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠵᠠᠮ ᠢ ᠨᠡᠭᠡᠭᠡᠭᠰᠡᠨ ᠪᠠᠶᠢᠨ᠎ᠠ᠃ ᠤᠷᠢᠳ ᠬᠤᠵᠢᠳ ︽ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ︾ ︽ᠥᠪᠡᠷᠲᠡᠭᠡᠨ ᠵᠠᠰᠠᠬᠤ ᠣᠷᠣᠨ ᠤ ᠴᠡᠴᠡᠷᠯᠢᠭ ᠤᠨ ᠰᠢᠶᠠᠨ ᠤ ᠬᠤᠲᠠ︾ ︽ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠰᠢᠶᠠᠨ︾ ᠤ ᠢᠷᠠᠭᠤ ᠠᠯᠳᠠᠷ ᠢ ᠭᠥᠷᠳᠡᠪᠡ᠃ ᠣᠲᠣ ᠪᠣᠯᠲᠠᠯ᠎ᠠ᠂ ᠲᠣᠭᠲᠠᠬᠤ ᠰᠢᠶᠠᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠰᠬᠤᠨ 2᠂ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠨᠢᠭᠡᠴᠡ 1᠂ ᠬᠤᠲᠠ ᠶᠢᠨ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ 83᠂ ᠪᠥᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ 1 ᠪᠣᠶ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1