ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠷᠢᠶᠠᠴᠢᠳ ᠲᠤ ᠴᠢᠭᠯᠡᠭᠦᠯᠦᠭᠰᠡᠨ ᠰᠦᠯᠵᠢᠶᠡᠨ ᠤ ᠮᠡᠬᠡᠯᠡᠯ ᠤᠨ ᠰᠢᠷᠢᠰ ᠬᠡᠷᠡᠭ ᠢ ᠠᠮᠵᠢᠯᠲᠠᠲᠠᠢ ᠢᠯᠡᠷᠡᠭᠦᠯᠪᠡ
ᠨᠡᠶᠢᠲᠡᠯᠡᠭᠰᠡᠨ ᠴᠠᠭ᠄
2024/4/29
      ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠨᠢᠰᠬᠦ ᠮᠡᠲᠦ ᠲᠦᠷᠭᠡᠨ ᠬᠥᠭᠵᠢᠵᠦ᠂ ᠰᠦᠯᠵᠢᠶᠡᠨ ᠤ ᠰᠣᠯᠢᠯᠴᠠᠭ᠎ᠠ ᠨᠢ ᠤᠳᠤ ᠦᠶ᠎ᠡ ᠶᠢᠨ ᠠᠮᠢᠳᠤᠷᠠᠯ ᠤᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠪᠠᠶᠢᠨ᠎ᠠ᠃ ᠭᠡᠪᠡᠴᠦ ᠳᠥᠭᠦᠮ ᠦᠵᠡᠭᠦᠯᠬᠦ ᠶᠢᠨ ᠠᠷᠤ ᠳᠤ ᠮᠠᠰᠢ ᠣᠯᠠᠨ ᠠᠶᠤᠯ ᠲᠦᠭᠰᠢᠭᠦᠷᠢ ᠨᠢᠭᠤᠭᠳᠠᠵᠤ ᠪᠠᠶᠢᠳᠠᠭ᠂ ᠢᠯᠠᠩᠭᠤᠶ᠎ᠠ ᠰᠦᠯᠵᠢᠶᠡᠨ ᠳᠡᠭᠡᠷᠡᠬᠢ ᠠᠷᠠᠯᠵᠢᠶᠠᠨ ᠤ ᠳᠤᠮᠳᠠᠬᠢ ᠮᠡᠬᠡᠯᠡᠬᠦ ᠠᠵᠢᠯᠯᠠᠭ᠎ᠠ ᠨᠢ ᠬᠡᠷᠡᠭᠯᠡᠭᠴᠢᠳ ᠤᠨ ᠠᠵᠤ ᠠᠬᠤᠢ ᠶᠢᠨ ᠠᠰᠢᠭ ᠲᠤᠰᠠ ᠳᠤ ᠬᠠᠯᠳᠠᠭᠰᠠᠨ ᠢᠶᠠᠷ ᠪᠠᠷᠠᠬᠤ ᠦᠭᠡᠢ᠂ ᠨᠡᠩ ᠴᠤ ᠵᠠᠬ᠎ᠠ ᠳᠡᠯᠭᠡᠭᠦᠷ ᠤᠨ ᠠᠷᠠᠯᠵᠢᠶᠠᠨ ᠤ ᠦᠨᠡᠨᠴᠢ ᠢᠲᠡᠭᠡᠮᠵᠢ ᠶᠢᠨ ᠰᠠᠭᠤᠷᠢ ᠶᠢ ᠡᠪᠳᠡᠭᠰᠡᠨ ᠪᠠᠶᠢᠨ᠎ᠠ᠃ ᠣᠶᠢᠷ᠎ᠠ ᠳᠤ᠂ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠬᠠᠨ ᠮᠡᠬᠡᠯᠡᠬᠦ ᠶᠢ ᠡᠰᠡᠷᠭᠦᠴᠡᠬᠦ ᠲᠥᠪ ᠲᠤ ᠲᠠᠷᠢᠶᠠᠴᠢᠳ ᠤᠨ ᠲᠠᠷᠢᠶᠠᠯᠠᠩ ᠤᠨ ᠪᠠᠭᠠᠵᠢ ᠬᠡᠷᠡᠭᠰᠡᠯ ᠬᠤᠳᠠᠯᠳᠤᠨ ᠠᠪᠬᠤ ᠳᠤ ᠴᠢᠭᠯᠡᠭᠦᠯᠦᠭᠰᠡᠨ ᠮᠡᠬᠡᠯᠡᠯ ᠤᠨ ᠰᠢᠷᠢᠰ ᠬᠡᠷᠡᠭ ᠢ ᠠᠮᠵᠢᠯᠲᠠᠲᠠᠢ ᠢᠯᠡᠷᠡᠭᠦᠯᠵᠦ᠂ ᠬᠤᠬᠢᠷᠠᠯ ᠠᠮᠰᠠᠭᠰᠠᠨ ᠣᠯᠠᠨ ᠲᠦᠮᠡᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠭᠰᠠᠨ ᠢᠶᠠᠷ ᠪᠠᠷᠠᠬᠤ ᠦᠭᠡᠢ ᠨᠠᠩ ᠴᠤ ᠰᠦᠯᠵᠢᠶᠡᠨ ᠤ ᠠᠷᠠᠯᠵᠢᠶᠠᠨ ᠤ ᠣᠷᠴᠢᠨ ᠨᠥᠬᠦᠴᠡᠯ ᠤᠨ ᠲᠥᠪ ᠭᠤᠥᠯᠴᠢ ᠪᠠ ᠦᠨᠡᠨᠴᠢ ᠢᠲᠡᠭᠡᠮᠵᠢᠲᠡᠢ ᠪᠠᠶᠢᠬᠤ ᠶᠢ ᠬᠠᠮᠠᠭᠠᠯᠠᠵᠤ᠂ ᠲᠠᠷᠢᠶᠠᠨ ᠭᠠᠵᠠᠷ ᠲᠤ ᠰᠢᠷᠭᠠᠭᠤ ᠬᠠᠲᠠᠭᠤᠵᠢᠯᠲᠠᠢ ᠠᠵᠢᠯᠯᠠᠵᠤ ᠪᠠᠶᠢᠭ᠎ᠠ ᠲᠠᠷᠢᠶᠠᠴᠢᠳ ᠲᠤ ᠬᠠᠤᠯᠢ ᠴᠠᠭᠠᠵᠠ ᠶᠢᠨ ᠬᠠᠮᠠᠭᠠᠯᠠᠯᠲᠠ ᠶᠢ ᠣᠯᠭᠤᠭᠰᠠᠨ ᠪᠠᠶᠢᠨ᠎ᠠ᠃      2024 ᠣᠨ ᠤ 3 ᠳ᠋ᠤᠭᠠᠷ ᠰᠠᠷ᠎ᠠ   ᠶᠢᠨ 22 ᠤᠨ ᠡᠳᠦᠷ᠂ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠮᠡᠬᠡᠯᠡᠬᠦ ᠠᠵᠢᠯᠯᠠᠭ᠎ᠠ ᠶᠢ ᠡᠰᠡᠷᠭᠦᠴᠡᠬᠦ ᠲᠥᠪ ᠵᠠᠩ ᠣᠪᠣᠭᠲᠤ 1 ᠳ᠋ᠤᠭᠡᠷ ᠰᠠᠷ᠎ᠠ ᠶᠢᠨ ᠦᠶ᠎ᠡ ᠪᠠᠷ ᠰᠦᠯᠵᠢᠶᠡᠨ ᠤ ᠲᠠᠪᠴᠠᠩ ᠢᠶᠠᠷ ᠳᠠᠮᠵᠢᠭᠤᠯᠤᠨ ᠲᠠᠷᠢᠶᠠᠯᠠᠩ ᠳᠤ ᠬᠡᠷᠡᠭᠯᠡᠬᠦ ᠭᠤᠷᠪᠠᠨ ᠬᠦᠷᠳᠦᠲᠦ ᠲᠡᠷᠭᠡ ᠬᠤᠳᠠᠯᠳᠤᠨ ᠠᠪᠬᠤ ᠪᠠᠷ ᠭᠤᠶᠤᠴᠢᠯᠠᠭᠰᠠᠨ ᠮᠡᠳᠡᠭᠡ ᠵᠠᠩᠭᠢ ᠪᠠᠨ ᠨᠡᠶᠢᠲᠡᠯᠡᠭᠰᠡᠨ ᠭᠡᠵᠦ ᠴᠠᠭᠳᠠᠭ᠎ᠠ ᠳᠤ ᠮᠡᠳᠡᠭᠦᠯᠵᠡᠢ᠃ ᠤᠳᠠᠯ ᠦᠭᠡᠢ ᠲᠡᠷᠡ ᠬᠤᠳᠠᠯᠳᠤᠭᠴᠢ ᠠᠴᠠ ᠢᠷᠡᠭᠰᠡᠨ ᠮᠡᠳᠡᠭᠡ ᠵᠠᠩᠭᠢ ᠪᠣᠯᠣᠨ ᠭᠤᠷᠪᠠᠨ ᠬᠦᠷᠳᠦᠲᠦ ᠲᠡᠷᠭᠡᠨ ᠤ ᠭᠡᠷᠡᠯ ᠵᠢᠷᠤᠭ ᠢ ᠣᠯᠵᠤ᠂ ᠬᠤᠶᠠᠷ ᠲᠠᠯ᠎ᠠ ᠪᠠᠷ ᠢᠶᠠᠨ ᠵᠥᠪᠳᠡᠯᠴᠡᠭᠰᠡᠨ ᠤ ᠳᠠᠷᠠᠭ᠎ᠠ ᠤᠷᠢᠳ ᠢᠶᠠᠷ ᠪᠣᠯᠵᠣᠭᠠᠨ ᠤ ᠮᠥᠩᠭᠦ ᠪᠠᠨ ᠲᠤᠰᠢᠶᠠᠭᠰᠠᠨ ᠤ ᠳᠠᠷᠠᠭ᠎ᠠ ᠪᠠᠷᠠᠭ᠎ᠠ ᠪᠠᠨ ᠬᠤᠷᠢᠶᠠᠨ ᠠᠪᠬᠤ ᠠᠷᠠᠯᠵᠢᠶᠠᠨ ᠤ ᠬᠡᠯᠡᠯᠴᠡᠭᠡᠷ ᠲᠣᠭᠲᠠᠪᠠ᠃ ᠭᠡᠲᠡᠯ᠎ᠡ 5000 ᠲᠥᠭᠦᠷᠢᠭ ᠤᠨ ᠪᠣᠯᠵᠣᠭᠠᠨ ᠤ ᠮᠥᠩᠭᠦ ᠲᠤᠰᠢᠶᠠᠭᠰᠠᠨ ᠤ ᠳᠠᠷᠠᠭ᠎ᠠ ᠵᠠᠩ ᠣᠪᠣᠭᠲᠤ ᠶᠢᠨ ᠭᠤᠷᠪᠠᠨ ᠬᠦᠷᠳᠦᠲᠦ ᠲᠡᠷᠭᠡ ᠨᠢ ᠬᠠᠷᠢᠨ ᠰᠤᠷᠠᠭ ᠴᠢᠮᠡᠭᠡ ᠦᠭᠡᠢ ᠪᠠᠶᠢᠪᠠ᠃ ᠣᠯᠠᠨ ᠤᠳᠠᠭ᠎ᠠ ᠰᠢᠪᠠᠳᠠᠭᠠᠳ ᠶᠠᠮᠠᠷ ᠴᠤ ᠦᠷ᠎ᠡ ᠳ᠋ᠦᠩ ᠦᠭᠡᠢ ᠪᠣᠯᠤᠭᠰᠠᠨ ᠤ ᠳᠠᠷᠠᠭ᠎ᠠ᠂ ᠲᠡᠷᠡ ᠮᠡᠬᠡᠯᠡᠭᠳᠡᠭᠰᠡᠨ ᠮᠡᠳᠡᠭᠡᠳ ᠴᠠᠭᠳᠠᠭ᠎ᠠ ᠳᠤ ᠮᠡᠳᠡᠭᠦᠯᠬᠦ ᠪᠠᠷ ᠪᠣᠯᠪᠠ᠃
     ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠢᠬᠠᠨ ᠮᠡᠬᠡᠯᠡᠬᠦ ᠶᠢ ᠡᠰᠡᠷᠭᠦᠴᠡᠬᠦ ᠲᠥᠪ ᠬᠡᠷᠡᠭ ᠮᠡᠳᠡᠭᠦᠯᠦᠭᠰᠡᠨ ᠤ ᠳᠠᠷᠠᠭ᠎ᠠ ᠲᠡᠷᠡ ᠳᠠᠷᠤᠢ ᠳᠤᠨᠢ ᠪᠠᠶᠢᠴᠠᠭᠠᠯᠲᠠ ᠬᠢᠪᠡ᠃ ᠠᠷᠠᠳ ᠤᠨ ᠴᠠᠭᠳᠠᠭ᠎ᠠ ᠨᠠᠷ ᠵᠠᠩ ᠣᠪᠣᠭᠲᠤ ᠶᠢᠨ ᠬᠠᠩᠭᠠᠭᠰᠠᠨ ᠮᠡᠳᠡᠭᠡ ᠵᠠᠩᠭᠢ ᠶᠢ ᠠᠰᠢᠭᠯᠠᠨ᠂ ᠶᠠᠯ᠎ᠠ ᠬᠢᠭᠰᠡᠨ ᠰᠡᠵᠢᠭᠲᠡᠨ ᠹᠧᠩ ᠣᠪᠣᠭᠲᠤ ᠶᠢ ᠦᠳᠲᠡᠷ ᠲᠦᠷᠭᠡᠨ ᠢᠶᠠᠷ ᠪᠠᠶᠢᠴᠠᠭᠠᠨ ᠲᠣᠳᠣᠯᠠᠵᠤ᠂ ᠰᠦᠯᠵᠢᠶᠡᠨ ᠳᠡᠭᠡᠷ᠎ᠡ ᠣᠷᠭᠤᠳᠤᠤᠯ ᠢ ᠨᠡᠬᠡᠮᠵᠢᠯᠡᠬᠦ ᠵᠠᠷᠯᠢᠭ ᠪᠠᠭᠤᠯᠭᠠᠪᠠ᠃ 3 ᠳ᠋ᠤᠭᠠᠷ ᠰᠠᠷ᠎ᠠ ᠶᠢᠨ 26 ᠤ ᠡᠳᠦᠷ᠂ ᠦᠴᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠠᠪᠰᠤᠷᠤᠯᠭ᠎ᠠ ᠳᠣᠣᠷ᠎ᠠ᠂ ᠹᠧᠩ ᠣᠪᠣᠭᠲᠤ ᠶᠢ ᠠᠮᠵᠢᠯᠲᠠ ᠲᠠᠢ ᠪᠠᠷ ᠪᠠᠷᠢᠪᠴᠢᠯᠠᠭᠰᠠᠨ ᠪᠥᠭᠡᠳ ᠲᠤᠭᠳᠠᠬᠤ ᠰᠢᠶᠠᠨ ᠳᠤ ᠪᠠᠷᠢᠵᠤ ᠬᠦᠷᠭᠡᠵᠡᠢ᠃      ᠪᠠᠶᠢᠴᠠᠭᠠᠯᠲᠠ ᠶᠢᠨ ᠭᠦᠨᠵᠡᠭᠡᠶᠢᠷᠡᠬᠦ ᠶᠢ ᠳᠠᠭᠠᠯᠳᠤᠨ᠂ ᠵᠠᠩ ᠣᠪᠣᠭᠲᠤ ᠶᠢᠨ ᠭᠠᠷ ᠤᠲᠠᠰᠤᠨ ᠤ ᠰᠣᠯᠢᠯᠴᠠᠭᠠᠨ ᠤ ᠬᠡᠪ ᠤᠨ ᠪᠤᠰᠤ ᠲᠡᠮᠳᠡᠭᠯᠡᠯ ᠨᠢ ᠠᠷᠠᠳ ᠤᠨ ᠴᠠᠭᠳᠠᠭ᠎ᠠ ᠶᠢᠨ ᠠᠩᠬᠠᠷᠤᠯ ᠢ ᠲᠠᠲᠠᠵᠤ᠂ ᠡᠨᠡ ᠪᠣᠯ ᠨᠢᠭᠡ ᠬᠡᠷᠡᠭ ᠪᠢᠰᠢ᠂ ᠬᠠᠷᠢᠨ ᠠᠯᠢ ᠣᠯᠠᠨ ᠮᠡᠬᠡᠯᠡᠯ ᠤᠨ ᠠᠵᠢᠯᠯᠠᠭ᠎ᠠ ᠮᠥᠨ ᠭᠡᠵᠦ ᠰᠡᠵᠢᠭᠯᠡᠵᠡᠢ᠃ ᠡᠴᠦᠰ ᠲᠡᠭᠡᠨ ᠲᠡᠮᠦᠷ ᠮᠡᠲᠦ ᠬᠠᠲᠠᠭᠤ ᠪᠣᠳᠠᠲᠤ ᠬᠡᠷᠡᠭ ᠤᠨ ᠡᠮᠦᠨ᠎ᠡ᠂ ᠹᠧᠩ ᠣᠪᠣᠭᠲᠤ ᠮᠠᠰᠢ ᠲᠦᠷᠭᠡᠨ ᠢᠶᠠᠷ ᠲᠣᠯᠣᠭᠠᠢ ᠪᠠᠨ ᠤᠨᠵᠢᠭᠤᠯᠤᠨ ᠶᠠᠯ᠎ᠠ ᠪᠠᠨ ᠮᠡᠳᠡᠷᠡᠵᠦ᠂ ᠥᠪᠡᠷ ᠤᠨ ᠶᠠᠯ᠎ᠠ ᠪᠠᠨ ᠴᠠᠭᠠᠪᠤᠷᠯᠠᠪᠠ᠃ ᠤᠤᠯ ᠨᠢ ᠹᠧᠩ ᠣᠪᠣᠭᠲᠤ ᠮᠥᠷᠥᠢ ᠲᠠᠢ ᠲᠣᠭᠯᠠᠭᠠᠮ ᠳᠤ ᠰᠢᠨᠤᠭᠠᠳ ᠡᠳ᠋ ᠬᠤᠭᠰᠢᠯ ᠢᠶᠠᠨ ᠠᠯᠳᠠᠵᠤ᠂ ᠮᠡᠬᠡᠯᠡᠬᠦ ᠪᠣᠳᠣᠯ ᠲᠠᠢ ᠪᠣᠯᠵᠠᠢ᠃ 2023 ᠣᠨ ᠤ 12 ᠳ᠋ᠤᠭᠠᠷ ᠰᠠᠷ᠎ᠠ ᠠᠴᠠ ᠬᠡᠷᠡᠭ ᠭᠠᠷᠬᠤ ᠪᠣᠯᠲᠠᠯ᠎ᠠ᠂ ᠹᠧᠩ ᠣᠪᠣᠭᠲᠤ ᠲᠠᠷᠢᠶᠠᠯᠠᠩ ᠤᠨ ᠪᠠᠭᠠᠵᠢ ᠬᠡᠷᠡᠭᠰᠡᠯ ᠢ ᠬᠤᠳᠠᠯᠳᠤᠨ ᠠᠪᠬᠤ ᠮᠡᠳᠡᠭᠡ ᠵᠠᠩᠭᠢ ᠶᠢ ᠴᠤᠭᠯᠠᠭᠤᠯᠬᠤ ᠪᠠᠷ ᠳᠠᠮᠵᠢᠭᠤᠯᠤᠨ᠂ ᠲᠠᠷᠢᠶᠠᠯᠠᠩ ᠤᠨ ᠪᠠᠭᠠᠵᠢ ᠬᠡᠷᠡᠭᠰᠡᠯ ᠢ ᠬᠤᠳᠠᠯᠳᠤᠬᠤ ᠰᠢᠯᠲᠠᠭ ᠢᠶᠠᠷ ᠤᠯᠠᠨ ᠲᠠᠷᠢᠶᠠᠴᠢᠨ ᠡᠷᠤᠭᠡ ᠶᠢᠨ ᠪᠣᠯᠵᠣᠭᠠᠨ ᠤ ᠮᠥᠩᠭᠦ ᠶᠢ ᠮᠡᠬᠡᠯᠡᠨ ᠠᠪᠴᠠᠢ᠃ ᠡᠳᠡᠭᠡᠷ ᠵᠣᠭᠤᠰ ᠨᠢ ᠰᠢᠷᠭᠠᠭᠤ ᠲᠠᠷᠢᠶᠠᠯᠠᠵᠤ ᠪᠠᠶᠢᠭ᠎ᠠ ᠲᠠᠷᠢᠶᠠᠴᠢᠨ ᠡᠷᠤᠭᠡ ᠳᠤ ᠠᠪᠴᠤ ᠬᠡᠯᠡᠪᠡᠯ ᠪᠠᠭ᠎ᠠ ᠲᠤᠭ᠎ᠠ ᠪᠢᠰᠢ᠂ ᠦᠢᠯᠡᠳᠪᠦᠷᠢᠯᠡᠯ ᠤᠨ ᠬᠦᠴᠦᠨ ᠢ ᠰᠠᠶᠢᠵᠢᠷᠠᠭᠤᠯᠬᠤ ᠳᠤ ᠬᠡᠷᠡᠭᠯᠡᠵᠦ ᠪᠠᠶᠢᠭᠰᠠᠨ ᠪᠣᠯᠪᠠᠴᠤ ᠬᠠᠷᠢᠨ ᠹᠧᠩ ᠣᠪᠣᠭᠲᠤ ᠶᠢᠨ ᠵᠣᠭᠤᠰ ᠨᠠᠭᠠᠳᠬᠤ ᠪᠡᠯᠡ ᠮᠥᠩᠭᠦ ᠪᠣᠯᠵᠠᠢ᠃      ᠹᠧᠩ ᠣᠪᠣᠭᠲᠤ ᠶᠢᠨ ᠮᠡᠬᠡᠯᠡᠬᠦ ᠠᠵᠢᠯᠯᠠᠭ᠎ᠠ ᠶᠢ ᠲᠤᠶᠢᠯᠪᠤᠷᠢᠲᠠᠢ ᠪᠠᠶᠢᠴᠠᠭᠠᠨ ᠲᠣᠳᠣᠯᠠᠬᠤ ᠶᠢᠨ ᠲᠥᠯᠥᠭᠡ᠂ ᠮᠡᠬᠡᠯᠡᠨ ᠬᠢᠬᠠᠬᠤ ᠶᠢ ᠡᠰᠡᠷᠭᠦᠴᠡᠬᠦ ᠲᠥᠪ ᠤᠨ ᠠᠷᠠᠳ ᠤᠨ ᠴᠠᠭᠳᠠᠭ᠎ᠠ ᠬᠥᠬᠡᠬᠤᠲᠠ᠂ ᠪᠠᠶᠠᠨᠨᠠᠭᠤᠷ ᠬᠤᠲᠠ᠂ ᠪᠤᠭᠤᠲᠤ ᠬᠤᠲᠠ᠂ ᠤᠯᠠᠭᠠᠨᠴᠠᠪ ᠬᠤᠲᠠ ᠵᠡᠷᠭᠡ ᠣᠯᠠᠨ ᠭᠠᠵᠠᠷ ᠲᠤ ᠬᠦᠷᠴᠦ ᠪᠠᠶᠢᠴᠠᠭᠠᠨ ᠭᠡᠷᠡᠴᠢ ᠠᠪᠴᠠᠢ᠃ ᠡᠴᠦᠰ ᠲᠡᠭᠡᠨ ᠪᠠᠶᠢᠴᠠᠭᠠᠨ ᠲᠣᠳᠣᠯᠠᠭᠰᠠᠨ ᠨᠢ᠂ ᠣᠬᠤᠷᠬᠠᠨ ᠭᠤᠷᠪᠠᠨ ᠰᠠᠷ᠎ᠠ ᠶᠢᠨ ᠬᠤᠭᠤᠴᠠᠭᠠᠨ ᠳᠤ ᠹᠧᠩ ᠣᠪᠣᠭᠲᠤ ᠠᠳᠠᠯᠢᠬᠠᠨ ᠠᠷᠭ᠎ᠠ ᠪᠠᠷ 20 ᠭᠠᠷᠤᠢ ᠬᠥᠮᠥᠨ ᠢ ᠮᠡᠬᠡᠯᠡᠵᠦ᠂ ᠬᠥᠮᠥᠨ ᠪᠦᠷᠢ ᠶᠢᠨ 1000 ᠲᠥᠭᠦᠷᠢᠭ ᠠᠴᠠ10000 ᠲᠥᠭᠦᠷᠢᠭ ᠤᠨ ᠪᠣᠯᠵᠣᠭᠠᠨ ᠤ ᠮᠥᠩᠭᠦ ᠮᠡᠬᠡᠯᠡᠭᠳᠡᠵᠦ᠂ ᠬᠡᠷᠡᠭ ᠲᠤ ᠬᠤᠯᠪᠣᠭᠳᠠᠭᠰᠠᠨ ᠨᠡᠶᠢᠲᠡ ᠵᠣᠭᠤᠰ ᠤᠨ ᠲᠤᠭ᠎ᠠ ᠨᠢ 6 ᠲᠦᠮᠡ ᠭᠠᠷᠤᠢ ᠲᠥᠭᠦᠷᠢᠭ ᠲᠤ ᠬᠦᠷᠴᠡᠢ᠃      ᠣᠳᠣᠬᠠᠨ ᠳᠤ ᠲᠤᠰ ᠬᠡᠷᠡᠭ   ᠢ ᠤᠯᠠᠮ ᠨᠢᠭᠡ ᠠᠯᠬᠤᠮ ᠳᠡᠩᠨᠡᠨ ᠰᠢᠢᠳᠪᠦᠷᠢᠯᠡᠵᠦ ᠪᠠᠶᠢᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1