ᠲᠣᠭᠲᠠᠬᠤ ᠰᠢᠶᠠᠨ᠄ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠠᠭᠤᠷᠢ ᠶᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2024/4/3
      ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠦᠨᠡᠨᠴᠢ ᠢᠲᠡᠭᠡᠮᠵᠢ ᠶᠢᠨ ᠵᠠᠰᠠᠭ ᠤᠨ ᠣᠷᠳᠣᠨ ᠢ ᠪᠠᠶᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠬᠤ ᠮᠥᠷᠲᠡᠭᠡᠨ ᠪᠠᠰᠠ ᠴᠤ ᠦᠨᠡᠨᠴᠢ ᠢᠲᠡᠭᠡᠮᠵᠢ ᠶᠢᠨ ᠨᠡᠶᠢᠭᠡᠮ ᠢ ᠪᠠᠶᠢᠭᠤᠯᠬᠤ ᠶᠢᠨ ᠴᠢᠬᠤᠯᠠ ᠰᠠᠭᠤᠷᠢ ᠪᠣᠯᠣᠨ᠎ᠠ᠃ ᠣᠶᠢᠷ᠎ᠠ ᠶᠢᠨ ᠵᠢᠯ ᠠᠴᠠ᠂ ᠲᠣᠭᠲᠠᠬᠤ ᠰᠢᠶᠠᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠪᠠᠷ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠪᠣᠯᠣᠨ ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠶᠢ ᠲᠠᠶᠢᠴᠢᠯᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ ᠢ ᠨᠡᠭᠡᠭᠡᠬᠦ᠂ ᠳᠤᠮᠳᠠ ᠤᠷᠤᠰᠬᠠᠯ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠪᠠ᠃      ᠨᠢᠭᠡ ᠳᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠢᠲᠡᠭᠡᠯ ᠲᠠᠢ ᠪᠠᠶᠢᠵᠤ ᠠᠮᠠᠯᠠᠯᠲᠠ ᠪᠠᠨ ᠪᠡᠶᠡᠯᠡᠭᠦᠯᠬᠦ ᠶᠢ ᠲᠦᠯᠬᠢᠨ ᠠᠬᠢᠭᠤᠯᠪᠠ᠃ ᠬᠤᠶᠠᠳᠤᠭᠠᠷ ᠪᠦᠯᠦᠭ ᠤᠨ ︽ᠪᠥᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ︾ ᠪᠣᠯᠤᠭᠰᠠᠨ ᠤ ᠬᠤᠪᠢ ᠳᠤ᠂ ᠲᠣᠭᠲᠠᠬᠤ ᠰᠢᠶᠠᠨ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃ ᠰᠢᠶᠠᠨ ᠤ ᠨᠠᠮ ᠤᠨ ᠬᠤᠷᠢᠶ᠎ᠠ ᠶᠢᠨ ᠬᠠᠤᠯᠢ ᠶᠣᠰᠣᠭᠠᠷ ᠰᠢᠶᠠᠨ ᠢ ᠵᠠᠰᠠᠬᠤ ᠠᠯᠪᠠᠨ ᠭᠡᠷ ᠤᠨ ᠬᠢᠨ ᠰᠠᠨᠠᠭᠤᠯᠤᠮᠵᠢ ᠶᠢᠨ ᠪᠢᠴᠢᠭ ᠪᠠᠭᠤᠯᠭᠠᠬᠤ ᠬᠡᠯᠪᠡᠷᠢ ᠪᠠᠷ ᠳᠠᠮᠵᠢᠭᠤᠯᠤᠨ᠂ ᠪᠦᠬᠦ ᠰᠢᠶᠠᠨ ᠤ ᠡᠯ᠎ᠡ ᠰᠠᠯᠠᠭ᠎ᠠ ᠮᠥᠴᠢᠷ ᠤᠨ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠤᠨ ᠲᠦᠷ ᠬᠡᠷᠡᠭᠵᠢᠭᠦᠯᠬᠦ ᠳᠦᠷᠢᠮ︾ ᠢ ᠴᠢᠩᠭ᠎ᠠ ᠬᠡᠷᠡᠭᠵᠢᠭᠦᠯᠬᠦ ᠶᠢ ᠱᠠᠭᠠᠷᠳᠠᠵᠤ᠂ ᠣᠯᠠᠨ ᠨᠡᠶᠢᠲᠡ ᠶᠢᠨ ᠣᠷᠣᠯᠴᠠᠬᠤ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠵᠦ᠂ ᠲᠤᠰᠬᠠᠢ ᠮᠡᠷᠭᠡᠵᠢᠯᠲᠡᠨ ᠤ ᠨᠤᠲᠠᠯᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠲᠦᠭᠰᠢᠭᠦᠷᠢ ᠶᠢ ᠦᠨᠡᠯᠡᠨ ᠵᠢᠱᠢᠬᠦ ᠴᠢᠳᠠᠮᠵᠢ ᠶᠢ ᠭᠦᠢᠴᠡᠳ ᠪᠠᠳᠠᠷᠠᠭᠤᠯᠵᠤ᠂ ᠪᠣᠶ ᠪᠦᠬᠦᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠳᠤ ᠴᠥᠮ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠪᠠ ᠬᠠᠮᠲᠤ ᠪᠠᠷ ᠶᠠᠷᠢᠯᠴᠠᠨ ᠲᠣᠭᠲᠠᠭᠠᠬᠤ ᠲᠠᠰ ᠳᠠᠷᠠᠭᠠᠯᠠᠯ ᠢ ᠴᠢᠩᠭ᠎ᠠ ᠬᠡᠷᠡᠭᠵᠢᠭᠦᠯᠬᠦ ᠶᠢ ᠦᠨᠡᠨᠬᠦ ᠪᠠᠲᠤᠯᠠᠵᠤ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠠᠰ ᠳᠠᠷᠠᠭᠠᠯᠠᠯ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠬᠤ ᠶᠢ ᠬᠦᠴᠦᠯᠡᠨ ᠪᠡᠶᠡᠯᠡᠭᠦᠯᠵᠦ᠂ ᠰᠢᠢᠳᠪᠦᠷᠢᠲᠦ ᠪᠣᠳᠣᠯᠭ᠎ᠠ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠦᠨ ᠂ ᠰᠢᠢᠳᠪᠦᠷᠢᠲᠦ ᠪᠣᠳᠣᠯᠭ᠎ᠠ ᠶᠢᠨ ᠠᠯᠳᠠᠰᠢ ᠠᠴᠠ ᠪᠣᠯᠵᠤ ᠵᠥᠷᠢᠴᠡᠯ ᠵᠢᠭᠤᠷᠠᠯᠳᠤᠭᠠᠨ ᠡᠭᠦᠰᠬᠦ᠂ ᠨᠡᠶᠢᠭᠡᠮ ᠤᠨ ᠠᠶᠤᠯ ᠲᠦᠭᠰᠢᠭᠦᠷᠢ ᠡᠭᠦᠰᠬᠡᠬᠦ᠂ ᠬᠦᠨᠳᠦ ᠶᠡᠭᠡ ᠬᠤᠬᠢᠷᠠᠯ ᠤᠴᠠᠷᠠᠭᠤᠯᠬᠤ ᠠᠴᠠ ᠦᠨᠡᠨᠬᠦ ᠵᠠᠶᠢᠯᠠᠰᠬᠢᠵᠦ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠪᠠ ᠬᠡᠷᠡᠭᠵᠢᠭᠦᠯᠬᠦ ᠬᠦᠴᠦᠨ ᠢ ᠲᠠᠰᠤᠷᠠᠯᠲᠠ ᠦᠭᠡᠢ ᠲᠡᠭᠡᠭᠰᠢᠯᠡᠭᠦᠯᠪᠡ᠃      ᠬᠤᠶᠠᠷ ᠲᠤ᠂ ᠰᠤᠷᠭᠠᠨ ᠬᠥᠮᠥᠵᠢᠭᠦᠯᠬᠦ ᠶᠢ ᠲᠡᠷᠢᠭᠦᠨ ᠳᠤ ᠲᠠᠯᠪᠢᠬᠤ᠂ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ᠂ ᠵᠠᠰᠠᠬᠤ ᠶᠢ ᠭᠤᠣᠯᠳᠠᠯᠭ᠎ᠠ ᠲᠠᠢ ᠪᠣᠯᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠢᠲᠡᠭᠡᠯ ᠠᠯᠳᠠᠬᠤ ᠶᠢ ᠵᠠᠰᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠦ᠂ ᠰᠢᠨ᠎ᠡ ᠨᠣᠶᠠᠨ ᠬᠠᠭᠤᠴᠢᠨ ᠲᠠᠩᠰᠠ ᠶᠢ ᠬᠠᠮᠢᠶᠠᠷᠬᠤ ᠦᠭᠡᠢ᠂ ᠲᠥᠷᠥ ᠶᠢᠨ ᠪᠣᠳᠣᠯᠭ᠎ᠠ ᠶᠢ ᠪᠡᠶᠡᠯᠡᠭᠦᠯᠬᠦ ᠦᠭᠡᠢ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠲᠠᠩᠰᠠᠨ ᠤ ᠵᠣᠭᠤᠰ ᠢ ᠥᠷᠢᠲᠦᠬᠦ ᠵᠡᠷᠭᠡ ᠪᠣᠯ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠪᠡᠷᠬᠡ ᠠᠰᠠᠭᠤᠳᠠᠯ ᠮᠥᠨ᠂ ᠪᠠᠰᠠ ᠴᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ ︽ᠪᠡᠷᠬᠡ ᠠᠰᠠᠭᠤᠳᠠᠯ︾ ᠮᠥᠨ᠃ ᠲᠣᠭᠲᠠᠬᠤ ᠰᠢᠶᠠᠨ ᠤ ᠬᠢᠨ ᠪᠦᠬᠦ ᠰᠢᠶᠠᠨ ᠤ ᠡᠯ᠎ᠡ ᠪᠠᠯᠭᠠᠰᠤ ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠠᠰᠠᠭ ᠤᠨ ᠣᠷᠳᠣᠨ ᠤ ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢ ᠶᠡᠭᠡ ᠪᠠᠷ ᠪᠠᠶᠢᠴᠠᠭᠠᠵᠤ ᠶᠡᠭᠡ ᠪᠠᠷ ᠰᠢᠢᠳᠪᠦᠷᠢᠯᠡᠬᠦ ᠠᠵᠢᠯ ᠢ ᠥᠷᠨᠢᠭᠦᠯᠵᠦ᠂ ᠡᠭᠦᠨ ᠤ ᠬᠠᠮᠲᠤ ᠵᠠᠰᠠᠬᠤ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠠᠷᠭ᠎ᠠ ᠪᠦᠬᠦᠨ ᠢ ᠰᠦᠪᠡᠭᠴᠢᠯᠡᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠵᠦ᠂ ︽ᠮᠣᠩᠭᠤᠯ ᠠᠵᠤ ᠠᠬᠤᠶᠢᠯᠠᠯ ᠤᠨ ᠨᠡᠪᠲᠡᠷᠬᠡᠢ ᠮᠡᠳᠡᠭᠡ︾᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠵᠡᠷᠭᠡ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠤ ᠢᠯᠡᠴᠢᠯᠡᠨ ᠮᠡᠳᠡᠭᠦᠯᠬᠦ ᠲᠠᠪᠴᠠᠩ ᠢ ᠠᠰᠢᠭᠯᠠᠨ᠂ ᠡᠯ᠎ᠡ ᠨᠢᠭᠡᠴᠡ᠂ ᠰᠠᠯᠠᠭ᠎ᠠ ᠮᠥᠴᠢᠷ ᠤᠨ ᠬᠡᠯᠡᠯᠴᠡᠭᠡᠷ ᠭᠡᠷ᠎ᠡ ᠪᠠᠨ ᠭᠦᠢᠴᠡᠳᠬᠡᠭᠰᠡᠨ ᠦᠭᠡᠢ᠂ ᠠᠷᠠᠳ   ᠠᠴᠠ ᠡᠵᠡᠩᠨᠡᠭᠰᠡᠨ ᠠᠵᠤ ᠠᠬᠤᠶᠢᠯᠠᠯ ᠪᠠ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠᠨ ᠵᠣᠭᠤᠰ ᠢ ᠥᠷᠢᠲᠦᠵᠦ ᠤᠳᠠᠭᠠᠰᠢᠷᠠᠭᠤᠯᠤᠭᠰᠠᠨ ᠵᠡᠷᠭᠡ ᠵᠠᠰᠠᠭ ᠤᠨ ᠣᠷᠳᠣᠨ ᠤ ᠢᠲᠡᠭᠡᠮᠵᠢ ᠠᠯᠳᠠᠭᠰᠠᠨ ᠦᠶᠯᠡ ᠠᠵᠢᠯᠯᠠᠭ᠎ᠠ ᠶᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠨᠠᠷᠢᠨ ᠲᠠᠩᠰᠠ ᠭᠠᠷᠭᠠᠨ᠂ ᠰᠢᠮᠳᠠᠭᠤᠯᠤᠨ ᠰᠢᠢᠳᠪᠦᠷᠢᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠪᠠ᠃       ᠭᠤᠷᠪᠠ ᠳᠤ᠂ ᠵᠠᠰᠠᠭ ᠤᠨ ᠣᠷᠳᠣᠨ ᠪᠠ ᠰᠢᠭᠦᠬᠦ ᠬᠤᠷᠢᠶ᠎ᠠ ᠬᠤᠯᠪᠤᠭᠠᠯᠠᠨ ᠬᠥᠳᠡᠯᠦᠯᠴᠡᠬᠦ᠂ ᠵᠠᠰᠠᠭ ᠤᠨ ᠣᠷᠳᠣᠨ ᠪᠠ ᠪᠠᠶᠢᠴᠠᠭᠠᠬᠤ ᠬᠤᠷᠢᠶ᠎ᠠ ᠬᠤᠯᠪᠤᠭᠠᠯᠠᠨ ᠬᠥᠳᠡᠯᠦᠯᠴᠡᠬᠦ ᠶᠢ ᠭᠦᠨᠵᠡᠭᠡᠶᠢᠷᠡᠭᠦᠯᠵᠦ᠂ ᠬᠠᠤᠯᠢᠵᠢᠯ ᠤᠨ ᠵᠠᠰᠠᠭ ᠤᠨ ᠣᠷᠳᠣᠨ ᠪᠠ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠢ ᠪᠠᠶᠢᠭᠤᠯᠪᠠ᠃ ᠣᠶᠢᠷ᠎ᠠ ᠶᠢᠨ ᠵᠢᠯ ᠠᠴᠠ ᠨᠠᠰᠢ ᠲᠣᠭᠲᠠᠬᠤ ᠰᠢᠶᠠᠨ ᠤ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠭᠰᠡᠨ ᠨᠣᠷᠮ᠎ᠠ 100% ᠶᠢ ᠪᠠᠲᠤᠯᠠᠭᠰᠠᠭᠠᠷ ᠢᠷᠡᠵᠡᠶ᠂ ᠡᠨᠡ ᠨᠢ ᠵᠠᠰᠠᠭ ᠤᠨ ᠣᠷᠳᠣᠨ ᠪᠣᠯᠣᠨ ᠰᠢᠭᠦᠬᠦ ᠬᠤᠷᠢᠶᠠᠨ ᠤ ᠬᠠᠮᠲᠤᠷᠠᠨ ᠬᠥᠳᠡᠯᠦᠯᠴᠡᠬᠦ ᠲᠣᠭᠲᠠᠴᠠ ᠶᠢᠨ ᠬᠤᠲᠠ ᠰᠢᠶᠠᠨ ᠤ ᠬᠤᠶᠠᠷ ᠱᠠᠲᠤᠨ ᠤ ᠰᠢᠭᠦᠬᠦ ᠬᠤᠷᠢᠶ᠎ᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠢᠶᠠᠨ ᠤ ᠨᠠᠮ ᠤᠨ ᠬᠤᠷᠢᠶᠠᠨ ᠤ ᠬᠠᠤᠯᠢ ᠶᠣᠰᠣᠭᠠᠷ ᠰᠢᠶᠠᠨ ᠢ ᠵᠠᠰᠠᠬᠤ ᠠᠯᠪᠠᠨ ᠭᠡᠷ ᠲᠤ ᠰᠢᠭᠦᠯᠲᠡ ᠡᠬᠢᠯᠡᠬᠦ ᠭᠡᠵᠦ ᠪᠠᠶᠢᠭ᠎ᠠ ᠵᠠᠰᠠᠭ ᠵᠠᠬᠢᠷᠭᠠᠨ ᠤ ᠬᠡᠷᠡᠭ ᠤᠨ ᠮᠡᠳᠡᠭᠡ ᠵᠠᠩᠭᠢ ᠶᠢ ᠬᠠᠩᠭᠠᠵᠤ᠂ ᠰᠢᠶᠠᠨ ᠤ ᠨᠠᠮ ᠤᠨ ᠬᠤᠷᠢᠶ᠎ᠠ ᠶᠢᠨ ᠬᠠᠤᠯᠢ ᠶᠣᠰᠣᠭᠠᠷ ᠰᠢᠶᠠᠨ ᠢ ᠵᠠᠰᠠᠬᠤ ᠠᠯᠪᠠᠨ ᠭᠡᠷ ᠰᠠᠨᠠᠭᠤᠯᠤᠮᠵᠢ ᠶᠢᠨ ᠪᠢᠴᠢᠭ ᠪᠠᠭᠤᠯᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠷᠡᠭ ᠲᠤ ᠬᠤᠯᠪᠣᠭᠳᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠳᠤ ᠴᠠᠭ ᠲᠤᠬᠠᠢ ᠳᠤᠨᠢ ᠰᠢᠭᠦᠯᠲᠡ ᠳᠤ ᠣᠷᠣᠯᠴᠠᠬᠤ ᠶᠢ ᠰᠠᠨᠠᠭᠤᠯᠬᠤ ᠶᠢᠨ ᠬᠠᠮᠲᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠭᠰᠡᠨ ᠪᠠᠶᠢᠳᠠᠯ ᠢ ᠣᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠢᠨᠠᠨ ᠰᠢᠯᠭᠠᠯᠲᠠ ᠳᠤ ᠣᠷᠣᠭᠤᠯᠬᠤ ᠶᠢᠨ ᠬᠠᠮᠲᠤ᠂ ᠲᠣᠭᠲᠠᠮᠠᠯ ᠬᠤᠭᠤᠴᠠᠭ᠎ᠠ ᠲᠠᠢ ᠪᠠᠷ ᠲᠥᠷᠥ ᠶᠢᠨ ᠠᠵᠢᠯᠲᠠᠨ ᠢ ᠵᠣᠬᠢᠶᠠᠨ ᠪᠠᠶᠢᠭᠤᠯᠵᠤ ᠲᠢᠩᠬᠢᠮ ᠤᠨ ᠰᠢᠭᠦᠯᠲᠡ ᠶᠢ ᠰᠤᠯᠠ ᠰᠣᠨᠣᠰᠬᠤ ᠠᠵᠢᠯᠯᠠᠭ᠎ᠠ ᠥᠷᠨᠢᠭᠦᠯᠵᠦ᠂ ᠬᠠᠤᠯᠢ ᠪᠠᠷ ᠵᠠᠰᠠᠬᠤ ᠴᠢᠳᠠᠪᠤᠷᠢ ᠪᠠ ᠬᠢᠷᠢ ᠬᠡᠮᠵᠢᠶ᠎ᠡ ᠶᠢ  ᠲᠡᠭᠡᠭᠰᠢᠯᠡᠭᠦᠯᠪᠡ᠃ ᠰᠢᠶᠠᠨ ᠤ ᠪᠠᠶᠢᠴᠠᠭᠠᠬᠤ ᠪᠠᠶᠢᠭᠤᠯᠭ᠎ᠠ ᠭᠦᠢᠴᠡᠳᠬᠡᠬᠦ ᠳᠤ ᠬᠢᠨᠠᠯᠲᠠ ᠲᠠᠯᠪᠢᠬᠤ ᠠᠵᠢᠯ ᠤᠨ ᠳᠤᠮᠳᠠ ᠪᠠᠨ ᠵᠠᠰᠠᠭ ᠤᠨ ᠣᠷᠳᠣᠨ ᠳᠤ ᠬᠤᠯᠪᠣᠭᠳᠠᠭᠰᠠᠨ᠂ ᠠᠵᠤ ᠠᠬᠤᠶᠢᠯᠠᠯ ᠳᠤ ᠬᠤᠯᠪᠣᠭᠳᠠᠭᠰᠠᠨ᠂ ᠠᠷᠠᠳ ᠤᠨ ᠠᠮᠢᠳᠤᠷᠠᠯ ᠳᠤ ᠬᠤᠯᠪᠣᠭᠳᠠᠭᠰᠠᠨ᠂ ᠮᠥᠩᠭᠦᠨ ᠭᠦᠢᠯᠭᠡᠭᠡᠨ ᠳᠤ ᠬᠤᠯᠪᠣᠭᠳᠠᠭᠰᠠᠨ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠭᠦᠢᠴᠡᠳᠬᠡᠬᠦ ᠳᠤ ᠬᠢᠨᠠᠯᠲᠠ ᠲᠠᠯᠪᠢᠬᠤ ᠠᠵᠢᠯ ᠢ ᠭᠤᠣᠯᠳᠠᠯᠭ᠎ᠠ ᠲᠠᠢ ᠪᠠᠷ ᠥᠷᠨᠢᠭᠦᠯᠵᠦ᠂ ᠣᠯᠵᠤ ᠮᠡᠳᠡᠭᠰᠡᠨ ᠬᠡᠷᠡᠭ ᠤᠨ ᠳᠤᠮᠳᠠ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ᠂ ᠦ ᠰᠡᠪ ᠲᠠᠢ ᠪᠠᠶᠢᠪᠠᠯ᠂ ᠭᠤᠣᠯᠳᠠᠯᠭ᠎ᠠ ᠲᠠᠢ ᠪᠠᠷ ᠬᠢᠨᠠᠯᠲᠠ ᠲᠠᠯᠪᠢᠵᠤ᠂ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠢ  ᠳᠤᠨᠢ ᠪᠠᠶᠢᠴᠠᠭᠠᠬᠤ ᠰᠠᠨᠠᠭᠤᠯᠭ᠎ᠠ ᠶᠢᠨ ᠬᠡᠯᠪᠡᠷᠢ ᠪᠠᠷ ᠵᠠᠯᠠᠷᠠᠭᠤᠯᠵᠤ᠂ ᠡᠯ᠎ᠡ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠦᠯᠬᠢᠨ ᠠᠬᠢᠭᠤᠯᠪᠠ᠃      ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠣᠯ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠰᠠᠭᠤᠷᠢ ᠮᠥᠨ᠃ ᠵᠠᠰᠠᠭ ᠤᠨ ᠣᠷᠳᠣᠨ᠂ ᠵᠠᠰᠠᠭ ᠤᠨ ᠶᠠᠪᠤᠳᠠᠯ ᠤᠨ ᠠᠵᠢᠯᠲᠠᠨ ᠵᠡᠷᠭᠡ ᠨᠢ ᠨᠡᠶᠢᠭᠡᠮ ᠤᠨ ᠢᠲᠡᠭᠡᠮᠵᠢ ᠶᠢᠨ ᠴᠢᠬᠤᠯᠠ ᠭᠤᠣᠯ ᠴᠣᠭᠴᠠ ᠪᠣᠯᠤᠭᠰᠠᠨ ᠤ ᠬᠤᠪᠢ ᠳᠤ᠂ ᠦᠨᠡᠨᠴᠢ ᠢᠲᠡᠭᠡᠮᠵᠢ ᠶᠢᠨ ᠨᠡᠶᠢᠭᠡᠮ ᠤᠨ ᠪᠠᠶᠢᠭᠤᠯᠤᠯᠲᠠ ᠶᠢᠨ ᠶᠠᠪᠤᠴᠠ ᠳᠤ ᠣᠷᠣᠯᠠᠭᠤᠯᠵᠤ ᠪᠣᠯᠣᠰᠢ ᠦᠭᠡᠢ ᠰᠠᠭᠤᠷᠢᠯᠠᠬᠤ ᠴᠢᠨᠠᠷᠲᠠᠢ᠂ ᠵᠢᠱᠢᠶ᠎ᠡ ᠦᠵᠡᠭᠦᠯᠬᠦ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ ᠦᠢᠯᠡᠳᠦᠯ ᠲᠠᠢ ᠪᠠᠶᠢᠳᠠᠭ᠃ ᠲᠣᠭᠲᠠᠬᠤ ᠰᠢᠶᠠᠨ ᠤ ᠬᠢᠨ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ  ᠭᠤᠤᠯᠴᠢᠯᠠᠨ ᠤᠳᠤᠷᠢᠳᠬᠤ ᠂ ᠰᠠᠯᠠᠭ᠎ᠠ ᠮᠥᠴᠢᠷ ᠬᠠᠮᠵᠢᠯᠴᠠᠬᠤ᠂ ᠪᠦᠬᠦ ᠨᠡᠶᠢᠭᠡᠮ ᠢᠶᠠᠷ ᠢᠶᠠᠨ ᠣᠷᠣᠯᠴᠠᠬᠤ ᠶᠢ ᠪᠠᠷᠢᠮᠲᠠᠯᠠᠵᠤ᠂ ᠦᠨᠡᠨᠴᠢ ᠢᠲᠡᠭᠡᠮᠵᠢ ᠶᠢᠨ ᠢᠨᠵᠧᠨᠧᠷᠢᠩ ᠤᠨ ᠪᠠᠶᠢᠭᠤᠯᠤᠯᠲᠠ ᠶᠢ ᠤᠯᠠᠨ ᠲᠠᠯ᠎ᠠ ᠠᠴᠠ ᠪᠦᠬᠦ ᠲᠠᠯ᠎ᠠ ᠪᠠᠷ ᠠᠬᠢᠭᠤᠯᠵᠤ᠂ ᠦᠨᠡᠨᠴᠢ ᠰᠢᠳᠤᠷᠭᠤ ᠪᠠᠷ ᠠᠵᠢᠯᠯᠠᠵᠤ᠂ ᠢᠲᠡᠭᠡᠯ ᠲᠠᠢ ᠪᠠᠷ ᠠᠵᠢᠯᠯᠠᠵᠤ᠂ ᠬᠠᠤᠯᠢᠵᠢᠯ ᠤᠨ ᠵᠠᠰᠠᠭ ᠤᠨ ᠣᠷᠳᠣᠨ᠂ ᠦᠨᠡᠨᠴᠢ ᠢᠲᠡᠭᠡᠮᠵᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠠᠭᠤᠷᠢ ᠶᠢ ᠪᠠᠲᠤᠳᠬᠠᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1