ᠲᠣᠭᠲᠠᠬᠤ ᠰᠢᠶᠠᠨ ︽5 ·1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠢ ᠪᠡᠯᠭᠡᠬᠡᠬᠦ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2024/4/30
      ᠪᠦᠬᠦ ᠰᠢᠶᠠᠨ ᠤ ᠺᠠᠳ᠋ᠷ ᠠᠵᠢᠯᠲᠠᠨ ᠤ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠵᠤ᠂ ᠲᠡᠳᠡᠨ ᠢ ᠡᠷᠡᠭᠦᠯ ᠴᠢᠭᠢᠷᠠᠭ᠂ ᠡᠶ᠎ᠡ ᠵᠣᠬᠢᠴᠠᠩᠭᠤᠢ᠂ ᠪᠠᠶᠠᠷ ᠪᠠᠶᠠᠰᠬᠤᠯᠠᠩ ᠲᠠᠢ ᠪᠥᠭᠡᠳ ᠤᠳᠬ᠎ᠠ ᠠᠭᠤᠯᠭ᠎ᠠ ᠲᠠᠢ ᠪᠠᠶᠠᠷ ᠤᠨ ᠡᠳᠦᠷ ᠢ ᠥᠩᠭᠡᠷᠡᠭᠦᠯᠬᠦ ᠶᠢᠨ ᠲᠥᠯᠥᠭᠡ᠂ 4 ᠳ᠋ᠤᠭᠡᠷ ᠰᠠᠷ᠎ᠠ ᠶᠢᠨ 26  ᠤ ᠡᠳᠦᠷ᠂ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠠᠴᠠ ᠭᠤᠣᠯᠯᠠᠨ ᠡᠷᠬᠢᠯᠡᠭᠰᠡᠨ︽ᠳᠤᠮᠳᠠᠳᠤ ᠶᠢᠨ ᠵᠡᠭᠦᠳᠦ ᠬᠥᠳᠡᠯᠮᠦᠷᠢ ᠰᠠᠶᠢᠬᠠᠨ︾ ︽5·1︾  ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠢ ᠪᠡᠯᠭᠡᠯᠡᠬᠦ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠠᠵᠢᠯᠴᠢᠨ ᠤ ᠰᠣᠶᠣᠯ ᠤᠨ ᠣᠷᠳᠣᠨ ᠳᠤ ᠶᠠᠪᠤᠭᠳᠠᠪᠠ᠃      ᠲᠤᠰ ᠤᠳᠠᠭᠠᠨ ᠤ ᠠᠵᠢᠯᠯᠠᠭ᠎ᠠ ᠳᠤ ᠠᠵᠢᠯᠲᠠᠨ ᠠᠵᠢᠯᠴᠢᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠪᠠ ᠠᠵᠢᠯᠲᠠᠨ ᠠᠵᠢᠯᠴᠢᠨ ᠤ ᠲᠡᠭᠡᠰᠦ ᠲᠠᠲᠠᠬᠤ ᠤᠷᠤᠯᠳᠤᠭᠠᠨ ᠭᠡᠬᠦ ᠬᠤᠶᠠᠷ ᠵᠦᠢᠯ ᠤᠨ ᠠᠭᠤᠯᠭ᠎ᠠ ᠶᠢ ᠪᠠᠭᠲᠠᠭᠠᠵᠤ᠂ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠨᠢ ᠲᠣᠮᠣ ᠬᠡᠯᠪᠡᠷᠢ ᠶᠢᠨ ᠳᠠᠭᠤᠤ ᠪᠥᠵᠢᠭ ᠤᠨ ᠲᠣᠭᠯᠠᠯᠲᠠ ᠨᠢ ᠺᠠᠳ᠋ᠷ ᠠᠵᠢᠯᠲᠠᠳ ᠤᠨ ᠢᠳᠡᠪᠬᠢᠲᠡᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠵᠦ᠂ ᠺᠠᠳ᠋ᠷ ᠠᠵᠢᠯᠲᠠᠳ ᠤᠨ ᠦᠵᠡᠰᠬᠦᠯᠡᠩᠲᠦ ᠰᠠᠶᠢᠬᠠᠨ ᠨᠤᠲᠤᠭ ᠤᠰᠤ ᠪᠠᠨ ᠪᠦᠲᠦᠭᠡᠨ ᠪᠠᠶᠢᠭᠤᠯᠬᠤ ᠠᠤᠭ᠎ᠠ ᠵᠣᠷᠢᠭ ᠣᠮᠤᠭ ᠵᠣᠷᠢᠭ ᠢ ᠤᠶᠠᠩᠭᠠᠯᠠᠭᠰᠠᠨ ᠪᠥᠭᠡᠳ ᠥᠷᠭᠡᠨ ᠤᠯᠠᠨ ᠬᠥᠳᠡᠯᠮᠦᠷᠢᠴᠢᠳ ᠲᠤ ᠭᠤᠶᠢᠳᠠ ᠰᠠᠶᠢᠬᠠᠨ ᠤᠳᠬ᠎ᠠ ᠤᠷᠠᠯᠢᠭ ᠤᠨ ᠦᠪᠡᠳᠡᠭᠰᠢ ᠨᠠᠶᠢᠷ ᠢ ᠠᠪᠴᠢᠷᠠᠭᠰᠠᠨ ᠪᠠᠶᠢᠨ᠎ᠠ᠃ ᠡᠭᠦᠨ ᠤ ᠬᠠᠮᠲᠤ᠂ ᠳᠡᠭᠡᠰᠦ ᠲᠠᠲᠠᠬᠤ ᠤᠷᠤᠯᠳᠤᠭᠠᠨ ᠠᠵᠢᠯᠴᠢᠨ ᠤ ᠰᠣᠶᠣᠯ ᠤᠨ ᠣᠷᠳᠣᠨ ᠤ ᠲᠠᠮᠢᠷ ᠤᠨ ᠲᠠᠯᠠᠪᠠᠢ ᠳᠤ ᠬᠦᠷ ᠬᠥᠭᠵᠢᠶᠡᠨ ᠲᠠᠢ ᠶᠠᠪᠤᠭᠳᠠᠵᠤ᠂ ᠤᠷᠤᠯᠳᠤᠭᠠᠨ ᠳᠤ ᠣᠷᠣᠯᠴᠠᠭᠰᠠᠨ ᠡᠯ᠎ᠡ ᠡᠩᠨᠡᠭᠡ ᠴᠥᠮ ᠰᠢᠷᠭᠠᠭᠤ ᠬᠠᠲᠠᠭᠤᠵᠢᠯᠲᠠᠢ ᠲᠡᠮᠡᠴᠡᠬᠦ ᠵᠣᠷᠢᠭ ᠰᠠᠨᠠᠭ᠎ᠠ ᠪᠠ ᠪᠦᠯᠬᠦᠮᠳᠡᠨ ᠬᠠᠮᠵᠢᠯᠴᠠᠬᠤ ᠬᠦᠴᠦᠨ ᠴᠢᠳᠠᠯ ᠢᠶᠠᠨ ᠢᠯᠡᠷᠡᠭᠦᠯᠦᠭᠰᠡᠨ ᠪᠠᠶᠢᠨ᠎ᠠ᠃      ︽︿ᠲᠠᠪᠤᠨ ᠰᠠᠷ᠎ᠠ ᠶᠢᠨ ᠨᠢᠭᠡᠨ﹀ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠪᠣᠯᠬᠤ ᠭᠡᠵᠦ ᠪᠠᠶᠢᠭ᠎ᠠ ᠦᠶ᠎ᠡ ᠳᠤ᠂ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠠᠳᠡ ︽ᠳᠤᠮᠳᠠᠳᠤ ᠶᠢᠨ ᠵᠡᠭᠦᠳᠦ ᠬᠥᠳᠡᠯᠮᠦᠷᠢ ᠰᠠᠶᠢᠬᠠᠨ︾ ᠠᠵᠢᠯᠲᠠᠨ ᠠᠵᠢᠯᠴᠢᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠪᠠ ᠠᠵᠢᠯᠲᠠᠨ ᠠᠵᠢᠯᠴᠢᠨ ᠤ ᠲᠡᠭᠡᠰᠦ ᠲᠠᠲᠠᠬᠤ ᠤᠷᠤᠯᠳᠤᠭᠠᠨ ᠢ ᠡᠷᠭᠢᠯᠡᠵᠦ᠂ ᠥᠷᠭᠡᠨ ᠤᠯᠠᠨ ᠬᠥᠳᠡᠯᠮᠦᠷᠢᠴᠢᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ᠂ ᠥᠷᠭᠡᠨ ᠤᠯᠠᠨ ᠠᠵᠢᠯᠲᠠᠨ ᠠᠵᠢᠯᠴᠢᠨ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠲᠠᠷᠬᠠᠨ ᠤ ᠵᠣᠷᠢᠭ ᠰᠠᠨᠠᠭᠠᠨ ᠤ ᠵᠢᠯᠣᠭᠤᠳᠤᠯᠭ᠎ᠠ ᠳᠣᠣᠷ᠎ᠠ᠂ ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠦ᠂ ᠴᠢᠷᠮᠠᠶᠢᠨ ᠤᠷᠤᠭᠰᠢᠯᠠᠵᠤ᠂ ᠭᠠᠷᠮᠠᠭᠠᠢ ᠠᠮᠵᠢᠯᠲᠠ ᠶᠢ ᠬᠥᠭᠡᠭᠡᠴᠡᠯᠳᠦᠵᠦ᠂ ᠲᠣᠭᠲᠠᠬᠤ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠲᠠᠬᠢᠨ ᠰᠢᠨ᠎ᠡ ᠭᠠᠪᠢᠶ᠎ᠠ ᠪᠠᠶᠢᠭᠤᠯᠬᠤ ᠶᠢ ᠬᠦᠰᠡᠵᠦ ᠪᠠᠶᠢᠨ᠎ᠠ︾ ᠭᠡᠵᠦ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠳᠡᠳ᠋ ᠲᠡᠷᠢᠭᠦᠯᠡᠭᠴᠢ ᠵᠠᠩ ᠰᠢᠶᠣᠣ ᠶᠠᠨ ᠬᠡᠯᠡᠪᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1