ᠲᠣᠭᠲᠠᠬᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢᠮᠳᠠᠭᠤᠯᠤᠨ ᠰᠢᠢᠳᠪᠦᠷᠢᠯᠡᠭᠦᠯᠬᠦ ᠪᠠᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠴᠢᠨᠠᠷ ᠰᠠᠶᠢᠲᠠᠢ ᠭᠦᠢᠴᠡᠳᠭᠡᠬᠦ ᠶᠢ ᠦᠷᠭᠦᠯᠵᠢᠯᠡᠨ ᠠᠬᠢᠭᠤᠯᠤᠨ᠎ᠠ
ᠨᠡᠶᠢᠲᠡᠯᠡᠭᠰᠡᠨ ᠴᠠᠭ᠄
2024/4/30
      ᠲᠣᠭᠲᠠᠬᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠶᠢ ᠰᠢᠢᠳᠪᠦᠷᠢᠯᠡᠬᠦ ᠶᠢ ᠴᠢᠨᠠᠷ ᠰᠠᠶᠢᠲᠠᠢ ᠠᠬᠢᠭᠤᠯᠬᠤ ᠶᠢ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠲᠥᠯᠥᠭᠡᠯᠡᠭᠴᠢᠳ ᠤᠨ ᠠᠩᠬᠠᠷᠴᠤ ᠪᠠᠶᠢᠭ᠎ᠠ ᠠᠰᠠᠭᠤᠳᠠᠯ ᠢ ᠴᠢᠩᠭ᠎ᠠ ᠠᠩᠬᠠᠷᠴᠤ᠂ ᠰᠢᠮᠳᠠᠭᠤᠯᠤᠨ ᠰᠢᠢᠳᠪᠦᠷᠢᠯᠡᠭᠦᠯᠬᠦ ᠰᠠᠨᠠᠭᠤᠯᠭ᠎ᠠ ᠶᠢ ᠪᠣᠳᠠᠲᠠᠢ ᠠᠳᠬᠤᠵᠤ᠂ ᠮᠥᠷᠳᠡᠨ ᠰᠢᠮᠳᠠᠭᠤᠯᠤᠨ ᠰᠢᠢᠳᠪᠦᠷᠢᠯᠡᠭᠦᠯᠬᠦ ᠶᠢ ᠴᠢᠩᠭᠠᠳᠬᠠᠵᠤ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠤᠨ ᠦᠷ᠎ᠡ ᠪᠦᠲᠦᠮᠵᠢ ᠣᠯᠬᠤ ᠶᠢ ᠬᠦᠴᠦᠯᠡᠨ ᠳᠡᠭᠡᠭᠰᠢᠯᠡᠭᠦᠯᠪᠡ᠃ ᠣᠶᠢᠷ᠎ᠠ ᠳᠤ᠂ ᠲᠣᠭᠲᠠᠬᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠠᠴᠠ ᠰᠢᠮᠳᠠᠭᠤᠯᠤᠨ ᠰᠢᠢᠳᠪᠦᠷᠢᠯᠡᠭᠦᠯᠬᠦ ᠳᠤᠭᠤᠶᠢᠯᠠᠩ ᠤᠨ ᠬᠢᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠲᠥᠯᠥᠭᠡᠯᠡᠭᠴᠢᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠰᠢᠢᠳᠪᠦᠷᠢᠯᠡᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠰᠢᠮᠳᠠᠭᠤᠯᠤᠨ ᠰᠢᠢᠳᠪᠦᠷᠢᠯᠡᠭᠦᠯᠬᠦ ᠪᠠᠷ ᠰᠠᠨᠠᠭᠤᠯᠪᠠ᠃
     ᠰᠢᠮᠳᠠᠭᠤᠯᠤᠨ ᠭᠦᠢᠴᠡᠳᠬᠡᠬᠦ ᠳᠤᠭᠤᠶᠢᠯᠠᠩ ᠤᠨ ᠬᠢᠨ ᠬᠥ᠋ ᠴᠧᠩ ᠪᠠᠯᠭᠠᠰᠤᠨ ᠤ ᠤᠰᠤᠨ ᠪᠤᠯᠠᠭ ᠤᠨ 110KV ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠲᠤᠬᠠᠢ ᠶᠢᠨ ᠲᠠᠯᠠᠪᠠᠶ᠂ ᠴᠢᠶᠣᠤ ᠹᠦ᠋ ᠶᠢᠩ ᠲᠣᠰᠬᠤᠨ ᠤ ᠮᠠᠨ ᠱᠦᠢ ᠴᠢᠶᠣᠤ ᠬᠥᠭᠦᠷᠭᠡ ᠳᠤ ᠬᠦᠷᠴᠦ ᠲᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠨ ᠦᠵᠡᠪᠡ᠃ ᠳᠠᠷᠠᠭ᠎ᠠ ᠪᠠᠷ ᠨᠢ ᠲᠤᠬᠠᠢ ᠶᠢᠨ ᠲᠠᠯᠠᠪᠤᠷ ᠲᠤ ᠰᠣᠯᠢᠯᠴᠠᠭ᠎ᠠ ᠬᠢᠵᠦ᠂ ᠳᠠᠭᠠᠭᠠᠨ ᠰᠢᠢᠳᠪᠦᠷᠢᠯᠡᠬᠦ ᠰᠠᠯᠠᠭ᠎ᠠ ᠮᠥᠴᠢᠷ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠣᠯᠣᠨ ᠭᠦ᠋ ᠴᠧᠩ ᠪᠠᠯᠭᠠᠰᠤᠨ ᠤ ᠵᠠᠰᠠᠭ ᠤᠨ ᠣᠷᠳᠣᠨ ᠤ ᠬᠠᠷᠢᠭᠤᠴᠠᠯᠭᠠᠲᠠᠨ ᠰᠠᠨᠠᠭᠤᠯᠭ᠎ᠠ ᠳᠡᠪᠰᠢᠭᠦᠯᠦᠭᠰᠡᠨ ᠲᠥᠯᠥᠭᠡᠯᠡᠭᠴᠢᠳ ᠲᠤ ᠰᠠᠨᠠᠭᠤᠯᠭ᠎ᠠ ᠶᠢ ᠰᠢᠢᠳᠪᠦᠷᠢᠯᠡᠭᠰᠡᠨ ᠠᠬᠢᠴᠠ ᠪᠠ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠲᠣᠰ ᠲᠣᠰ ᠬᠠᠷᠢᠭᠤ ᠮᠡᠳᠡᠭᠦᠯᠦᠭᠰᠡᠨ ᠪᠥᠭᠡᠳ ᠲᠥᠯᠥᠭᠡᠯᠡᠭᠴᠢᠳ ᠲᠠᠢ ᠰᠠᠨᠠᠯ ᠢᠶᠠᠨ ᠰᠣᠯᠢᠯᠴᠠᠵᠤ᠂ ᠲᠥᠯᠥᠭᠡᠯᠡᠭᠴᠢᠳ ᠤᠨ ᠦᠨᠡᠨ ᠪᠣᠳᠠᠲᠠᠢ ᠪᠣᠳᠣᠯ ᠰᠠᠨᠠᠭ᠎ᠠ ᠪᠠ ᠪᠣᠳᠠᠲᠠᠢ ᠱᠠᠭᠠᠷᠳᠠᠯᠭ᠎ᠠ ᠶᠢ ᠭᠦᠢᠴᠡᠳ ᠣᠶᠢᠯᠠᠭᠠᠪᠠ᠃ ᠳᠠᠭᠠᠭᠠᠨ ᠬᠦᠢᠴᠡᠳᠭᠡᠭᠰᠡᠨ ᠨᠢᠭᠡᠴᠡ ᠶᠢᠨ ᠢᠯᠡᠷᠬᠡᠶᠢᠯᠡᠭᠰᠡᠨ ᠢᠶᠠᠷ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠶᠠᠪᠤᠳᠠᠯ ᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠴᠢᠬᠤᠯᠠ ᠠᠷᠭ᠎ᠠ ᠵᠠᠮ ᠪᠣᠯᠭᠠᠵᠤ᠂ ᠲᠤᠬᠠᠶᠢᠯᠠᠭᠰᠠᠨ ᠠᠵᠢᠯ ᠲᠠᠢ ᠬᠠᠮᠲᠤ ᠳᠤᠨᠢ ᠲᠣᠬᠢᠷᠠᠭᠤᠯᠵᠤ᠂ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠨᠠᠶᠢᠳᠠᠪᠤᠷᠢᠵᠢᠭᠤᠯᠵᠤ᠂ ᠲᠣᠭᠲᠠᠭᠠᠭᠰᠠᠨ ᠰᠢᠢᠳᠪᠦᠷᠢᠯᠡᠬᠦ ᠲᠥᠰᠥᠯ ᠤᠨ ᠶᠣᠰᠣᠭᠠᠷ᠂ ᠰᠢᠢᠳᠪᠦᠷᠢᠯᠡᠬᠦ ᠵᠢᠷᠤᠮ ᠢ ᠴᠢᠩᠳᠠᠯᠠᠵᠤ᠂ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠢᠢᠳᠪᠦᠷᠢᠯᠡᠬᠦ ᠭᠤᠣᠯᠳᠠᠯᠭ᠎ᠠ ᠶᠢ ᠲᠣᠪᠤᠶᠢᠯᠭᠠᠨ ᠂ ᠰᠢᠢᠳᠪᠦᠷᠢᠯᠡᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠤᠯᠠᠨ ᠲᠦᠮᠡᠨ ᠤ ᠲᠤᠰᠬᠠᠭᠰᠠᠨ ᠬᠠᠯᠠᠭᠤᠨ ᠴᠡᠭ ᠤᠨ ᠪᠠ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠰᠠᠨᠠᠭᠤᠯᠭ᠎ᠠ ᠶᠢ ᠦᠨᠡᠨ ᠬᠦ ᠪᠣᠳᠠᠲᠠᠢ ᠪᠠᠷ ᠨᠠᠶᠢᠳᠠᠪᠤᠷᠢᠵᠢᠭᠤᠯᠵᠤ᠂ ᠲᠥᠯᠥᠭᠡᠯᠡᠭᠴᠢᠳ ᠢ ᠰᠡᠳᠬᠢᠯ ᠠᠮᠤᠷ ᠪᠠᠶᠢᠯᠭᠠᠵᠤ᠂ ᠤᠯᠠᠨ ᠲᠦᠮᠡᠨ ᠢ ᠰᠡᠳᠬᠢᠯ ᠬᠠᠨᠤᠮᠵᠢᠲᠠᠶ ᠪᠣᠯᠭᠠᠨ᠎ᠠ᠃
     ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠮᠳᠠᠭᠤᠯᠤᠨ ᠰᠢᠢᠳᠪᠦᠷᠢᠯᠡᠬᠦ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠰᠠᠶᠢᠲᠤᠷ ᠰᠢᠢᠳᠪᠦᠷᠢᠯᠡᠬᠦ ᠪᠣᠯ ᠬᠠᠤᠯᠢ ᠶᠣᠰᠣᠭᠠᠷ ᠵᠠᠰᠠᠭ ᠶᠠᠪᠤᠭᠤᠯᠬᠤ ᠶᠢᠨ ᠴᠢᠬᠤᠯᠠ ᠢᠯᠡᠷᠡᠯ ᠮᠥᠨ᠂ ᠤᠲᠠᠰᠤ ᠪᠠᠷ ᠬᠠᠷᠢᠭᠤ ᠰᠤᠷᠪᠤᠯᠵᠢᠯᠠᠬᠤ᠂ ᠭᠡᠷ ᠲᠤᠨᠢ ᠬᠦᠷᠴᠦ ᠰᠤᠷᠪᠤᠯᠵᠢᠯᠠᠬᠤ᠂ ᠶᠠᠷᠢᠯᠴᠠᠬᠤ ᠬᠤᠷᠠᠯ ᠬᠤᠷᠠᠯᠳᠤᠭᠤᠯᠬᠤ ᠵᠢᠴᠢ ᠲᠥᠯᠥᠭᠡᠯᠡᠭᠴᠢᠳ ᠢ ᠤᠷᠢᠵᠤ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠦᠯᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠯᠦᠭᠡ ᠶᠢᠨ ᠬᠠᠷᠢᠯᠴᠠᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠬᠤᠷᠢᠶᠠᠵᠤ ᠂ ᠰᠢᠢᠳᠪᠦᠷᠢᠯᠡᠬᠦ ᠠᠴᠠ ᠡᠮᠦᠨ᠎ᠡ ᠨᠡᠪᠲᠡᠷᠡᠯᠴᠡᠬᠦ᠂ ᠰᠢᠢᠳᠪᠦᠷᠢᠯᠡᠬᠦ ᠶᠠᠪᠤᠴᠠ ᠳᠤ ᠮᠡᠳᠡᠭᠳᠡᠬᠦ᠂ ᠰᠢᠢᠳᠪᠦᠷᠢᠯᠡᠭᠰᠡᠨ ᠤ ᠳᠠᠷᠠᠭ᠎ᠠ ᠬᠠᠷᠢᠭᠤ ᠥᠭᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠵᠠᠯᠭᠠᠭᠠᠳ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠡᠯ᠎ᠡ ᠲᠤᠰᠬᠠᠢ ᠠᠵᠢᠯ ᠤᠨ ᠵᠦᠪᠯᠡᠯ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠮᠳᠠᠭᠤᠯᠤᠨ ᠰᠢᠢᠳᠪᠦᠷᠢᠯᠡᠭᠦᠯᠬᠦ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠰᠢᠮᠳᠠᠭᠤᠯᠤᠨ ᠭᠦᠢᠴᠡᠳᠬᠡᠬᠦ ᠶᠢ ᠴᠢᠩᠭᠠᠳᠬᠠᠵᠤ᠂ ᠡᠳᠦᠷ ᠳᠤᠳᠤᠮ ᠤᠨ ᠰᠢᠮᠳᠠᠭᠤᠯᠤᠨ ᠭᠦᠢᠴᠡᠳᠬᠡᠬᠦ ᠶᠢ ᠨᠠᠷᠢᠯᠢᠭᠵᠢᠭᠤᠯᠵᠤ᠂ ᠦᠷᠭᠦᠯᠵᠢᠯᠡᠨ ᠮᠥᠷᠳᠡᠨ ᠰᠢᠮᠳᠠᠭᠤᠯᠤᠨ ᠰᠢᠢᠳᠪᠦᠷᠢᠯᠡᠵᠦ᠂ ᠰᠢᠢᠳᠪᠦᠷᠢᠯᠡᠬᠦ ᠨᠤᠷᠮ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠨᠠᠭᠤᠯᠭ᠎ᠠ ᠶᠢ ᠰᠢᠢᠳᠪᠦᠷᠢᠯᠡᠬᠦ ᠳᠤ ︽ᠬᠠᠨᠤᠮᠵᠢᠲᠠᠢ ᠬᠠᠷᠢᠭᠤᠯᠲᠠ ᠥᠭᠬᠦ︾ ᠠᠴᠠ ︽ᠦᠷ᠎ᠡ ᠳ᠋ᠦᠩ ᠳᠤ ᠬᠠᠨᠤᠮᠵᠢᠲᠠᠢ ᠪᠠᠶᠢᠬᠤ︾ ᠲᠡᠰᠢ ᠬᠤᠪᠢᠷᠠᠭᠤᠯᠬᠤ ᠶᠢ ᠠᠬᠢᠭᠤᠯᠵᠤ᠂ ᠴᠢᠨᠠᠷ ᠰᠠᠶᠢᠲᠠᠢ ᠰᠢᠢᠳᠪᠦᠷᠢᠯᠡᠬᠦ ᠲᠥᠯᠥᠭᠡᠯᠡᠭᠴᠢ ᠶᠢᠨ ᠰᠠᠨᠠᠭᠤᠯᠭ᠎ᠠ ᠶᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ ᠠᠷᠠᠳ ᠤᠨ ᠰᠡᠳᠬᠢᠯ ᠢ ᠳᠤᠯᠠᠭᠠᠴᠠᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠤ ᠵᠢᠭᠠᠨ ᠭᠠᠷᠭᠠᠪᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1