ᠬᠥᠬᠡᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠴᠢᠬᠤᠯᠠ ᠠᠯᠪᠠᠨ ᠵᠠᠷ ᠨᠡᠶᠢᠲᠡᠯᠡᠪᠡ
ᠨᠡᠶᠢᠲᠡᠯᠡᠭᠰᠡᠨ ᠴᠠᠭ᠄
2024/4/30
ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠳᠦᠷᠢᠮ ᠤᠨ ᠬᠦᠰᠦᠨᠦᠭ ᠵᠢᠴᠢ ᠰᠢᠨ᠎ᠡ ᠬᠡᠪᠯᠡᠯ ᠤᠨ ᠪᠠᠶᠢᠴᠠᠭᠠᠨ ᠯᠠᠪᠯᠠᠭᠰᠠᠨ ᠦᠷ᠎ᠡ ᠳ᠋ᠦᠩ ᠢ ᠮᠡᠳᠡᠭᠳᠡᠬᠦ ᠬᠠᠭᠤᠳᠠᠰᠤ ᠶᠢ ᠡᠬᠢᠯᠡᠨ ᠬᠡᠷᠡᠭᠵᠢᠭᠦᠯᠬᠦ ᠲᠤᠬᠠᠢ ᠠᠯᠪᠠᠨ ᠵᠠᠷ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠪᠣᠯᠣᠨ ᠠᠵᠢᠯ ᠡᠷᠭᠢᠯᠡᠬᠦ ᠣᠯᠠᠨ ᠲᠦᠮᠡᠨ ᠳᠤ᠄      ︽ᠥᠨᠳᠥᠷ ᠪᠦᠲᠦᠮᠵᠢᠲᠡᠶ ᠪᠠᠷ ᠨᠢᠭᠡ ᠤᠴᠢᠷ ᠶᠠᠪᠤᠳᠠᠯ ᠢ ᠪᠦᠲᠦᠭᠡᠬᠦ︾ ᠶᠢ ᠭᠦᠨᠵᠡᠭᠡᠢ ᠲᠦᠯᠬᠢᠨ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠰᠢᠯᠢᠳᠡᠭᠵᠢᠯᠲᠡ ᠶᠢ ᠠᠬᠢᠭᠤᠯᠤᠨ᠂ ᠶᠠᠪᠤᠴᠠ ᠶᠢ ᠤᠯᠠᠮ ᠨᠢᠭᠡ ᠠᠯᠬᠤᠮ ᠳᠥᠭᠦᠮᠴᠢᠯᠡᠵᠦ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠃      ᠨᠢᠭᠡ᠂ ᠭᠤᠣᠯ ᠠᠪᠴᠠᠭᠠᠨ ᠤ ᠭᠡᠷ᠎ᠡ ᠵᠢᠴᠢ ᠪᠡᠷᠢᠴᠠᠭᠠᠨ ᠤ ᠭᠡᠷ᠎ᠡ ᠶᠢᠨ ᠬᠦᠰᠦᠨᠦᠭᠲᠦ      2024 ᠣᠨ ᠤ 4 ᠳ᠋ᠤᠭᠡᠷ ᠰᠠᠷ᠎ᠠ ᠶᠢᠨ 29 ᠤ ᠡᠳᠦᠷ ᠠᠴᠠ ᠡᠬᠢᠯᠡᠨ᠂ ᠪᠡᠷᠢᠴᠠᠭᠠᠨ ᠤ ᠡᠷᠬᠡᠲᠦ ᠬᠥᠮᠥᠨ  ᠨᠢ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠰᠠᠯᠠᠭ᠎ᠠ ᠮᠥᠴᠢᠷ ᠪᠤᠶᠤ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠠᠴᠠ ︽ᠬᠥᠬᠡᠬᠤᠲᠠ ᠶᠢᠨ ᠥᠯᠥ ᠬᠥᠳᠡᠯᠬᠦ ᠬᠥᠷᠥᠩᠭᠡ ᠶᠢᠨ ᠪᠡᠷᠢᠴᠠᠭᠠᠨ ᠤ ᠡᠷᠬᠡ ᠶᠢ ᠬᠤᠪᠢᠷᠠᠭᠤᠯᠬᠤ ᠳᠠᠩᠰᠠᠯᠠᠯᠲᠠ ᠶᠢᠨ ᠭᠤᠣᠯ ᠠᠪᠴᠠᠭᠠᠨ ᠤ ᠭᠡᠷ᠎ᠡ ᠵᠢᠴᠢ ᠪᠡᠷᠢᠴᠠᠭᠠᠨ ᠤ ᠭᠡᠷ᠎ᠡ ᠶᠢᠨ ᠬᠦᠰᠦᠨᠦᠭᠲᠦ︾᠂ ︽ᠬᠥᠬᠡᠬᠤᠲᠠ ᠶᠢᠨ ᠥᠯᠥ ᠬᠥᠳᠡᠯᠬᠦ ᠬᠥᠷᠥᠩᠭᠡ ᠶᠢᠨ ᠪᠡᠷᠢᠴᠠᠭᠠᠨ ᠤ ᠡᠷᠬᠡ ᠶᠢ ᠰᠢᠯᠵᠢᠭᠦᠯᠬᠦ ᠳᠠᠩᠰᠠᠯᠠᠯᠲᠠ ᠶᠢᠨ ᠭᠤᠣᠯ ᠠᠪᠴᠠᠭᠠᠨ ᠤ ᠭᠡᠷ᠎ᠡ ᠵᠢᠴᠢ ᠪᠡᠷᠢᠴᠠᠭᠠᠨ ᠤ ᠭᠡᠷ᠎ᠡ ᠶᠢᠨ ᠬᠦᠰᠦᠨᠦᠭᠲᠦ︾ ︵ᠳᠣᠷᠣᠭᠰᠢ ᠴᠥᠮ ︽ᠭᠡᠷ᠎ᠡ ᠶᠢᠨ ᠬᠦᠰᠦᠨᠦᠭᠲᠦ︾ ᠭᠡᠵᠦ ᠲᠣᠪᠴᠢᠯᠠᠨ᠎ᠠ᠂ ᠵᠠᠭᠪᠤᠷ ᠪᠠ ᠠᠭᠤᠯᠭ᠎ᠠ ᠶᠢ ᠵᠡᠭᠦᠨ ᠳᠣᠣᠷ᠎ᠠ ᠲᠠᠯ᠎ᠠ ᠶᠢᠨ ︽ᠤᠭ ᠵᠣᠬᠢᠶᠠᠯ ᠢ ᠤᠩᠰᠢᠭᠠᠷᠠᠢ︾ ᠭᠡᠵᠦ ᠲᠣᠪᠴᠢᠳᠠᠨ᠎ᠠ︶ ᠶᠢ ᠬᠠᠮᠲᠤ ᠳᠤᠨᠢ ᠬᠡᠷᠡᠭᠯᠡᠨ᠎ᠡ᠃      ᠰᠢᠨ᠎ᠡ ︽ᠭᠡᠷ᠎ᠡ ᠶᠢᠨ ᠬᠦᠰᠦᠨᠦᠭᠲᠦ︾ ᠶᠢ ᠡᠬᠢᠯᠡᠵᠦ ᠬᠡᠷᠡᠭᠯᠡᠭᠰᠡᠨ ᠤ ᠲᠠᠷᠠᠭ᠎ᠠ᠂ ᠪᠡᠷᠢᠴᠠᠭᠠᠨ ᠤ ᠡᠷᠬᠡ ᠶᠢ ᠬᠤᠪᠢᠷᠠᠭᠤᠯᠬᠤ ᠳᠠᠩᠰᠠᠯᠠᠯᠲᠠ ᠪᠠ ᠪᠡᠷᠢᠴᠠᠭᠠᠨ ᠤ ᠡᠷᠬᠡ ᠶᠢ ᠰᠢᠯᠵᠢᠭᠦᠯᠬᠦ ᠳᠠᠩᠰᠠᠯᠠᠯᠲᠠ ᠬᠢᠯᠭᠡᠬᠦ ᠪᠠᠷ ᠭᠤᠶᠤᠴᠢᠯᠠᠬᠤ ᠦᠶ᠎ᠡ ᠳᠤ᠂ ᠪᠡᠷᠢᠴᠠᠭᠠᠨ ᠤ ᠡᠷᠬᠡᠲᠦ ᠬᠥᠮᠥᠨ ᠡ᠊ᠩ ᠤᠨ ᠪᠠᠶᠢᠳᠠᠯ ᠳᠤ ᠰᠢᠨ᠎ᠡ ︽ᠭᠡᠷ᠎ᠡ ᠶᠢᠨ ᠬᠦᠰᠦᠨᠦᠭᠲᠦ︾ ᠶᠢ ᠬᠠᠩᠭᠠᠬᠤ ᠬᠡᠷᠡᠭᠲᠡᠢ᠂ ᠬᠡᠷᠪᠡ ᠰᠢᠨ᠎ᠡ ︽ᠭᠡᠷ᠎ᠡ ᠶᠢᠨ ᠬᠦᠰᠦᠨᠦᠭᠲᠦ︾ ᠶᠢ ᠬᠡᠷᠡᠭᠯᠡᠬᠦ ᠪᠠᠷ ᠭᠤᠶᠤᠴᠢᠯᠠᠭᠰᠠᠨ ᠪᠠᠶᠢᠪᠠᠯ᠂ ᠬᠤᠳᠠ ᠶᠢᠨ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠠᠴᠠ ᠤᠤᠯ ᠤᠨ ︽ᠭᠤᠣᠯ ᠠᠪᠴᠠᠭᠠᠨ ᠤ ᠭᠡᠷ᠎ᠡ︾᠂ ︽ᠪᠡᠷᠢᠴᠠᠭᠠᠨ ᠤ ᠭᠡᠷ᠎ᠡ︾ ᠪᠠ ︽ᠳᠠᠭᠠᠭᠠᠯᠲᠠ ᠬᠢᠯᠭᠡᠭᠰᠡᠨ ᠭᠤᠣᠯ ᠠᠪᠴᠠᠭᠠᠨ ᠤ ᠡᠷᠬᠡ ᠶᠢ ᠰᠢᠯᠵᠢᠭᠦᠯᠦᠨ ᠥᠭᠬᠦ ᠬᠡᠯᠡᠯᠴᠡᠭᠡᠷ︾᠂ ︽ᠠᠪᠴᠠᠭᠠᠲᠠᠨ ᠤ ᠥᠭᠴᠡᠭᠡᠲᠡᠨ ᠳᠤ ᠨᠢᠭᠡᠨᠲᠡ ᠮᠡᠳᠡᠭᠳᠡᠭᠰᠡᠨ ᠮᠠᠲ᠋ᠧᠷᠢᠶᠠᠯ︾ ᠢ ᠲᠠᠬᠢᠵᠤ ᠬᠤᠷᠢᠶᠠᠬᠤ ᠦᠭᠡᠢ᠃ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠨᠢ ︽ᠭᠡᠷ᠎ᠡ ᠶᠢᠨ ᠬᠦᠰᠦᠨᠦᠭᠲᠦ︾ ᠶᠢᠨ ᠠᠭᠤᠯᠭ᠎ᠠ ᠪᠠᠷ ᠪᠠᠷᠢᠮᠵᠢᠶ᠎ᠠ ᠪᠣᠯᠭᠠᠵᠤ ᠬᠤᠯᠪᠣᠭᠳᠠᠯ ᠪᠦᠬᠦᠢ ᠳᠠᠩᠰᠠᠯᠠᠯᠲᠠ ᠬᠢᠨ᠎ᠡ᠂ ᠪᠡᠷᠢᠴᠠᠭᠠᠨ ᠤ ᠡᠷᠬᠡᠲᠦ ᠬᠥᠮᠥᠨ ᠤ ᠬᠠᠩᠭᠠᠭᠰᠠᠨ ᠮᠠᠲ᠋ᠧᠷᠢᠶᠠᠯ ᠤᠨ ᠠᠭᠤᠯᠭ᠎ᠠ ᠨᠢ ᠨᠢᠭᠡᠳᠦᠯ ᠦᠭᠡᠢ ᠠᠴᠠ ᠪᠣᠯᠵᠤ᠂ ᠬᠤᠯᠪᠣᠭᠳᠠᠯ ᠪᠦᠬᠦᠢ ᠬᠠᠤᠯᠢ ᠶᠢᠨ ᠬᠠᠷᠢᠭᠤᠴᠠᠯᠭ᠎ᠠ ᠶᠢ ᠪᠡᠷᠢᠴᠠᠭᠠᠨ ᠤ ᠡᠷᠬᠡᠲᠦ ᠬᠥᠮᠥᠨ ᠡᠭᠦᠷᠭᠡᠯᠡᠨ᠎ᠡ᠃      ᠬᠤᠯᠪᠣᠭᠳᠠᠯ ᠪᠦᠬᠦᠢ ︽ᠭᠤᠣᠯ ᠠᠪᠴᠠᠭᠠᠨ ᠤ ᠭᠡᠷ᠎ᠡ︾᠂ ︽ᠪᠡᠷᠢᠴᠠᠭᠠᠨ ᠤ ᠭᠡᠷ᠎ᠡ︾ ᠪᠣᠯᠣᠨ ︽ᠳᠠᠭᠠᠭᠠᠯᠲᠠ ᠬᠢᠯᠭᠡᠭᠰᠡᠨ ᠭᠤᠣᠯ ᠠᠪᠴᠠᠭᠠᠨ ᠤ ᠡᠷᠬᠡ ᠶᠢ ᠰᠢᠯᠵᠢᠭᠦᠯᠦᠨ ᠥᠭᠬᠦ ᠬᠡᠯᠡᠯᠴᠡᠭᠡᠷ︾᠂ ︽ᠠᠪᠴᠠᠭᠠᠲᠠᠨ ᠠᠴᠠ ᠥᠭᠴᠡᠭᠡᠲᠡᠨ ᠳᠤ ᠨᠢᠭᠡᠨᠲᠡ ᠮᠡᠳᠡᠭᠳᠡᠭᠰᠡᠨ ᠮᠠᠲ᠋ᠧᠷᠢᠶᠠᠯ︾ ᠢ ᠪᠡᠷᠢᠴᠠᠭᠠᠨ ᠤ ᠡᠷᠬᠡᠲᠦ ᠬᠥᠮᠥᠨ ᠥᠪᠡᠷ ᠢᠶᠠᠨ ᠬᠠᠳᠠᠭᠠᠯᠠᠨ᠎ᠠ᠃      ᠬᠤᠶᠠᠷ᠂ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠭᠰᠠᠨ ᠦᠷ᠎ᠡ ᠳ᠋ᠦᠩ ᠢ ᠮᠡᠳᠡᠭᠳᠡᠬᠦ ᠬᠠᠭᠤᠳᠠᠰᠤ      2024 ᠣᠨ ᠤ 4 ᠳ᠋ᠤᠭᠡᠷ ᠰᠠᠷ᠎ᠠ ᠶᠢᠨ 29 ᠤ ᠡᠳᠦᠷ ᠠᠴᠠ ᠡᠬᠢᠯᠡᠨ᠂ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠤᠨ ᠰᠦᠯᠵᠢᠶᠡᠨ ᠳᠡᠭᠡᠷᠡᠬᠢ ᠬᠡᠷᠡᠭ ᠡᠷᠭᠢᠯᠡᠬᠦ ᠲᠢᠩᠬᠢᠮ᠂ ᠰᠦᠯᠵᠢᠶᠡᠨ ᠠᠴᠠ ᠭᠠᠳᠠᠭᠤᠷᠬᠢ ᠦᠢᠯᠡᠴᠢᠯᠡᠭᠡᠨ ᠤ ᠲᠢᠩᠬᠢᠮ ᠤᠨ ᠴᠣᠩᠬᠤ ᠪᠠ ᠰᠢᠨ᠎ᠡ ᠬᠤᠲᠠ ᠲᠣᠭᠤᠷᠢᠭ ᠤᠨ ᠦᠢᠯᠡᠴᠢᠯᠡᠭᠡᠨ ᠤ ᠲᠢᠩᠬᠢᠮ ᠤᠨ ᠥᠪᠡᠰᠦᠪᠡᠨ ᠪᠠᠶᠢᠴᠠᠭᠠᠨ ᠯᠠᠪᠯᠠᠬᠤ ᠲᠥᠬᠦᠭᠡᠷᠦᠮᠵᠢ ᠳᠤ ᠰᠢᠨ᠎ᠡ ᠬᠡᠪᠯᠡᠯ ᠤᠨ ︽ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠭᠰᠠᠨ ᠦᠷ᠎ᠡ ᠳ᠋ᠦᠩ ᠢ ᠮᠡᠳᠡᠭᠳᠡᠬᠦ ᠬᠠᠭᠤᠳᠠᠰᠤ︾ ︵ᠵᠠᠭᠪᠤᠷ ᠤᠨ ᠳᠣᠣᠷ᠎ᠠ ᠬᠡᠰᠡᠭ ᠤᠨ ︽ᠤᠭ ᠵᠣᠬᠢᠶᠠᠯ ᠢ ᠤᠩᠰᠢᠬᠤ︾ ᠶᠢ ᠲᠣᠪᠴᠢᠳᠠᠨ᠎ᠠ ︶ ᠶᠢ ᠵᠡᠷᠭᠡ ᠪᠠᠷ ᠬᠡᠷᠡᠭᠯᠡᠨ᠎ᠡ᠃ ᠪᠤᠰᠤᠳ ᠥᠪᠡᠰᠦᠪᠡᠨ ᠪᠠᠶᠢᠴᠠᠭᠠᠨ ᠯᠠᠪᠯᠠᠬᠤ ᠲᠥᠬᠦᠭᠡᠷᠦᠮᠵᠢ ᠶᠢ ᠪᠦᠬᠦᠨ ᠢ ᠲᠠᠰ ᠳᠡᠪᠰᠢᠭᠦᠯᠬᠦ ᠠᠴᠠ ᠡᠮᠦᠨ᠎ᠡ᠂ ᠬᠠᠭᠤᠴᠢᠨ ᠬᠡᠪᠯᠡᠯ ᠤᠨ ᠪᠠᠶᠢᠴᠠᠭᠠᠨ ᠯᠠᠪᠯᠠᠭᠰᠠᠨ ᠦᠷ᠎ᠡ ᠳ᠋ᠦᠩ ᠢ ᠮᠡᠳᠡᠭᠳᠡᠬᠦ ᠬᠠᠭᠤᠳᠠᠰᠤ ᠵᠡᠷᠭᠡ ᠪᠠᠷ ᠬᠦᠴᠦᠨ ᠲᠠᠢ᠃      ᠬᠥᠬᠡᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ             2024 ᠣᠨ ᠤ 4 ᠳ᠋ᠤᠭᠡᠷ ᠰᠠᠷ᠎ᠠ ᠶᠢᠨ 28 ᠤ ᠡᠳᠦᠷ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1