4 ᠳ᠋ᠦ᠋ᠭᠡᠷ ᠰᠠᠷ᠎ᠠ ᠶᠢᠨ 23 ᠤ ᠡᠳᠦᠷ᠂ ︽ᠳᠤᠮᠳᠠᠳᠤ ᠤᠯᠤᠰ ᠤᠨ ᠵᠢᠭᠤᠯᠴᠢᠯᠠᠯ ᠤᠨ ᠰᠣᠨᠢᠨ︾ ᠳᠤ ︽ | ᠥᠪᠥᠷ ᠮᠣᠩᠭᠤᠯ 52 ᠵᠣᠷᠪᠤᠰ ᠬᠠᠪᠤᠷ ᠵᠣᠨ ᠤ ᠤᠯᠠᠷᠢᠯ ᠤᠨ ᠰᠣᠳᠣᠨ ᠵᠢᠭᠤᠯᠴᠢᠯᠠᠯ ᠤᠨ ᠱᠤᠭᠤᠮ ᠢ ᠨᠡᠶᠢᠲᠡᠯᠡᠪᠡ︾ | ᠭᠡᠵᠦ ᠮᠡᠳᠡᠭᠡᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ | ᠲᠢᠩᠬᠢᠮ ᠣᠶᠢᠷ᠎ᠠ ᠳᠤ 52 ᠵᠤᠷᠪᠤᠰ ᠬᠠᠪᠤᠷ ᠵᠣᠨ ᠤ ᠤᠯᠠᠷᠢᠯ ᠤᠨ ᠰᠣᠳᠣᠨ ᠵᠢᠭᠤᠯᠴᠢᠯᠠᠯ ᠤᠨ ᠱᠤᠭᠤᠮ ᠭᠠᠷᠭᠠᠵᠤ᠂ | ᠭᠠᠵᠠᠷ ᠣᠷᠣᠨ ᠤ ᠪᠠᠶᠢᠳᠠᠯ᠂ ᠪᠠᠶᠢᠭᠠᠯᠢ ᠶᠢᠨ ᠥᠩᠭᠡ ᠦᠵᠡᠮᠵᠢ᠂ ᠠᠷᠠᠳ ᠤᠨ ᠵᠠᠩ ᠦᠢᠯᠡ ᠶᠢ | ᠠᠭᠤᠰᠤᠯᠴᠠᠭᠤᠯᠤᠨ᠂ ︽ᠮᠢᠩᠭᠠᠨ ᠲᠡᠷᠭᠡ ᠲᠦᠮᠡᠨ ᠬᠥᠮᠥᠨ︾ ᠤ ᠥᠪᠥᠷ ᠮᠣᠩᠭᠤᠯ ᠳᠤ ᠥᠪᠡᠷ ᠢᠶᠠᠨ ᠲᠡᠷᠭᠡ | ᠵᠢᠯᠣᠭᠤᠳᠴᠤ ᠵᠢᠭᠤᠯᠴᠢᠯᠠᠬᠤ ᠨᠠᠷᠠᠲᠤ ᠲᠡᠮᠳᠡᠭ ᠢ ᠡᠭᠦᠳᠦᠭᠰᠡᠨ ᠪᠠᠶᠢᠨ᠎ᠠ ᠭᠡᠵᠡᠢ᠃ ᠮᠡᠳᠡᠭᠡᠯᠡᠯ ᠤᠨ ᠪᠥᠬᠦ | ᠠᠭᠤᠯᠭ᠎ᠠ ᠨᠢ ᠳᠣᠣᠷᠠᠬᠢ ᠮᠡᠲᠦ᠄ | ︽ᠳᠤᠮᠳᠠᠳᠤ ᠤᠯᠤᠰ ᠤᠨ ᠵᠢᠭᠤᠯᠴᠢᠯᠠᠯ ᠤᠨ ᠰᠣᠨᠢᠨ︾ ︵2024 ᠣᠨ ᠤ 4 ᠳ᠋ᠦ᠋ᠭᠡᠷ ᠰᠠᠷ᠎ᠠ ᠶᠢᠨ 23 ᠤ | ᠡᠳᠦᠷ ᠤᠨ ᠬᠡᠪᠯᠡᠯ ᠤᠨ 02 ᠳ᠋ᠤᠭᠠᠷ ᠨᠢᠭᠤᠷ︶ | ᠥᠪᠥᠷ ᠮᠣᠩᠭᠤᠯ 52 ᠵᠤᠷᠪᠤᠰ ᠬᠠᠪᠤᠷ ᠵᠤᠨ ᠤ ᠤᠯᠠᠷᠢᠯ ᠤᠨ ᠰᠣᠳᠣᠨ ᠵᠢᠭᠤᠯᠴᠢᠯᠠᠯ ᠤᠨ ᠱᠤᠭᠤᠮ ᠢ | ᠨᠡᠶᠢᠲᠡᠯᠡᠪᠡ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ | ᠣᠶᠢᠷ᠎ᠠ ᠳᠤ 52 ᠵᠤᠷᠪᠤᠰ ᠬᠠᠪᠤᠷ ᠵᠤᠨ ᠤ ᠤᠯᠠᠷᠢᠯ ᠤᠨ ᠰᠣᠳᠣᠨ ᠵᠢᠭᠤᠯᠴᠢᠯᠠᠯ ᠤᠨ ᠵᠠᠮ ᠱᠤᠭᠤᠮ ᠢ ᠨᠡᠶᠢᠲᠡᠯᠡᠵᠦ᠂ | ᠭᠠᠵᠠᠷ ᠣᠷᠣᠨ ᠤ ᠪᠠᠶᠢᠳᠠᠯ᠂ ᠪᠠᠶᠢᠭᠠᠯᠢ ᠶᠢᠨ ᠥᠩᠭᠡ ᠦᠵᠡᠮᠵᠢ᠂ ᠠᠷᠠᠳ ᠤᠨ ᠵᠠᠩ ᠦᠢᠯᠡ ᠶᠢ | ᠠᠭᠤᠰᠤᠯᠴᠠᠭᠤᠯᠤᠨ᠂ ︽ᠮᠢᠩᠭᠠᠨ ᠲᠡᠷᠭᠡ ᠲᠦᠮᠡᠨ ᠬᠥᠮᠥᠨ︾ ᠤ ᠥᠪᠥᠷ ᠮᠣᠩᠭᠤᠯ ᠳᠤ ᠥᠪᠡᠷ ᠢᠶᠠᠨ ᠲᠡᠷᠭᠡ | ᠵᠢᠯᠣᠭᠤᠳᠴᠤ ᠵᠢᠭᠤᠯᠴᠢᠯᠠᠬᠤ ᠨᠠᠷᠠᠲᠤ ᠲᠡᠮᠳᠡᠭ ᠢ ᠡᠭᠦᠳᠦᠭᠰᠡᠨ ᠪᠠᠶᠢᠨ᠎ᠠ᠃ | 52 ᠵᠤᠷᠪᠤᠰ ᠵᠠᠮ ᠱᠤᠭᠤᠮ ᠳᠤ 10 ᠵᠤᠷᠪᠤᠰ ᠪᠡᠭᠡᠵᠢᠩ — ᠥᠪᠥᠷ ᠮᠣᠩᠭᠤᠯ ᠤᠨ ᠰᠣᠳᠣᠨ | ᠵᠢᠭᠤᠯᠴᠢᠯᠠᠯ ᠤᠨ ᠵᠠᠮ ᠱᠤᠭᠤᠮ᠂ 12 ᠵᠤᠷᠪᠤᠰ ᠬᠠᠪᠤᠷ ᠤᠨ ᠤᠯᠠᠷᠢᠯ ᠤᠨ ᠬᠥᠳᠡᠭᠡ ᠲᠣᠰᠬᠤᠨ ᠤ ᠵᠢᠭᠤᠯᠴᠢᠯᠠᠯ ᠤᠨ | ᠵᠠᠮ ᠱᠤᠭᠤᠮ᠂ 8 ᠵᠤᠷᠪᠤᠰ ᠨᠢᠭᠡ ᠡᠳᠦᠷ ᠤᠨ ᠵᠢᠭᠤᠯᠴᠢᠯᠠᠯ ᠤᠨ ᠵᠠᠮ ᠱᠤᠭᠤᠮ᠂ 5 ᠵᠤᠷᠪᠤᠰ ᠬᠤᠶᠠᠷ ᠡᠳᠦᠷ ᠤᠨ | ᠵᠢᠭᠤᠯᠴᠢᠯᠠᠯ ᠤᠨ ᠵᠠᠮ ᠱᠤᠭᠤᠮ᠂ 5 ᠵᠤᠷᠪᠤᠰ ᠭᠤᠷᠪᠠᠨ ᠡᠳᠦᠷ ᠤᠨ ᠵᠢᠭᠤᠯᠴᠢᠯᠠᠯ ᠤᠨ ᠵᠠᠮ ᠱᠤᠭᠤᠮ ᠪᠠ 12 | ᠵᠤᠷᠪᠤᠰ ︽ᠥᠪᠥᠷ ᠮᠣᠩᠭᠤᠯ ᠤᠨ ᠬᠦᠮᠦᠨ ᠥᠪᠥᠷ ᠮᠣᠩᠭᠤᠯ ᠳᠤ ᠪᠠᠨ ᠵᠢᠭᠤᠯᠴᠢᠯᠠᠬᠤ︾ ᠰᠣᠳᠣᠨ | ᠵᠢᠭᠤᠯᠴᠢᠯᠠᠯ ᠤᠨ ᠵᠠᠮ ᠱᠤᠭᠤᠮ ᠪᠠᠭᠲᠠᠨ᠎ᠠ᠃ | ᠲᠠᠨᠢᠯᠴᠠᠭᠤᠯᠤᠭᠰᠠᠨ ᠢᠶᠠᠷ᠂ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ᠂ ᠥᠪᠥᠷ | ᠮᠣᠩᠭᠤᠯ ᠤᠨ 12 ᠠᠶᠢᠮᠠᠭ ᠬᠤᠲᠠ ᠶᠢᠨ ᠬᠢᠨ ᠬᠥᠬᠡᠬᠤᠲᠠ ᠶᠢᠨ ᠬᠡᠭᠡᠷ᠎ᠡ ᠪᠠᠭᠤᠳᠠᠯᠯᠠᠬᠤ ᠪᠠᠶᠠᠷ᠂ ᠰᠢᠯᠢ ᠶᠢᠨ | ᠭᠤᠣᠯ ᠤᠨ ︽ᠮᠧᠩ ᠮᠧᠩ ᠮᠠ︾ ᠮᠣᠷᠢᠨ ᠤᠷᠤᠯᠳᠤᠭᠠᠨ ᠵᠡᠷᠭᠡ 302 ᠵᠦᠢᠯ ᠤᠨ ᠰᠣᠶᠣᠯ ᠵᠢᠭᠤᠯᠴᠢᠯᠠᠯ ᠤᠨ | ᠠᠵᠢᠯᠯᠠᠭ᠎ᠠ ᠥᠷᠨᠢᠭᠦᠯᠬᠦ ᠪᠠᠷ ᠪᠣᠶ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠬᠢᠮ ᠣᠶᠢᠷ᠎ᠠ ᠳᠤ ᠰᠣᠶᠣᠯ ᠵᠢᠭᠤᠯᠴᠢᠯᠠᠯ ᠤᠨ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ | ᠪᠠᠶᠢᠭᠤᠯᠤᠮᠵᠢ᠂ ᠡᠯᠧᠺᠲᠷᠣᠨ ᠬᠤᠳᠠᠯᠳᠤᠭᠠᠨ ᠤ ᠲᠠᠪᠴᠠᠩ᠂ ᠰᠢᠨ᠎ᠡ ᠵᠠᠭᠤᠴᠢᠯᠠᠭᠤᠷ ᠤᠨ ᠲᠠᠪᠴᠠᠩ ᠲᠠᠢ | ᠬᠤᠯᠪᠤᠭᠠᠯᠠᠨ ᠬᠥᠳᠡᠯᠦᠯᠴᠡᠵᠦ᠂ ᠬᠡᠷᠡᠭᠯᠡᠭᠡ ᠶᠢ ᠠᠬᠢᠭᠤᠯᠬᠤ ᠣᠯᠠᠨ ᠶᠠᠩᠵᠤ ᠬᠡᠯᠪᠡᠷᠢ ᠶᠢᠨ ᠠᠵᠢᠯᠯᠠᠭ᠎ᠠ ᠥᠷᠨᠢᠭᠦᠯᠵᠦ᠂ | ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠲᠡᠮᠳᠡᠭᠲᠦ᠂ ᠪᠦᠷᠢᠨ ᠴᠢᠳᠠᠮᠵᠢᠲᠦ ᠺᠠᠷᠲ ᠪᠠ ᠡᠭᠦᠳᠡᠨ ᠪᠢᠯᠧᠲ ᠢ | ᠬᠡᠯᠲᠦᠷᠢᠭᠦᠯᠬᠦ ᠵᠡᠷᠭᠡ ᠬᠠᠷᠠᠭᠠᠯᠵᠠᠯ ᠤᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ︽ᠥᠪᠥᠷ ᠮᠣᠩᠭᠤᠯ ᠤᠨ | ᠬᠦᠮᠦᠨ ᠥᠪᠥᠷ ᠮᠣᠩᠭᠤᠯ ᠳᠤ ᠪᠠᠨ ᠵᠢᠭᠤᠯᠴᠢᠯᠠᠬᠤ︾ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠥᠷᠨᠢᠭᠦᠯᠬᠦ | ᠪᠣᠯᠣᠨ᠎ᠠ᠃ | ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠬᠢᠮ ᠪᠠᠰᠠ ᠳᠤᠮᠳᠠᠳᠤ ᠣᠷᠣᠰ ᠮᠣᠩᠭᠤᠯ ᠤᠨ ᠬᠢᠯᠢ ᠠᠯᠤᠰᠯᠠᠭᠰᠠᠨ ᠵᠢᠭᠤᠯᠴᠢᠯᠠᠯ ᠤᠨ | ᠦᠢᠯᠡᠳᠬᠦᠨ ᠢ ᠬᠦᠴᠦᠯᠡᠨ ᠪᠦᠲᠦᠭᠡᠵᠦ᠂ ︽ᠲᠦᠮᠡᠨ ᠭᠠᠵᠠᠷ ᠤᠨ ᠴᠠᠢ ᠶᠢᠨ ᠠᠶᠠᠨ︾ ᠤ ᠲᠦᠷᠭᠡᠨ ᠤ ᠲᠡᠮᠦᠷ | ᠵᠠᠮ ᠤᠨ ᠵᠢᠭᠤᠯᠴᠢᠯᠠᠯ ᠤᠨ ᠲᠤᠰᠬᠠᠢ ᠭᠠᠯᠲᠤ ᠲᠡᠷᠭᠡ ᠶᠢ ᠨᠠᠪᠲᠠᠷᠡᠭᠦᠯᠵᠦ᠂ ︽ᠲᠦᠮᠡᠨ ᠭᠠᠵᠠᠷ ᠤᠨ ᠴᠠᠢ ᠶᠢᠨ ᠠᠶᠠᠨ︾ | ᠤ ᠬᠢᠯᠢ ᠠᠯᠤᠰᠯᠠᠭᠰᠠᠨ ᠵᠢᠭᠤᠯᠴᠢᠯᠠᠯ ᠤᠨ ᠥᠪᠡᠷ ᠢᠶᠠᠨ ᠲᠡᠷᠭᠡ ᠵᠢᠯᠤᠭᠤᠳᠬᠤ ᠵᠠᠮ ᠱᠤᠭᠤᠮ ᠢ ᠭᠠᠷᠭᠠᠨ᠎ᠠ᠃ |