ᠬᠠᠩᠰᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠲᠣᠭᠲᠠᠬᠤ ᠰᠢᠶᠠᠨ ᠤ ᠨᠠᠮ ᠵᠠᠰᠠᠭ ᠤᠨ | ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠤᠷᠭᠠᠭᠤᠯᠢ᠂ ᠦᠷᠡᠭᠳᠡᠭᠰᠡᠨ | ᠪᠠᠭᠠᠲᠤᠷᠴᠤᠳ ᠤᠨ ᠭᠡᠷ ᠪᠦᠯᠢ ᠵᠡᠷᠭᠡ ᠨᠡᠶᠢᠭᠡᠮ ᠤᠨ ᠡᠯ᠎ᠡ ᠡᠲᠡᠭᠡᠳ ᠤᠨ ᠬᠢᠨ ᠦᠷᠡᠭᠳᠡᠭᠰᠡᠨ ᠪᠠᠭᠠᠲᠤᠷᠴᠤᠳ ᠤᠨ | ᠪᠤᠩᠬᠤᠨ ᠳᠤ ᠬᠦᠷᠴᠦ ︽ᠰᠦᠭ ᠰᠦᠨᠡᠰᠦ ᠶᠢ ᠱᠤᠭᠤᠬᠤ · 2024 ·ᠬᠠᠩᠰᠢ ᠶᠢᠨ ᠡᠳᠦᠷ ᠦᠷᠡᠭᠳᠡᠭᠰᠡᠨ | ᠪᠠᠭᠠᠲᠤᠷᠴᠤᠳ ᠢᠶᠠᠨ ᠳᠠᠬᠢᠬᠤ︾ ᠠᠵᠢᠯᠯᠠᠭ᠎ᠠ ᠥᠷᠨᠢᠭᠦᠯᠵᠦ᠂ ᠬᠤᠪᠢᠰᠬᠠᠯ ᠤᠨ ᠭᠧᠨ ᠢ ᠤᠯᠠᠮᠵᠢᠯᠠᠵᠤ᠂ | ᠬᠤᠪᠢᠰᠬᠠᠯ ᠤᠨ ᠴᠢᠰᠤᠨ ᠰᠤᠳᠠᠰᠤ ᠶᠢ ᠦᠷᠭᠦᠯᠵᠢᠯᠡᠭᠦᠯᠵᠦ᠂ ᠦᠷᠡᠭᠳᠡᠭᠰᠡᠨ ᠪᠠᠭᠠᠲᠤᠷᠴᠤᠳ ᠤᠨ ᠦᠢᠯᠡ | ᠠᠵᠢᠯᠯᠠᠭ᠎ᠠ ᠶᠢ ᠡᠷᠭᠢᠴᠡᠭᠦᠯᠵᠦ᠂ ᠦᠷᠡᠭᠳᠡᠭᠰᠡᠨ ᠪᠠᠭᠠᠲᠤᠷᠴᠤᠳ ᠲᠤ ᠰᠣᠷᠭᠤᠭ ᠴᠡᠴᠡᠭ ᠬᠦᠷᠭᠡᠵᠦ᠂ ᠨᠠᠮ ᠳᠤ | ᠡᠯᠰᠡᠬᠦ ᠲᠠᠩᠭᠠᠷᠢᠭ ᠤᠨ ᠦᠭᠡᠰ ᠢ ᠡᠷᠭᠢᠴᠡᠭᠦᠯᠵᠦ᠂ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ | ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠬᠡᠨ ᠠᠪᠴᠠᠢ᠃ | | | | | ᠦᠷᠡᠭᠳᠡᠭᠰᠡᠨ ᠪᠠᠭᠠᠲᠤᠷᠴᠤᠳ ᠤᠨ ᠳᠠᠬᠢᠯᠭ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ | ᠬᠢᠬᠦ ᠶᠢᠨ ᠲᠥᠯᠥᠭᠡ᠂ ᠲᠣᠭᠲᠠᠬᠤ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ ᠶᠢᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠤᠨ ᠦᠢᠯᠡᠴᠢᠯᠡᠭᠡᠨ ᠤ ᠲᠥᠪ ᠢ | ᠡᠷᠲᠡ ᠠᠴᠠ ᠲᠥᠯᠥᠪᠯᠡᠵᠦ᠂ ᠡᠷᠲᠡ ᠠᠴᠠ ᠪᠡᠯᠡᠳᠬᠡᠵᠦ᠂ ᠡᠷᠲᠡ ᠠᠴᠠ ᠬᠥᠳᠡᠯᠦᠯᠴᠡᠵᠦ᠂ ᠦᠷᠡᠭᠳᠡᠭᠰᠡᠨ | ᠪᠠᠭᠠᠲᠤᠷᠴᠤᠳ ᠤᠨ ᠳᠠᠬᠢᠯᠭ᠎ᠠ ᠶᠢᠨ ᠠᠵᠢᠯ ᠤᠨ ᠲᠥᠰᠥᠯ ᠵᠢᠴᠢ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠬᠤ ᠲᠥᠰᠥᠯ ᠢ ᠤᠷᠢᠳᠴᠢᠯᠠᠨ ᠰᠠᠶᠢᠲᠤᠷ ᠬᠢᠵᠦ᠂ ᠠᠮᠤᠷ ᠲᠦᠪᠰᠢᠨ᠂ ᠪᠣᠯᠪᠠᠰᠤᠨ᠂ ᠡᠮᠬᠢ ᠵᠢᠷᠤᠮ ᠲᠠᠢ | ᠲᠠᠬᠢᠯᠭ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ︽ᠰᠦᠨᠡᠰᠦ ᠪᠣᠰᠬᠠᠬᠤ ·2024 · ᠬᠠᠩᠰᠢ ᠶᠢᠨ ᠡᠳᠦᠷ | ᠦᠷᠡᠭᠳᠡᠭᠰᠡᠨ ᠪᠠᠭᠠᠲᠤᠷᠴᠤᠳ ᠢᠶᠠᠨ ᠳᠠᠬᠢᠬᠤ ᠰᠠᠨᠠᠭᠠᠴᠢᠯᠠᠭ᠎ᠠ ᠶᠢᠨ ᠪᠢᠴᠢᠭ︾ ᠢ ᠨᠡᠶᠢᠲᠡᠯᠡᠵᠦ᠂ ᠰᠦᠯᠵᠢᠶᠡᠨ ᠳᠡᠭᠡᠷ᠎ᠡ | ᠲᠠᠬᠢᠯᠭ᠎ᠠ᠂ ᠪᠣᠬᠢᠷᠲᠤᠯ ᠦᠭᠡᠢ ᠲᠠᠬᠢᠯᠭ᠎ᠠ ᠶᠢ ᠶᠡᠬᠡᠪᠡᠷ ᠤᠬᠠᠭᠤᠯᠵᠤ᠂ ᠰᠦᠯᠵᠢᠶᠡᠨ ᠳᠡᠭᠡᠷ᠎ᠡ ᠦᠷᠡᠭᠳᠡᠭᠰᠡᠨ | ᠪᠠᠭᠠᠲᠤᠷᠴᠤᠳ ᠢᠶᠠᠨ ᠳᠠᠬᠢᠬᠤ᠂ ᠣᠨᠳᠣᠣ ᠭᠠᠵᠠᠷ ᠲᠤ ᠲᠠᠬᠢᠯᠭ᠎ᠠ᠂ ᠣᠷᠣᠯᠠᠨ ᠲᠠᠬᠢᠯᠭ᠎ᠠ ᠶᠢ ᠥᠷᠨᠢᠭᠦᠯᠬᠦ ᠵᠡᠷᠭᠡ | ᠲᠠᠬᠢᠯᠭ᠎ᠠ ᠶᠢᠨ ᠠᠷᠭ᠎ᠠ ᠬᠡᠯᠪᠡᠷᠢ ᠶᠢ ᠥᠷᠨᠢᠭᠦᠯᠵᠦ᠂ ᠰᠦᠯᠵᠢᠶᠡᠨ ᠭᠠᠳᠠᠨ᠎ᠠ ᠲᠠᠬᠢᠯᠭ᠎ᠠ ᠳᠤ ᠤᠷᠢᠳᠴᠢᠯᠠᠨ ᠪᠣᠯᠵᠣᠵᠤ | ᠳᠠᠩᠰᠠᠯᠠᠬᠤ᠂ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠵᠡᠷᠭᠡ ᠠᠵᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ | ᠨᠠᠶᠢᠳᠠᠪᠦᠷᠢᠵᠢᠭᠤᠯᠪᠠ᠃ | | | | | | | | ᠠᠭᠤᠯᠠ ᠤᠰᠤᠨ ᠤ ᠣᠷᠤᠭ᠎ᠠ ᠪᠤᠰᠬᠠᠭ᠎ᠠ ᠲᠠᠶᠢᠨ ᠤ ᠣᠨ ᠵᠢᠯ ᠤᠳ ᠲᠤ᠂ ᠲᠤᠭ᠎ᠠ ᠲᠣᠮᠰᠢ ᠦᠭᠡᠢ ᠤᠯᠠᠨ | ᠲᠤᠭᠳᠠᠬᠤ ᠰᠢᠶᠠᠨ ᠤ ᠬᠥᠪᠡᠭᠦᠳ ᠥᠬᠢᠳ ᠢᠲᠡᠭᠡᠯ ᠵᠣᠷᠢᠭ ᠢᠶᠠᠨ ᠪᠠᠲᠤᠳᠬᠠᠵᠤ᠂ ᠦᠬᠦᠵᠦ ᠰᠡᠭᠡᠬᠦ ᠪᠠᠨ | ᠬᠠᠶᠢᠬᠤᠷᠤᠯ ᠦᠭᠡᠢ ᠪᠠᠷ ᠲᠡᠰᠪᠦᠷᠢ ᠬᠠᠲᠠᠭᠤᠵᠢᠯᠲᠠᠢ ᠪᠠᠷ ᠲᠡᠮᠡᠴᠡᠵᠦ᠂ ᠦᠨᠳᠦᠰᠦᠲᠡᠨ ᠤ ᠴᠢᠯᠦᠭᠡᠯᠡᠯᠲᠡ ᠪᠠ ᠡᠷᠬᠡ | ᠴᠢᠯᠦᠭᠡ ᠶᠢ ᠪᠡᠶᠡᠯᠡᠭᠦᠯᠬᠦ ᠶᠢᠨ ᠲᠥᠯᠥᠭᠡ ᠠᠮᠢ ᠨᠠᠰᠤ ᠪᠠᠨ ᠴᠤᠴᠠᠯᠲᠠ ᠦᠭᠡᠢ ᠲᠡᠮᠡᠴᠡᠵᠦ᠂ ᠡᠬᠡ ᠣᠷᠣᠨᠴᠢ | ᠦᠵᠡᠯ ᠤᠨ ᠠᠯᠢ ᠤᠯᠠᠨ ᠥᠷᠯᠥᠭ ᠬᠥᠰᠢᠶ᠎ᠡ ᠶᠢ ᠴᠣᠭᠴᠠᠯᠠᠵᠤ᠂ ᠪᠠᠭᠠᠲᠤᠷᠯᠢᠭ ᠦᠵᠡᠯ ᠤᠨ ᠪᠠᠭᠠᠲᠤᠷᠯᠢᠭ | ᠳᠠᠭᠤᠤ ᠨᠤᠭᠤᠳ ᠢ ᠪᠢᠴᠢᠭᠯᠡᠭᠰᠡᠨ ᠪᠠᠶᠢᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |