ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠯᠠᠨ ᠰᠠᠯᠠᠭ᠎ᠠ ᠮᠥᠴᠢᠷ ᠲᠠᠢ ᠬᠠᠮᠲᠤᠷᠠᠨ ᠰᠢᠩᠭᠡᠨᠵᠢᠮᠡᠯ ᠴᠢᠯᠠᠭᠤᠨ ᠲᠤᠰᠤᠨ ᠤ ᠬᠡᠢ ᠰᠠᠪᠠᠯᠠᠬᠤ ᠦᠷᠳᠡᠭᠡ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2024/4/8
       ᠰᠢᠩᠭᠡᠨᠵᠢᠮᠡᠯ ᠴᠢᠯᠠᠭᠤᠨ ᠲᠣᠰᠣᠨ ᠤ ᠬᠡᠢ ᠰᠠᠪᠠᠯᠠᠬᠤ ᠥᠷᠲᠡᠭᠡ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠢᠲᠠᠮᠠᠬᠠᠢ ᠬᠡᠢ ᠶᠢᠨ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠪᠠ ᠡᠷᠡᠰ ᠬᠤᠷᠢᠭᠯᠠᠵᠤ᠂ ᠬᠠᠷᠢᠶᠠᠲᠤ ᠣᠷᠣᠨ ᠤ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠦᠯᠦᠭᠡ᠂ ᠣᠶᠢᠷ᠎ᠠ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠬᠤ ᠰᠠᠯᠠᠭ᠎ᠠ ᠮᠥᠴᠢᠷ ᠲᠠᠢ ᠬᠠᠮᠲᠤᠷᠠᠨ᠂ ᠬᠠᠷᠢᠶ᠎ᠠ ᠣᠷᠣᠨ ᠤ ᠪᠠᠨ ᠳᠣᠲᠣᠷᠠᠬᠢ ᠰᠢᠩᠭᠡᠨᠵᠢᠮᠡᠯ ᠴᠢᠯᠠᠭᠤᠨ ᠲᠣᠰᠣᠨ ᠤ ᠬᠡᠢ ᠰᠠᠪᠠᠯᠠᠬᠤ ᠥᠷᠲᠡᠭᠡ ᠳᠤ ᠬᠢᠨᠠᠯᠲᠠ ᠪᠠᠶᠢᠴᠠᠭᠠᠯᠲᠠ ᠬᠢᠪᠡ᠃
     ᠪᠠᠶᠢᠴᠠᠭᠠᠬᠤ ᠳᠤᠭᠤᠶᠢᠯᠠᠩ ᠨᠢ ᠲᠤᠬᠠᠢ ᠶᠢᠨ ᠲᠠᠯᠠᠪᠤᠷ ᠲᠤ ᠪᠠᠶᠢᠴᠠᠭᠠᠯᠲᠠ ᠬᠢᠬᠦ᠂ ᠮᠠᠲ᠋ᠧᠷᠢᠶᠠᠯ ᠪᠠᠶᠢᠴᠠᠭᠠᠨ ᠦᠵᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠰᠢᠩᠭᠡᠨᠵᠢᠮᠡᠯ ᠴᠢᠯᠠᠭᠤᠨ ᠲᠣᠰᠣᠨ ᠤ ᠬᠡᠢ ᠳᠦᠭᠦᠷᠭᠡᠨ ᠤᠭᠰᠠᠷᠠᠬᠤ ᠥᠷᠲᠡᠭᠡ ᠳᠤ ᠬᠦᠴᠦᠨ ᠪᠦᠬᠦᠢ ᠵᠥᠪᠰᠢᠶᠡᠷᠡᠯ ᠤᠨ ᠦᠨᠡᠮᠯᠡᠯ ᠪᠠᠶᠢᠬᠤ ᠡᠰᠡᠬᠦ᠂ ᠬᠡᠪᠴᠢᠶ᠎ᠡ ᠠᠴᠠ ᠬᠡᠲᠦᠷᠡᠭᠦᠯᠦᠨ ᠳᠦᠭᠦᠷᠭᠡᠨ ᠤᠭᠰᠠᠷᠠᠭᠰᠠᠨ ᠡᠰᠡᠬᠦ᠂ ᠲᠥᠬᠦᠭᠡᠷᠦᠮᠵᠢ ᠶᠢ ᠬᠡᠷᠡᠭᠯᠡᠬᠦ ᠳᠠᠩᠰᠠᠯᠠᠯᠲᠠ ᠬᠢᠯᠭᠡᠬᠦ ᠶᠢᠨ ᠬᠠᠮᠲᠤ ᠰᠢᠯᠭᠠᠨ ᠪᠠᠶᠢᠴᠠᠭᠠᠬᠤ ᠬᠦᠴᠦᠨ ᠲᠠᠢ ᠬᠤᠭᠤᠴᠠᠭᠠᠨ ᠳᠤ ᠪᠠᠶᠢᠬᠤ ᠡᠰᠡᠬᠦ ᠵᠡᠷᠭᠡ ᠪᠠᠶᠢᠳᠠᠯ ᠢ ᠨᠠᠷᠢᠨ ᠤᠶᠢᠯᠠᠭᠠᠪᠠ᠃ ᠡᠭᠦᠨ ᠤ ᠬᠠᠮᠲᠤ ᠬᠡᠶᠢᠲᠦ ᠰᠠᠪᠠ ᠶᠢ ᠳᠦᠭᠦᠷᠭᠡᠨ ᠰᠠᠪᠠᠯᠠᠬᠤ ᠨᠢᠭᠡᠴᠡ ᠶᠢ ᠰᠢᠮᠳᠠᠭᠤᠯᠵᠤ ᠪᠠᠶᠢᠭᠠᠳ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠦᠭᠦᠷᠭᠡᠨ ᠰᠠᠪᠠᠯᠠᠬᠤ ᠶᠢᠨ ᠡᠮᠦᠨ᠎ᠡ ᠬᠤᠶᠢᠨᠠᠬᠢ ᠠᠮᠤᠷ ᠲᠦᠪᠰᠢᠨ ᠤ ᠪᠠᠶᠢᠴᠠᠭᠠᠯᠲᠠ ᠶᠢ ᠴᠢᠩᠭᠠᠳᠬᠠᠨ᠂ ᠬᠠᠤᠯᠢ ᠠᠴᠠ ᠵᠥᠷᠢᠴᠡᠨ ᠳᠦᠭᠦᠷᠭᠡᠨ ᠰᠠᠪᠠᠯᠠᠬᠤ ᠦᠶᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠬᠢᠷᠢ ᠲᠡᠩᠴᠡᠬᠦ ᠦᠭᠡᠢ ᠬᠡᠶᠢᠲᠦ ᠰᠠᠪᠠ ᠶᠢ ᠵᠠᠬ᠎ᠠ ᠳᠡᠯᠭᠡᠭᠦᠷ ᠲᠤ ᠣᠷᠣᠭᠤᠯᠬᠤ ᠶᠢ ᠴᠢᠩᠭ᠎ᠠ ᠴᠠᠭᠠᠵᠠᠯᠠᠨ᠎ᠠ᠃      ᠲᠣᠰ ᠤᠳᠠᠭᠠᠨ ᠤ ᠪᠠᠶᠢᠴᠠᠭᠠᠯᠲᠠ ᠳᠤ᠂ ᠨᠡᠶᠢᠲᠡ 1 ᠳᠦᠭᠦᠷᠭᠡᠨ ᠤᠭᠰᠠᠷᠠᠬᠤ ᠥᠷᠲᠡᠭᠡ᠂ 1 ᠲᠣᠰᠣ ᠨᠡᠮᠡᠬᠦ ᠬᠡᠢ ᠨᠡᠮᠡᠬᠦ ᠥᠷᠲᠡᠭᠡ ᠶᠢ ᠪᠠᠶᠢᠴᠠᠭᠠᠪᠠ᠃ ᠳᠠᠷᠠᠭᠠᠴᠢ ᠶᠢᠨ ᠠᠯᠬᠤᠮ ᠳᠤ᠂ ᠲᠤᠰ ᠲᠣᠪᠴᠢᠶ᠎ᠠ ᠰᠠᠯᠠᠭ᠎ᠠ ᠮᠥᠴᠢᠷ ᠤᠨ ᠬᠤᠯᠪᠣᠭᠠᠯᠠᠯ ᠢ ᠦᠷᠭᠦᠯᠵᠢᠯᠡᠨ ᠴᠢᠩᠭᠠᠳᠬᠠᠵᠤ᠂ ᠬᠡᠢ ᠶᠢᠨ ᠲᠦᠩᠰᠡ ᠶᠢ ᠳᠦᠭᠦᠷᠭᠡᠨ ᠰᠠᠪᠠᠯᠠᠬᠤ ᠨᠢᠭᠡᠴᠡ ᠶᠢᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ ᠂ ᠪᠦᠬᠦ ᠰᠢᠶᠠᠨ ᠤ ᠠᠷᠠᠳ ᠤᠯᠠᠨ ᠳᠤ ᠰᠢᠩᠭᠡᠨᠵᠢᠮᠡᠯ ᠬᠡᠢ ᠶᠢᠨ ᠲᠦᠩᠰᠡ ᠶᠢ ᠠᠶᠤᠯᠭᠦᠢ ᠬᠡᠷᠡᠭᠯᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1