ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ︽ᠭᠤᠷᠪᠠᠨ ᠵᠦᠢᠯ ᠤᠨ ᠲᠣᠭᠲᠠᠴᠠ︾ ᠪᠠᠷ ᠬᠢᠨᠠᠯᠲᠠ ᠲᠠᠯᠪᠢᠬᠤ ᠶᠢ ᠴᠢᠩᠭᠠᠳᠬᠠᠵᠤ ᠵᠥᠷᠢᠴᠡᠯ ᠢ ᠡᠪᠰᠡᠭᠦᠯᠬᠦ ᠶᠢ ᠠᠬᠢᠭᠤᠯᠵᠤ ᠠᠷᠠᠳ ᠤᠨ ᠠᠮᠢᠳᠤᠷᠠᠯ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2024/4/9
      ᠣᠶᠢᠷ᠎ᠠ ᠶᠢᠨ ᠵᠢᠯ ᠳᠤ᠂ ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ  ᠶᠡᠷᠦᠩᠬᠡᠢ ᠱᠦᠵᠢ ᠰᠢ ᠶᠢᠨ ᠫᠢᠩ ᠤᠨ ︽ᠹᠧᠩᠴᠢᠶᠤᠤ ᠶᠢᠨ ᠲᠤᠷᠰᠢᠯᠭ᠎ᠠ︾ ᠶᠢ ᠰᠠᠶᠢᠲᠤᠷ ᠪᠠᠷᠢᠮᠲᠠᠯᠠᠨ ᠰᠠᠶᠢᠲᠤᠷ ᠬᠥᠭᠵᠢᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠰᠢᠨ᠎ᠡ ᠴᠠᠭ ᠦᠶ᠎ᠡ ᠶᠢᠨ ᠪᠠᠶᠢᠴᠠᠭᠠᠬᠤ ᠪᠠᠶᠢᠭᠤᠯᠤᠯᠭ᠎ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠯ︾ ᠢ ᠪᠦᠬᠦ ᠲᠠᠯ᠎ᠠ ᠪᠠᠷ ᠲᠤᠭᠤᠰᠢᠯᠠᠭᠤᠯᠵᠦ᠂ ︽ᠶᠡᠭᠡ ᠲᠠᠯ᠎ᠠ ᠳᠤ ᠦᠢᠯᠡᠴᠢᠯᠡᠬᠦ︾ ᠤᠯᠤᠰ ᠲᠦᠷᠦ ᠶᠢᠨ ᠡᠭᠦᠷᠭᠡᠯᠡᠯ᠂ ︽ᠠᠷᠠᠳ ᠲᠦᠮᠡᠨ ᠢ ᠳᠡᠭᠡᠳᠦᠯᠡᠬᠦ︾ ᠵᠣᠷᠢᠯᠲᠠ ᠤᠬᠠᠮᠰᠠᠷ ᠪᠣᠯᠣᠨ ︽ᠰᠠᠶᠢᠨ ᠰᠠᠶᠢᠬᠠᠨ ᠢ ᠡᠷᠬᠢᠮᠯᠡᠬᠦ︾ ᠲᠤᠰᠬᠠᠢ ᠮᠡᠷᠭᠡᠵᠢᠯ ᠤᠨ ᠵᠣᠷᠢᠭ ᠰᠠᠨᠠᠭ᠎ᠠ ᠪᠠᠷ ︽ᠭᠤᠷᠪᠠᠨ ᠵᠦᠢᠯ ᠤᠨ ᠲᠣᠭᠲᠠᠴᠠ︾ ᠶᠢᠨ ᠢᠷᠭᠡᠨ ᠤ ᠬᠡᠷᠡᠭ ᠤᠨ ᠪᠠᠶᠢᠴᠠᠭᠠᠬᠤ ᠠᠵᠢᠯ ᠤᠨ ᠡᠶᠡᠳᠡᠯ ᠤᠨ ᠰᠢᠨ᠎ᠡ ᠠᠷᠭ᠎ᠠ ᠵᠠᠮ ᠢ ᠢᠳᠡᠪᠬᠢᠲᠡᠢ ᠪᠠᠶᠢᠭᠤᠯᠵᠤ᠂ 2023 ᠣᠨ ᠳᠤ ᠢᠷᠭᠡᠨ ᠤ ᠬᠡᠷᠡᠭ ᠤᠨ ᠪᠠᠶᠢᠴᠠᠭᠠᠬᠤ ᠠᠵᠢᠯ ᠤᠨ ᠡᠶᠡᠳᠡᠯ ᠢ ᠨᠡᠶᠢᠲᠡ 3 ᠬᠤᠪᠢ ᠠᠬᠢᠭᠤᠯᠵᠤ᠂ ᠬᠡᠷᠡᠭ ᠢ ᠳᠠᠭᠤᠰᠬᠠᠭᠰᠠᠨ ᠤ ᠳᠠᠷᠠᠭ᠎ᠠ ᠰᠤᠷᠪᠤᠯᠵᠢᠯᠠᠬᠤ ᠶᠢ ᠵᠣᠭᠰᠣᠭᠠᠭᠰᠠᠨ ᠨᠤᠷᠮ᠎ᠠ ᠶᠢ 100% ᠳᠤ ᠬᠦᠷᠭᠡᠵᠦ᠂ ᠪᠠᠶᠢᠴᠠᠭᠠᠬᠤ ᠠᠵᠢᠯ ᠢ ᠦᠨᠡᠨ ᠰᠡᠳᠬᠢᠯ ᠠᠴᠠ ᠪᠠᠨ ᠠᠷᠠᠳ ᠤᠨ ᠲᠥᠯᠥᠭᠡ ᠬᠢᠬᠦ ᠪᠣᠳᠠᠲᠤ ᠶᠠᠪᠤᠳᠠᠯ ᠤᠨ ᠳᠤᠮᠳᠠ ᠨᠠᠮ ᠤᠨ ᠲᠦᠷᠦ ᠪᠠᠷᠢᠬᠤ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠪᠠ᠃      ᠨᠢᠭᠡ᠂ ︽ᠪᠠᠶᠢᠴᠠᠭᠠᠬᠤ ᠳᠠᠷᠤᠭ᠎ᠠ ᠰᠢᠪᠠᠳᠠᠨ ᠰᠢᠢᠳᠪᠦᠷᠢᠯᠡᠭᠦᠯᠬᠦ + ᠢᠷᠭᠡᠨ ᠤ ᠬᠡᠷᠡᠭ ᠤᠨ ᠪᠠᠶᠢᠴᠠᠭᠠᠯᠲᠠ ᠶᠢᠨ ᠡᠶᠡᠳᠡᠯ︾      ᠡᠪᠰᠡᠯᠲᠡ ᠶᠢᠨ ᠴᠢᠨᠠᠷ ᠪᠠ ᠦᠷ᠎ᠡ ᠠᠰᠢᠭ ᠢ  ᠲᠡᠭᠡᠭᠰᠢᠯᠡᠭᠦᠯᠪᠡ       ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ᠪᠠᠶᠢᠴᠠᠭᠠᠬᠤ ᠳᠠᠷᠤᠭ᠎ᠠ ᠶᠢᠨ ᠰᠢᠪᠠᠳᠠᠨ ᠰᠢᠢᠳᠪᠦᠷᠢᠯᠡᠭᠦᠯᠬᠦ ᠪᠠ ᠢᠷᠭᠡᠨ ᠤ ᠬᠡᠷᠡᠭ ᠤᠨ ᠪᠠᠶᠢᠴᠠᠭᠠᠬᠤ ᠠᠵᠢᠯ ᠤᠨ ᠡᠶᠡᠳᠡᠯ ᠢ ᠭᠦᠨᠵᠡᠭᠡᠢ ᠨᠡᠶᠢᠯᠡᠭᠦᠯᠵᠦ᠂ ︽ᠳᠠᠭᠠᠭᠠᠨ ᠰᠢᠢᠳᠪᠦᠷᠢᠯᠡᠬᠦ᠂ ᠳᠠᠭᠠᠭᠤᠯᠤᠨ ᠰᠢᠢᠳᠪᠦᠷᠢᠯᠡᠬᠦ᠂ ᠰᠢᠪᠠᠳᠠᠨ ᠰᠢᠢᠳᠪᠦᠷᠢᠯᠡᠭᠦᠯᠬᠦ + ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ︾ ᠪᠠᠷ ᠲᠦᠪᠡᠭ ᠪᠤᠳᠤᠯᠢᠶᠠᠨᠲᠠᠢ ᠪᠤᠶᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠡᠭᠦᠰᠬᠡᠵᠦ ᠮᠡᠳᠡᠬᠦ ᠬᠡᠷᠡᠭ ᠢ ᠴᠢᠨᠠᠷ ᠰᠠᠶᠢᠲᠠᠢ ᠪᠥᠭᠡᠳ ᠦᠷ᠎ᠡ ᠪᠦᠲᠦᠮᠵᠢᠲᠡᠶ ᠪᠠᠷ ᠰᠢᠢᠳᠪᠦᠷᠢᠯᠡᠬᠦ ᠶᠢ ᠲᠦᠯᠬᠢᠨ ᠠᠬᠢᠭᠤᠯᠪᠠ᠃ ᠵᠢᠱᠢᠶᠡᠯᠡᠪᠡᠯ ᠰᠢᠢᠳᠪᠦᠷᠢᠯᠡᠭᠰᠡᠨ ᠯᠢᠦ ᠣᠪᠣᠭᠲᠤ ᠬᠢᠭᠡᠳ ᠥᠪᠥᠷ ᠮᠣᠩᠭᠤᠯ ᠤᠨ ᠨᠢᠭᠡᠨ ᠮᠠᠯ ᠠᠵᠤ ᠠᠬᠤᠢ ᠶᠢᠨ ᠺᠣᠮᠫᠠᠨᠢ ᠶᠢᠨ ᠬᠥᠳᠡᠯᠮᠦᠷᠢ ᠦᠢᠯᠡᠴᠢᠯᠡᠭᠡ ᠵᠢᠴᠢ ᠠᠵᠢᠯ ᠤᠨ ᠨᠥᠯᠥᠭᠡᠨ ᠤ ᠡᠪᠡᠳᠴᠢᠨ ᠤ ᠲᠥᠯᠥᠪᠦᠷᠢ ᠶᠢᠨ ᠵᠢᠭᠤᠷᠠᠯᠳᠤᠭᠠᠨ ᠤ ᠬᠡᠷᠡᠭ ᠢ ᠬᠤᠪᠢᠳᠠᠨ ᠬᠠᠮᠢᠶᠠᠷᠬᠤ ᠪᠠᠶᠢᠴᠠᠭᠠᠬᠤ ᠳᠠᠷᠤᠭ᠎ᠠ ᠨᠢ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠡᠷᠭᠡ ᠵᠠᠰᠠᠭ ᠵᠠᠬᠢᠷᠭᠠᠨ ᠤ ᠨᠢᠭᠡᠴᠢ ᠲᠠᠢ ᠣᠯᠠᠨᠲᠠ ᠨᠡᠪᠲᠡᠷᠡᠯᠴᠡᠵᠦ᠂ ᠬᠡᠷᠡᠭ ᠤᠨ ᠪᠣᠳᠠᠲᠤ ᠶᠠᠪᠤᠳᠠᠯ ᠢ ᠵᠠᠳᠠᠯᠵᠤ᠂ ᠬᠠᠤᠯᠢ ᠴᠠᠭᠠᠵᠠ ᠶᠢᠨ ᠬᠡᠷᠡᠭᠯᠡᠯᠲᠡ ᠶᠢ ᠲᠠᠶᠢᠯᠪᠤᠷᠢᠯᠠᠵᠤ᠂ ᠰᠢᠭᠦᠬᠦ ᠬᠤᠷᠢᠶᠠᠨ ᠤ ᠲᠠᠰᠤᠯᠤᠨ ᠲᠣᠭᠲᠠᠭᠠᠭᠰᠠᠨ ᠤᠴᠢᠷ ᠰᠢᠯᠲᠠᠭᠠᠨ ᠢ ᠲᠣᠳᠣᠷᠬᠠᠶᠢᠯᠠᠵᠤ᠂ ᠵᠥᠷᠢᠴᠡᠯ ᠢ ᠡᠪᠯᠡᠷᠡᠭᠦᠯᠦᠨ᠂ ᠤᠷᠮ᠎ᠠ ᠰᠡᠳᠬᠢᠯᠭᠡ ᠶᠢ ᠨᠢ ᠰᠢᠯᠤᠭᠤᠳᠬᠠᠵᠤ᠂ ᠡᠴᠦᠰ ᠲᠡᠭᠡᠨ ᠬᠤᠶᠠᠷ ᠲᠠᠯ᠎ᠠ ᠪᠠᠷ ᠢᠶᠠᠨ ᠡᠶᠡᠳᠡᠬᠦ ᠬᠡᠯᠡᠯᠴᠡᠭᠡᠷ ᠲᠣᠭᠲᠠᠬᠤ ᠶᠢ ᠠᠬᠢᠭᠤᠯᠵᠤ᠂ ᠵᠠᠭᠠᠯᠳᠤᠯᠭ᠎ᠠ ᠶᠢ ᠵᠣᠭᠰᠣᠭᠠᠨ ᠲᠠᠰᠤᠯᠤᠯᠲᠠ ᠶᠢ ᠬᠦᠯᠢᠶᠡᠯᠭᠡᠪᠡ᠃      ᠬᠤᠶᠠᠷ᠂ ︽ᠪᠠᠶᠢᠴᠠᠭᠠᠬᠤ ᠲᠤᠰᠢᠶᠠᠯᠲᠠᠨ ᠤ ᠬᠠᠮᠲᠤᠷᠠᠭᠰᠠᠨ ᠬᠤᠷᠠᠯᠳᠤᠭᠠᠨ + ᠢᠷᠭᠡᠨ ᠤ ᠬᠡᠷᠡᠭ ᠤᠨ ᠪᠠᠶᠢᠴᠠᠭᠠᠯᠲᠠ ᠶᠢᠨ ᠡᠶᠡᠳᠡᠯ︾      ᠡᠪᠰᠡᠯᠲᠡ ᠶᠢᠨ ᠨᠠᠷᠢᠯᠢᠭᠴᠠ ᠶᠢ ᠴᠢᠩᠭᠠᠳᠬᠠᠪᠠ      ᠲᠤᠭᠳᠠᠬᠤ ᠰᠢᠶᠠᠨ ᠤ ᠪᠠᠢᠴᠠᠭᠠᠬᠤ ᠬᠤᠷᠢᠶ᠎ᠠ ᠢᠷᠭᠡᠨ ᠤ ᠬᠡᠷᠡᠭ ᠤᠨ ᠪᠠᠢᠴᠠᠭᠠᠬᠤ ᠠᠵᠢᠯ ᠤᠨ ᠡᠶᠡᠳᠡᠯ ᠤᠨ ᠳᠤᠮᠳᠠ ᠪᠠᠢᠴᠠᠭᠠᠬᠤ ᠲᠤᠰᠢᠶᠠᠯᠲᠠᠨ ᠤ ᠬᠠᠮᠲᠤᠷᠠᠭᠰᠠᠨ ᠬᠤᠷᠠᠯᠳᠤᠭᠠᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠨᠢᠭᠡ ᠬᠡᠷᠡᠭ ᠨᠢᠭᠡ ᠬᠤᠷᠠᠯᠳᠤᠭᠠᠨ︾᠂ ︽ᠨᠢᠭᠡ ᠬᠡᠷᠡᠭ ᠨᠢᠭᠡ ᠵᠢᠱᠢᠯᠲᠡ︾᠂ ︽ᠨᠢᠭᠡ ᠬᠡᠷᠡᠭ ᠨᠢᠭᠡ ᠪᠡᠯᠡᠳᠬᠡᠯ ᠲᠥᠰᠥᠯ︾ ᠢ ᠬᠡᠷᠡᠭᠵᠢᠭᠦᠯᠦᠨ᠂ ᠪᠠᠢᠴᠠᠭᠠᠬᠤ ᠲᠤᠰᠢᠶᠠᠯᠲᠠᠨ ᠤ ᠬᠠᠮᠲᠤ ᠶᠢᠨ ᠣᠶᠤᠨ ᠤᠬᠠᠭᠠᠨ ᠢ ᠡᠮᠬᠢᠳᠬᠡᠨ ᠬᠡᠷᠡᠭ ᠤᠨ ᠪᠣᠳᠠᠲᠤ ᠶᠠᠪᠤᠳᠠᠯ ᠢ ᠵᠠᠳᠠᠯᠵᠤ᠂ ᠬᠠᠤᠯᠢ ᠴᠠᠭᠠᠵᠠ ᠶᠢᠨ ᠬᠡᠷᠡᠭᠯᠡᠯᠲᠡ ᠶᠢ ᠬᠢᠨᠠᠨ ᠪᠠᠢᠴᠠᠭᠠᠵᠤ᠂ ᠡᠶᠡᠳᠡᠬᠦ ᠪᠡᠯᠡᠳᠬᠡᠯ ᠲᠥᠰᠥᠯ ᠢ ᠲᠣᠭᠲᠠᠭᠠᠵᠤ᠂ ᠬᠡᠷᠡᠭ ᠲᠤ ᠣᠷᠣᠰᠢᠵᠤ ᠪᠠᠶᠢᠭ᠎ᠠ ᠦ ᠰᠡᠪ ᠢ ᠭᠦᠨ ᠠᠭᠤᠳᠠᠯᠬᠤ ᠪᠠᠷ ᠬᠦᠴᠦᠯᠡᠬᠦ ᠴᠡᠭ ᠪᠣᠯᠭᠠᠵᠤ᠂ ᠪᠠᠢᠴᠠᠭᠠᠬᠤ ᠠᠵᠢᠯ ᠤᠨ ᠡᠶᠡᠳᠡᠯ ᠤᠨ ᠬᠡᠯᠡᠯᠴᠡᠨ ᠲᠣᠭᠲᠠᠬᠤ ᠶᠢ ᠬᠥᠳᠡᠯᠭᠡᠪᠡ᠃ ᠵᠢᠱᠢᠶᠡᠯᠡᠪᠡᠯ᠂ ᠨᠢᠭᠡᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠺᠣᠮᠫᠠᠨᠢ ᠬᠢᠭᠡᠳ ᠨᠢᠭᠡᠨ ᠡᠳ᠋ ᠪᠣᠳᠠᠰ ᠤᠨ ᠺᠣᠮᠫᠠᠨᠢ ᠶᠢᠨ ᠭᠡᠷ᠎ᠡ ᠶᠢᠨ ᠵᠢᠭᠤᠷᠠᠯᠳᠤᠭᠠᠨ ᠤ ᠬᠡᠷᠡᠭ ᠢ ᠰᠢᠢᠳᠪᠦᠷᠢᠯᠡᠵᠦ᠂ ᠲᠤᠰ ᠬᠡᠷᠡᠭ ᠲᠦᠪᠡᠭ ᠪᠤᠳᠤᠯᠢᠶᠠᠨᠲᠠᠢ ᠮᠥᠷᠲᠡᠭᠡᠨ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ ᠨᠡᠯᠢᠶᠡᠳ ᠶᠡᠭᠡ ᠪᠠᠶᠢᠵᠤ᠂ ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠶᠠᠪᠤᠴᠠ ᠳᠠᠭᠠᠨ ᠪᠠᠶᠢᠴᠠᠭᠠᠬᠤ ᠲᠤᠰᠢᠶᠠᠯᠲᠠᠨ ᠤ ᠬᠠᠮᠲᠤᠷᠠᠭᠰᠠᠨ ᠬᠤᠷᠠᠯᠳᠤᠭᠠᠨ ᠢ ᠬᠤᠷᠠᠯᠳᠤᠭᠤᠯᠵᠤ᠂ ᠪᠠᠶᠢᠴᠠᠭᠠᠬᠤ ᠲᠤᠰᠢᠶᠠᠯᠲᠠᠨ ᠬᠠᠮᠲᠤ ᠪᠠᠷ ᠰᠤᠳᠤᠯᠤᠨ ᠮᠠᠭᠠᠳᠯᠠᠭᠰᠠᠨ ᠤ ᠳᠠᠷᠠᠭ᠎ᠠ ᠲᠤᠰ ᠬᠡᠷᠡᠭ ᠲᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠡᠷᠢᠴᠠᠭᠠᠨ ᠤ ᠠᠷᠭ᠎ᠠ ᠮᠠᠶ᠋ᠢᠭ ᠢ ᠠᠰᠢᠭᠯᠠᠨ ᠡᠶᠡᠳᠡᠬᠦ ᠪᠣᠯᠣᠯᠴᠠᠭ᠎ᠠ ᠪᠠᠶᠢᠬᠤ ᠶᠢ ᠣᠯᠵᠤ ᠮᠡᠳᠡᠪᠡ᠂ ᠳᠠᠭᠠᠭᠠᠨ ᠰᠢᠢᠳᠪᠦᠷᠢᠯᠡᠬᠦ ᠪᠠᠶᠢᠴᠠᠭᠠᠬᠤ ᠲᠤᠰᠢᠶᠠᠯᠲᠠᠨ ᠡᠭᠦᠨ ᠢᠶᠠᠷ ᠭᠠᠷᠳᠠᠴᠠ ᠪᠣᠯᠭᠠᠵᠤ᠂ ᠭᠤᠶᠤᠴᠢᠯᠠᠭᠳᠠᠭᠴᠢ ᠳᠤ ᠬᠠᠤᠯᠢ ᠶᠢ ᠲᠠᠶᠢᠯᠪᠤᠷᠢᠯᠠᠨ ᠶᠣᠰᠣ ᠬᠡᠯᠡᠬᠦ ᠶᠢ ᠴᠢᠩᠭᠠᠳᠬᠠᠵᠤ᠂ ᠠᠰᠢᠭ ᠬᠤᠣᠷ ᠢ ᠵᠠᠳᠠᠯᠤᠨ᠂ ᠡᠴᠦᠰ ᠲᠡᠭᠡᠨ ᠬᠤᠶᠠᠷ ᠲᠠᠯ᠎ᠠ ᠪᠠᠷ ᠢᠶᠠᠨ ᠡᠶᠡᠳᠡᠬᠦ ᠬᠡᠯᠡᠯᠴᠡᠭᠡᠷ ᠲᠣᠬᠢᠷᠠᠭᠰᠠᠨ ᠪᠠᠶᠢᠨ᠎ᠠ᠃      ᠭᠤᠷᠪᠠ᠂ ︽ᠢᠯᠡ ᠪᠠᠷ ᠭᠡᠷᠡᠴᠢᠯᠡᠭᠡ ᠰᠣᠨᠣᠰᠬᠤ + ᠢᠷᠭᠡᠨ ᠤ ᠬᠡᠷᠡᠭ ᠤᠨ ᠪᠠᠶᠢᠴᠠᠭᠠᠯᠲᠠ ᠶᠢᠨ ᠡᠶᠡᠳᠡᠯ︾      ᠡᠪᠰᠡᠯ ᠤᠨ ᠲᠠᠪᠴᠠᠩ ᠪᠠᠶᠢᠭᠤᠯᠪᠠ      ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ᠭᠡᠷᠡᠴᠢᠯᠡᠭᠡ ᠰᠣᠨᠣᠰᠬᠤ ᠴᠢᠳᠠᠮᠵᠢ ᠪᠠᠨ ᠭᠦᠢᠴᠡᠳ ᠪᠠᠳᠠᠷᠠᠭᠤᠯᠵᠤ᠂ ᠡᠯ᠎ᠡ ᠲᠠᠯ᠎ᠠ ᠶᠢᠨ ᠲᠤᠬᠠᠢ ᠶᠢᠨ ᠬᠥᠮᠥᠨ ᠳᠤ ᠨᠡᠪᠲᠡᠷᠡᠯᠴᠡᠨ ᠰᠣᠯᠢᠯᠴᠠᠬᠤ ᠲᠠᠪᠴᠠᠩ ᠪᠠᠶᠢᠭᠤᠯᠤᠨ ᠥᠭᠴᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠥᠷᠭᠡᠨ ᠢᠶᠠᠷ ᠤᠷᠢᠵᠤ ᠭᠡᠷᠡᠴᠢᠯᠡᠭᠡ ᠰᠣᠨᠣᠰᠬᠤ ᠳᠤ ᠣᠷᠣᠯᠴᠠᠭᠤᠯᠵᠤ᠂ ᠪᠠᠶᠢᠴᠠᠭᠠᠬᠤ ᠪᠠᠶᠢᠭᠤᠯᠭ᠎ᠠ ᠶᠢ ᠬᠠᠮᠵᠢᠨ ᠪᠣᠳᠠᠲᠤ ᠬᠡᠷᠡᠭ ᠢ ᠪᠠᠶᠢᠴᠠᠭᠠᠨ ᠲᠣᠳᠣᠷᠬᠠᠶᠢᠯᠠᠵᠤ᠂ ᠵᠢᠭᠤᠷᠠᠯᠳᠤᠭᠠᠨ ᠢ ᠠᠷᠢᠯᠭᠠᠪᠠ᠃ ᠵᠢᠱᠢᠶᠡᠯᠡᠪᠡᠯ 2023 ᠣᠨ ᠳᠤ ᠰᠢᠢᠳᠪᠦᠷᠢᠯᠡᠭᠰᠡᠨ 3 ᠢᠷᠭᠡᠨ ᠤ ᠬᠡᠷᠡᠭ ᠤᠨ ᠡᠶᠡᠳᠡᠯ ᠤᠨ ᠬᠡᠷᠡᠭ ᠲᠤ ᠴᠥᠮ ᠢᠯᠡ ᠪᠠᠷ ᠭᠡᠷᠡᠴᠢᠯᠡᠭᠡ ᠰᠣᠨᠣᠰᠬᠤ ᠶᠢ ᠵᠣᠬᠢᠶᠠᠨ ᠪᠠᠶᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠠᠵᠢᠯᠲᠠᠨ᠂ ᠬᠠᠤᠯᠢᠴᠢ᠂ ᠠᠷᠠᠳ ᠤᠨ ᠬᠢᠨᠠᠯᠲᠠ ᠲᠠᠯᠪᠢᠭᠴᠢ ᠵᠡᠷᠭᠡ ᠶᠢ ᠤᠷᠢᠵᠤ ᠭᠡᠷᠡᠴᠢᠯᠡᠭᠡ ᠰᠣᠨᠣᠰᠤᠭᠴᠢ ᠶᠢᠨ ᠲᠤᠰᠢᠶᠠᠯ ᠢ ᠡᠭᠦᠷᠭᠡᠯᠡᠭᠦᠯᠵᠦ᠂ ᠬᠤᠶᠠᠷ ᠲᠠᠯ᠎ᠠ ᠳᠤ ᠨᠡᠪᠲᠡᠷᠡᠯᠴᠡᠨ ᠰᠣᠯᠢᠯᠴᠠᠬᠤ ᠲᠠᠪᠴᠠᠩ ᠪᠠᠶᠢᠭᠤᠯᠵᠤ ᠥᠭᠭᠦᠭᠰᠡᠨ ᠪᠠᠶᠢᠨ᠎ᠠ᠃ ᠢᠯᠡ ᠪᠠᠷ ᠰᠠᠨᠠᠯ ᠰᠣᠨᠣᠰᠤᠯᠲᠠ ᠶᠢᠨ ᠳᠤᠮᠳᠠ᠂ ᠪᠠᠶᠢᠴᠠᠭᠠᠬᠤ ᠪᠠᠶᠢᠭᠤᠯᠭ᠎ᠠ ᠶᠢᠨ ᠢᠳᠡᠪᠬᠢᠲᠡᠢ ᠵᠢᠯᠣᠭᠤᠳᠤᠯᠭ᠎ᠠ ᠶᠢᠨ ᠳᠣᠣᠷ᠎ᠠ᠂ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠨᠢ ᠠᠩᠬᠠᠷᠤᠯ ᠲᠥᠪᠯᠡᠷᠡᠭᠰᠡᠨ ᠠᠰᠠᠭᠤᠳᠠᠯ ᠳᠤ ᠰᠢᠭᠤᠳ ᠬᠠᠨᠳᠤᠵᠤ᠂ ᠭᠤᠮᠣᠳᠠᠯ ᠱᠠᠭᠠᠷᠳᠠᠯᠭ᠎ᠠ ᠪᠠᠨ ᠢᠯᠡᠳᠬᠡᠨ᠂ ᠰᠠᠨᠠᠯ ᠢᠶᠠᠨ ᠰᠣᠯᠢᠯᠴᠠᠵᠤ᠂ ᠰᠠᠨᠠᠯ ᠰᠣᠨᠣᠰᠤᠭᠴᠢ ᠴᠤ ᠬᠤᠶᠠᠷ ᠲᠠᠯ᠎ᠠ ᠶᠢᠨ ᠶᠠᠷᠢᠶ᠎ᠠ ᠪᠠ ᠬᠡᠷᠡᠭ ᠤᠨ ᠭᠡᠷᠡᠴᠢ ᠪᠠᠷᠢᠮᠲᠠ ᠶᠢᠨ ᠲᠤᠬᠠᠢ ᠵᠦᠢ ᠵᠣᠬᠢᠰᠲᠠᠢ ᠰᠠᠨᠠᠯ ᠭᠠᠷᠭᠠᠵᠤ᠂ ᠬᠤᠶᠠᠷ ᠲᠠᠯ᠎ᠠ ᠶᠢᠨ ᠬᠢᠨ ᠢ ᠠᠯᠬᠤᠮ ᠠᠯᠬᠤᠮ ᠢᠶᠠᠷ ᠰᠠᠨᠠᠯ ᠨᠢᠭᠡᠲᠡᠢ ᠪᠣᠯᠭᠠᠬᠤ ᠶᠢ ᠠᠬᠢᠭᠤᠯᠪᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1