ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶ᠎ᠠ ︽ᠤᠯᠤᠰ ᠲᠦᠷᠦ ᠶᠢᠨ ᠵᠥᠪᠯᠡᠯᠭᠡᠨ + ᠰᠢᠭᠦᠬᠦ ᠬᠤᠷᠢᠶ᠎ᠠ + ᠨᠡᠶᠢᠭᠡᠮ ᠲᠣᠭᠤᠷᠢᠭ︾ ᠤᠨ ᠲᠣᠭᠲᠠᠴᠠ ᠶᠢᠨ ᠰᠢᠨ᠎ᠡ ᠶᠢ ᠡᠭᠦᠳᠴᠦ ᠭᠦᠢᠴᠡᠳᠬᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2024/4/9
      ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠡᠷᠬᠡᠪᠰᠢ ᠬᠠᠤᠯᠢ ᠪᠠᠷ ᠵᠠᠰᠠᠬᠤ ᠶᠢᠨ ᠦᠨᠳᠦᠰᠦ ᠶᠢ ᠪᠠᠲᠤᠳᠬᠠᠬᠤ᠂ ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ ᠬᠡᠳᠦ ᠳᠤ ᠠᠰᠢᠭᠲᠠᠢ ᠪᠠᠶᠢᠯᠭᠠᠬᠤ ᠪᠠᠲᠤᠯᠠᠭ᠎ᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠬᠠᠤᠯᠢ ᠪᠠᠷ ᠵᠠᠰᠠᠬᠤ ᠵᠠᠮ ᠳᠡᠭᠡᠷ᠎ᠡ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠡᠭᠦᠨ ᠤ ᠲᠤᠯᠠᠳᠠ᠂ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶ᠎ᠠ ︽ᠲᠥᠪ ᠭᠤᠣᠯᠴᠢ ᠪᠠ ᠦᠷ᠎ᠡ ᠪᠦᠲᠦᠮᠵᠢ ᠲᠠᠢ︾ ᠭᠡᠬᠦ ᠭᠤᠣᠯ ᠰᠡᠳᠦᠪ ᠤᠨ ᠲᠣᠭᠤᠷᠢᠨ ᠳᠤ ᠭᠦᠢᠴᠡᠳᠬᠡᠬᠦ ᠠᠵᠢᠯ ᠢ ᠰᠠᠨᠠᠭᠠᠴᠢᠯᠠᠭ᠎ᠠ ᠠᠴᠠ ᠪᠠᠨ ᠤᠷᠤᠭᠰᠢ ᠤᠷᠲᠤᠳᠬᠠᠵᠤ᠂ ᠵᠠᠷᠭᠤ ᠢᠯᠠᠬᠤ ᠡᠷᠬᠡ ᠠᠰᠢᠭ ᠢ ᠲᠦᠷᠭᠡᠪᠴᠢᠯᠡᠨ ᠪᠡᠶᠡᠯᠡᠭᠦᠯᠵᠦ᠂ ᠤᠯᠤᠰ ᠲᠦᠷᠦ ᠶᠢᠨ ᠵᠥᠪᠯᠡᠯᠭᠡᠨ᠂ ᠨᠡᠶᠢᠭᠡᠮ ᠲᠣᠭᠤᠷᠢᠭ ᠵᠡᠷᠭᠡ ᠬᠦᠴᠦᠨ ᠢ ᠲᠠᠳᠠᠨ ᠠᠪᠴᠢᠷᠠᠵᠤ ᠤᠯᠠᠨ ᠡᠰᠢᠲᠦ ᠬᠤᠯᠪᠣᠯᠳᠤᠭᠰᠠᠨ ᠡᠶᠡᠳᠡᠭᠦᠯᠭᠡ ᠬᠢᠯᠭᠡᠵᠦ᠂ ︽ᠡᠪᠡᠳᠴᠢᠨ ᠡᠭᠦᠰᠬᠦ ᠠᠴᠠ ᠡᠮᠦᠨ᠎ᠡ ᠵᠠᠰᠠᠬᠤ︾ ᠪᠠᠷ ᠳᠠᠮᠵᠢᠭᠤᠯᠤᠨ᠂ ᠵᠥᠷᠢᠴᠡᠯ ᠤᠨ ᠬᠡᠯᠬᠢᠶ᠎ᠡ ᠶᠢ ᠪᠣᠭᠤᠨᠢᠰᠬᠠᠵᠤ᠂ ᠤᠯᠠᠨ ᠲᠦᠮᠡᠨ ᠳᠤ ᠬᠤᠯᠪᠣᠭᠳᠠᠭᠰᠠᠨ ᠵᠢᠭᠤᠷᠠᠯᠳᠤᠭᠠᠨ ᠤ ᠴᠤᠭᠯᠠᠷᠠᠯ ᠢ ᠪᠠᠭᠠᠰᠬᠠᠨ᠂ ᠡᠮᠦᠨᠡᠬᠢ ᠬᠡᠰᠡᠭ ᠢ ᠲᠠᠬᠢᠨ ᠪᠠᠶᠢᠭᠤᠯᠬᠤ ᠪᠠ ᠵᠠᠰᠠᠬᠤ ᠵᠣᠷᠢᠯᠭ᠎ᠠ ᠳᠤ ᠬᠦᠷᠪᠡ᠃      ᠥᠪᠥᠷ ᠮᠣᠩᠭᠤᠯ ᠤᠨ ᠨᠢᠭᠡᠨ ᠬᠤᠳᠠᠯᠳᠤᠭᠠᠨ ᠤ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ︵ᠳᠣᠷᠣᠭᠰᠢ ᠥᠪᠥᠷ ᠮᠣᠩᠭᠤᠯ ᠤᠨ ᠨᠢᠭᠡᠨ ᠬᠤᠳᠠᠯᠳᠤᠭᠠᠨ ᠤ ᠪᠠᠩᠬᠢ ᠭᠡᠵᠦ ᠲᠣᠪᠴᠢᠯᠠᠨ᠎ᠠ︶ ᠶᠢᠨ ᠯᠢᠦᠢ ᠣᠪᠣᠭᠲᠤ ᠂ ᠯᠢᠦ ᠣᠪᠣᠭᠲᠤ ᠳ᠋ᠦ᠋ ᠣᠪᠣᠭᠲᠤ ᠶᠢᠨ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠭᠡᠷ᠎ᠡ ᠶᠢ ᠭᠦᠢᠴᠡᠳᠬᠡᠭᠦᠯᠬᠦ ᠪᠠᠷ ᠭᠤᠶᠤᠴᠢᠯᠠᠭᠰᠠᠨ ᠵᠢᠭᠤᠷᠠᠯᠳᠤᠭᠠᠨ ᠤ ᠬᠡᠷᠡᠭ ᠲᠤ᠂ ᠯᠢᠦᠢ ᠣᠪᠣᠭᠲᠤ᠂ ᠥᠪᠥᠷ ᠮᠣᠩᠭᠤᠯ ᠤᠨ ᠨᠢᠭᠡᠨ ᠬᠤᠳᠠᠯᠳᠤᠭᠠᠨ ᠤ ᠪᠠᠩᠬᠢ ᠠᠴᠠ 29 ᠲᠦᠮᠡ ᠭᠠᠷᠤᠢ ᠲᠥᠭᠦᠷᠢᠭ ᠤᠨ ᠵᠢᠭᠡᠯᠡᠯᠭᠡ ᠠᠪᠴᠤ᠂ ᠳ᠋ᠦ᠋ ᠣᠪᠣᠭᠲᠤ ᠳᠡᠭᠡᠷ᠎ᠡ ᠳᠤᠷᠠᠳᠤᠭᠰᠠᠨ ᠵᠢᠭᠡᠯᠡᠯᠭᠡ ᠳᠤ ᠪᠠᠲᠤᠯᠠᠭ᠎ᠠ ᠶᠢᠨ ᠳᠠᠭᠠᠭᠠᠯᠲᠠ ᠬᠠᠩᠭᠠᠭᠰᠠᠨ ᠪᠠᠶᠢᠨ᠎ᠠ᠃ ᠵᠢᠭᠡᠯᠡᠯᠭᠡ ᠪᠠᠨ ᠬᠤᠭᠤᠴᠠᠭ᠎ᠠ ᠥᠩᠭᠡᠷᠡᠲᠡᠯ᠎ᠡ ᠪᠤᠴᠠᠭᠠᠭᠰᠠᠨ ᠦᠭᠡᠢ ᠠᠴᠠ ᠪᠣᠯᠵᠤ᠂ ᠥᠪᠥᠷ ᠮᠣᠩᠭᠤᠯ ᠤᠨ ᠨᠢᠭᠡᠨ ᠬᠤᠳᠠᠯᠳᠤᠭᠠᠨ ᠤ ᠪᠠᠩᠬᠢ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠭᠠᠷᠭᠠᠵᠤ᠂ ᠰᠢᠭᠦᠬᠦ ᠬᠤᠷᠢᠶ᠎ᠠ ᠠᠴᠠ ᠯᠢᠦᠢ ᠣᠪᠣᠭᠲᠤ᠂ ᠯᠢᠦ ᠣᠪᠣᠭᠲᠤ ᠶᠢ ᠥᠪᠥᠷ ᠮᠣᠩᠭᠤᠯ ᠤᠨ ᠨᠢᠭᠡᠨ ᠬᠤᠳᠠᠯᠳᠤᠭᠠᠨ ᠤ ᠪᠠᠩᠬᠢ ᠳᠤ ᠵᠢᠭᠡᠯᠡᠯᠭᠡ ᠶᠢᠨ ᠡᠬᠡ ᠮᠥᠩᠭᠦ ᠵᠢᠴᠢ ᠬᠦᠦ ᠮᠥᠩᠭᠦ ᠶᠢ 40 ᠲᠦᠮᠡ ᠭᠠᠷᠤᠢ ᠲᠥᠭᠦᠷᠢᠭ ᠪᠤᠴᠠᠭᠠᠯᠭᠠᠬᠤ ᠪᠠᠷ ᠬᠠᠤᠯᠢ ᠶᠣᠰᠣᠭᠠᠷ ᠰᠢᠭᠦᠨ ᠲᠠᠰᠤᠯᠪᠠ᠂ ᠳ᠋ᠦ᠋ ᠣᠪᠣᠭᠲᠤ ᠲᠤᠰ ᠵᠢᠭᠡᠯᠡᠯᠭᠡ ᠳᠤ ᠬᠤᠯᠪᠣᠯᠳᠤᠭᠰᠠᠨ ᠵᠣᠭᠤᠰ ᠪᠤᠴᠠᠭᠠᠬᠤ ᠡᠭᠦᠷᠭᠡ ᠲᠠᠢ᠂ ᠪᠣᠯᠵᠣᠨ ᠲᠣᠭᠲᠠᠭᠰᠠᠨ ᠬᠤᠭᠤᠴᠠᠭ᠎ᠠ ᠨᠢ ᠨᠢᠭᠡᠨᠲᠡ ᠲᠤᠯᠵᠠᠢ᠂ ᠪᠤᠰᠤᠳ ᠬᠤᠶᠠᠷ ᠬᠥᠮᠥᠨ ᠪᠠᠷ᠎ᠠ ᠰᠤᠷᠠᠭ ᠦᠭᠡᠢ ᠪᠣᠯᠤᠭᠰᠠᠨ ᠠᠴᠠ ᠵᠣᠭᠤᠰ ᠪᠤᠴᠠᠭᠠᠬᠤ ᠠᠴᠠ ᠵᠠᠶᠢᠯᠠᠵᠤ᠂ ᠵᠣᠭᠤᠰ ᠪᠤᠴᠠᠭᠠᠬᠤ ᠬᠤᠭᠤᠴᠠᠭ᠎ᠠ ᠨᠢ ᠳᠠᠬᠢᠨᠲᠠ ᠬᠡᠲᠦᠷᠡᠭᠰᠡᠨ ᠳᠤ ᠵᠠᠭᠠᠯᠳᠤᠭᠴᠢ ᠰᠢᠭᠦᠬᠦ ᠬᠤᠷᠢᠶᠠᠨ ᠳᠤ ᠠᠯᠪᠠᠳᠠᠨ ᠭᠦᠢᠴᠡᠳᠬᠡᠭᠦᠯᠬᠦ ᠪᠠᠷ ᠭᠤᠶᠤᠴᠢᠯᠠᠪᠠ᠃      ᠬᠡᠷᠡᠭ ᠢ ᠭᠦᠢᠴᠡᠳᠬᠡᠬᠦ ᠵᠢᠷᠤᠮ ᠳᠤ ᠣᠷᠣᠭᠰᠠᠨ ᠤ ᠲᠠᠷᠠᠭ᠎ᠠ᠂ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶ᠎ᠠ ᠲᠡᠷᠡ ᠳᠠᠷᠤᠢ ᠳᠤᠨᠢ ᠭᠦᠢᠴᠡᠳᠬᠡᠭᠳᠡᠭᠴᠢ ᠳᠤ ᠭᠦᠢᠴᠡᠳᠬᠡᠬᠦ ᠮᠡᠳᠡᠭᠳᠡᠯ ᠤᠨ ᠪᠢᠴᠢᠭ᠂ ᠡᠳ᠋ ᠬᠥᠷᠥᠩᠭᠡ ᠪᠠᠨ ᠮᠡᠳᠡᠭᠦᠯᠬᠦ ᠵᠠᠷᠯᠢᠭ ᠵᠡᠷᠭᠡ ᠬᠠᠤᠯᠢ ᠴᠠᠭᠠᠵᠠ ᠶᠢᠨ ᠪᠢᠴᠢᠭ ᠬᠠᠷ᠎ᠠ ᠶᠠᠪᠤᠭᠤᠯᠤᠭᠰᠠᠨ ᠪᠥᠭᠡᠳ ᠰᠢᠰᠲ᠋ᠧᠮ ᠢᠶᠠᠷ ᠳᠠᠮᠵᠢᠭᠤᠯᠤᠨ ᠪᠠᠶᠢᠴᠠᠭᠠᠨ ᠡᠵᠡᠮᠳᠡᠭᠰᠡᠨ ᠤ ᠲᠠᠷᠠᠭ᠎ᠠ᠂ ᠭᠦᠢᠴᠡᠳᠬᠡᠭᠳᠡᠭᠴᠢ ᠯᠢᠦᠢ ᠣᠪᠣᠭᠲᠤ᠂ ᠯᠢᠦ ᠣᠪᠣᠭᠲᠤ᠂ ᠳ᠋ᠦ᠋ ᠣᠪᠣᠭᠲᠤ ᠶᠢᠨ ᠲᠠᠩᠰᠠᠨ ᠡᠷᠤᠭᠡ ᠶᠢᠨ ᠨᠡᠶᠢᠳᠡ 30 ᠭᠠᠷᠤᠢ ᠲᠦᠮᠡᠨ ᠲᠥᠭᠦᠷᠢᠭ ᠢ ᠲᠡᠰ ᠳᠠᠷᠠᠭᠠᠯᠠᠨ ᠰᠢᠯᠵᠢᠭᠦᠯᠦᠨ ᠥᠭᠴᠦ᠂ ᠦᠯᠡᠳᠡᠭᠰᠡᠨ 10 ᠲᠦᠮᠡ ᠭᠠᠷᠤᠢ ᠲᠥᠭᠦᠷᠢᠭ ᠤᠨ ᠦᠯᠡᠳᠡᠭᠰᠡᠨ ᠵᠣᠭᠤᠰ ᠢ ᠮᠥᠨ ᠯᠡ ᠭᠦᠢᠴᠡᠳᠬᠡᠬᠦ ᠶᠢᠨ ᠠᠷᠭ᠎ᠠ ᠦᠭᠡᠢ ᠪᠠᠶᠢᠪᠠ᠃ ᠭᠦᠢᠴᠡᠳᠬᠡᠬᠦ ᠺᠠᠳ᠋ᠷ ᠴᠠᠭᠳᠠᠭ᠎ᠠ ᠤᠲᠠᠰᠤ ᠪᠠᠷ ᠪᠠᠲᠤᠯᠠᠭᠴᠢ ᠳ᠋ᠦ᠋ ᠣᠪᠣᠭᠲᠤ ᠶᠢ ᠰᠢᠭᠦᠬᠦ ᠬᠤᠷᠢᠶᠠᠨ ᠳᠤ ᠪᠣᠯᠵᠣᠨ ᠵᠣᠭᠤᠰ ᠢᠶᠠᠨ ᠪᠤᠴᠠᠭᠠᠬᠤ ᠪᠠᠷ ᠵᠥᠪᠳᠡᠯᠴᠡᠭᠰᠡᠨ ᠳᠤ ᠳ᠋ᠦ᠋ ᠣᠪᠣᠭᠲᠤ ᠪᠠᠰᠠ ᠥᠷᠢᠲᠦᠭᠰᠡᠨ ᠵᠣᠭᠤᠰ ᠢᠶᠠᠨ ᠡᠷᠲᠡᠬᠡᠨ ᠲᠥᠯᠥᠵᠦ ᠳᠠᠭᠤᠰᠬᠠᠬᠤ ᠰᠠᠨᠠᠭ᠎ᠠ ᠲᠠᠢ ᠭᠡᠵᠦ ᠢᠯᠡᠷᠬᠡᠶᠢᠯᠡᠵᠡᠢ᠂ ᠭᠡᠪᠡᠴᠦ ᠲᠡᠷᠡ ᠬᠦᠨᠳᠦ ᠡᠪᠡᠳᠴᠢᠨ ᠳᠤ ᠨᠡᠷᠪᠡᠭᠳᠡᠭᠰᠡᠨ ᠠᠴᠠ ᠪᠣᠯᠵᠤ ᠥᠷᠢᠲᠦᠭᠰᠡᠨ ᠵᠣᠭᠤᠰ ᠢᠶᠠᠨ ᠲᠦᠷ ᠴᠠᠭ ᠨᠢᠭᠡ ᠯᠡ ᠤᠳᠠᠭ᠎ᠠ ᠳᠤ ᠲᠥᠯᠥᠵᠦ ᠳᠠᠭᠤᠰᠬᠠᠬᠤ ᠴᠢᠳᠠᠪᠤᠷᠢ ᠦᠭᠡᠢ᠂ ᠪᠠᠩᠬᠢ ᠲᠠᠢ ᠡᠪᠰᠡᠵᠦ᠂ ᠬᠦᠦ ᠮᠥᠩᠭᠦ ᠶᠢ  ᠨᠢ ᠬᠠᠰᠤᠵᠤ ᠬᠡᠯᠲᠦᠷᠢᠭᠦᠯᠬᠦ ᠶᠢ ᠬᠦᠰᠡᠵᠦ ᠪᠠᠶᠢᠨ᠎ᠠ ᠭᠡᠵᠡᠢ᠃      ᠭᠦᠢᠴᠡᠳᠬᠡᠬᠦ ᠶᠠᠪᠤᠴᠠ ᠳᠤ᠂ ᠭᠦᠢᠴᠡᠳᠬᠡᠬᠦ ᠺᠠᠳ᠋ᠷ ᠴᠠᠭᠳᠠᠭ᠎ᠠ ᠠᠴᠠ ᠳ᠋ᠦ᠋ ᠣᠪᠣᠭᠲᠤ ᠶᠢᠨ ᠡᠪᠡᠳᠴᠢᠯᠡᠭᠰᠡᠨ ᠪᠠᠶᠢᠳᠠᠯ ᠢ ᠲᠡᠷᠡ ᠳᠠᠷᠤᠢ ᠳᠤᠨᠢ ᠬᠢᠨᠠᠨ ᠬᠠᠷᠭᠤᠭᠤᠯᠵᠤ᠂ ᠳ᠋ᠦ᠋ ᠣᠪᠣᠭᠲᠤ ᠶᠢᠨ ᠲᠠᠷᠢᠬᠢᠨ ᠤ ᠪᠤᠯᠴᠢᠩ ᠲᠠᠢ᠂ ᠬᠥᠳᠡᠯᠵᠦ ᠪᠠᠷᠢᠬᠤ ᠳᠤ ᠳᠥᠭᠦᠮ ᠦᠭᠡᠢ᠂ ᠣᠳᠣ ᠶᠠᠭ ᠡᠷᠡᠭᠦᠯᠵᠢᠯ ᠤᠨ ᠪᠣᠯᠪᠠᠰᠤᠷᠠᠯ ᠤᠨ ᠬᠤᠭᠤᠴᠠᠭᠠᠨ ᠳᠤ ᠪᠠᠶᠢᠬᠤ ᠶᠢ ᠪᠠᠶᠢᠴᠠᠭᠠᠨ ᠲᠣᠳᠣᠯᠠᠵᠠᠢ᠃ ᠭᠡᠷ ᠲᠤᠨᠢ ᠨᠢᠭᠡ ᠬᠦᠦ ᠨᠢᠭᠡ ᠥᠬᠢᠨ ᠲᠠᠢ᠂ ᠡᠬᠡᠨᠡᠷ ᠨᠢ ᠠᠵᠢᠯ ᠦᠭᠡᠢ᠂ ᠲᠣᠭᠲᠠᠪᠤᠷᠢᠲᠠᠢ ᠠᠵᠤ ᠠᠬᠤᠢ ᠶᠢᠨ ᠢᠷᠡᠯᠲᠡ ᠦᠭᠡᠢ᠂ ᠪᠦᠬᠦ ᠭᠡᠷ ᠤᠨ ᠠᠵᠤ ᠠᠬᠤᠢ ᠶᠢᠨ ᠢᠷᠡᠯᠲᠡ ᠨᠢ ᠪᠦᠷ ᠳ᠋ᠦ᠋ ᠣᠪᠣᠭᠲᠤ ᠶᠢᠨ ᠠᠵᠢᠯ ᠤᠨ ᠣᠷᠣᠯᠭ᠎ᠠ ᠳᠤ ᠲᠦᠰᠢᠭᠯᠡᠵᠡᠢ᠃ ᠡᠭᠦᠨ ᠤ ᠬᠠᠮᠲᠤ ᠪᠠᠰᠠ ᠭᠦᠢᠴᠡᠳᠬᠡᠭᠳᠡᠭᠴᠢ ᠳ᠋ᠦ᠋ ᠣᠪᠣᠭᠲᠤ ᠪᠣᠯ ᠲᠣᠭᠲᠠᠬᠤ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠠᠭᠠᠭᠠᠴᠢᠯᠠᠨ ᠬᠤᠯᠪᠣᠭᠠᠯᠠᠭᠰᠠᠨ ᠨᠡᠶᠢᠭᠡᠮ ᠲᠣᠭᠤᠷᠢᠭ ᠤᠨ ᠶᠠᠳᠠᠭᠤ ᠬᠦᠴᠢᠷᠳᠡᠯ ᠲᠠᠢ ᠡᠷᠦᠬᠡ ᠪᠣᠯᠬᠤ ᠶᠢ ᠣᠶᠢᠯᠠᠭᠠᠵᠤ᠂ ᠭᠦᠢᠴᠡᠳᠬᠡᠭᠳᠡᠭᠴᠢ ᠶᠢᠨ ᠣᠳᠣ ᠶᠢᠨ ᠠᠮᠢᠳᠤᠷᠠᠯ ᠢᠶᠠᠨ ᠥᠪᠡᠷ ᠢᠶᠠᠨ ᠠᠷᠭᠠᠴᠠᠭᠠᠬᠤ ᠶᠢᠨ ᠠᠷᠭ᠎ᠠ ᠦᠭᠡᠢ ᠪᠠᠶᠢᠬᠤ ᠶᠢ ᠪᠣᠳᠣᠯᠬᠢᠯᠠᠭᠠᠳ᠂ ᠲᠥᠯᠥᠬᠦ ᠪᠡᠯᠡ ᠮᠥᠩᠭᠦ ᠪᠠᠶᠢᠬᠤ ᠦᠭᠡᠢ ᠪᠣᠯᠪᠠᠴᠤ ᠭᠦᠢᠴᠡᠳᠬᠡᠭᠦᠯᠬᠦ ᠪᠠᠷ ᠭᠤᠶᠤᠴᠢᠯᠠᠭᠴᠢ ᠶᠢᠨ ᠠᠰᠢᠭ ᠲᠤᠰᠠ ᠶᠢ ᠬᠤᠬᠢᠷᠠᠭᠤᠯᠵᠤ ᠪᠣᠯᠬᠤ ᠦᠭᠡᠢ᠂ ᠭᠦᠢᠴᠡᠳᠬᠡᠬᠦ ᠺᠠᠳ᠋ᠷ ᠴᠠᠭᠳᠠᠭ᠎ᠠ ᠨᠠᠷ ᠪᠠᠩᠬᠢ ᠲᠠᠢ ᠢᠳᠡᠪᠬᠢᠲᠡᠢ ᠪᠠᠷ ᠨᠡᠪᠲᠡᠷᠡᠯᠴᠡᠵᠦ ᠂ ᠬᠡᠷᠡᠭ ᠤᠨ ᠭᠤᠶᠤᠴᠢᠯᠠᠭᠴᠢ ᠪᠣᠯᠤᠭᠰᠠᠨ ᠤ ᠬᠤᠪᠢ ᠳᠤ ᠪᠠᠩᠬᠢ ᠠᠴᠠ ᠭᠦᠢᠴᠡᠳᠬᠡᠭᠳᠡᠭᠴᠢ ᠳ᠋ᠦ᠋ ᠣᠪᠣᠭᠲᠤ ᠶᠢᠨ ᠬᠦᠴᠢᠷᠳᠡᠯ ᠢ ᠣᠶᠢᠯᠠᠭᠠᠬᠤ ᠶᠢ ᠬᠦᠰᠡᠵᠦ᠂ ᠡᠴᠦᠰ ᠲᠡᠭᠡᠨ ᠪᠠᠩᠬᠢ ᠠᠴᠠ ᠪᠦᠬᠦ ᠬᠦᠦ ᠮᠥᠩᠭᠦ ᠶᠢ ᠬᠠᠰᠤᠵᠤ ᠬᠡᠯᠲᠦᠷᠢᠭᠦᠯᠬᠦ ᠶᠢ ᠵᠥᠪᠰᠢᠶᠡᠷᠡᠭᠰᠡᠨ ᠪᠥᠭᠡᠳ ᠢᠯᠡᠭᠦᠦ ᠭᠦᠢᠴᠡᠳᠬᠡᠭᠰᠡᠨ ᠳ᠋ᠦ᠋ ᠣᠪᠣᠭᠲᠤ ᠶᠢᠨ 2 ᠲᠦᠮᠡ ᠭᠠᠷᠤᠢ ᠲᠥᠭᠦᠷᠢᠭ ᠤᠨ ᠬᠦᠦ ᠮᠥᠩᠭᠦ ᠶᠢ ᠳ᠋ᠦ᠋ ᠣᠪᠣᠭᠲᠤ ᠳᠤ ᠪᠤᠴᠠᠭᠠᠵᠤ ᠥᠭᠬᠦ ᠶᠢ ᠵᠥᠪᠰᠢᠶᠡᠷᠡᠪᠡ᠃      ︽ᠭᠦᠢᠴᠡᠳᠬᠡᠬᠦ ᠠᠵᠢᠯ ᠳᠤ ︿ᠬᠦᠴᠦᠲᠡᠢ ᠴᠣᠬᠢᠯᠲᠠ ᠥᠭᠬᠦ﹀ ᠬᠡᠷᠡᠭᠲᠡᠢ ᠮᠥᠷᠲᠡᠭᠡᠨ ᠪᠠᠰᠠ ︿ᠬᠥᠮᠦᠯᠢᠭ ᠬᠠᠯᠠᠮᠵᠢᠯᠠᠯ﹀ ᠪᠠᠶᠢᠬᠤ ᠬᠡᠷᠡᠭᠲᠡᠢ᠃ ᠬᠠᠤᠯᠢ ᠴᠠᠭᠠᠵᠠ   ᠶᠢᠨ ᠡᠷᠬᠡ ᠰᠦᠷ ᠢ ᠬᠠᠮᠠᠭᠠᠯᠠᠬᠤ ᠬᠡᠷᠡᠭᠲᠡᠢ ᠪᠥᠭᠡᠳ ᠪᠠᠰᠠ ᠬᠠᠤᠯᠢ ᠴᠠᠭᠠᠵᠠ ᠶᠢᠨ ᠬᠠᠯᠠᠭᠤᠨ ᠳᠤᠯᠠᠭᠠᠨ ᠤ ᠬᠡᠮᠵᠢᠶ᠎ᠡ ᠶᠢ ᠢᠯᠡᠷᠡᠭᠦᠯᠬᠦ ᠬᠡᠷᠡᠭᠲᠡᠢ︾᠃  ᠲᠤᠭᠳᠠᠬᠤ ᠰᠢᠶᠠᠨ ᠤ ᠰᠢᠭᠦᠬᠦ ᠬᠤᠷᠢᠶ᠎ᠠ ᠬᠠᠤᠯᠢ ᠴᠠᠭᠠᠵᠠ ᠪᠠᠷ ᠠᠷᠠᠳ ᠤᠨ ᠠᠮᠢᠳᠤᠷᠠᠯ ᠳᠤ ᠦᠢᠯᠡᠴᠢᠯᠡᠬᠦ ᠪᠠᠷ ᠦᠨᠳᠦᠰᠦ ᠪᠣᠯᠭᠠᠬᠤ ᠶᠢ ᠢᠮᠠᠭᠲᠠ ᠪᠠᠷᠢᠮᠲᠠᠯᠠᠵᠤ᠂ ᠬᠠᠤᠯᠢᠵᠢᠯ ᠤᠨ ᠰᠡᠳᠬᠢᠬᠦᠢ ᠶᠢ ᠨᠡᠶᠢᠭᠡᠮ ᠤᠨ ᠵᠠᠰᠠᠯᠲᠠ ᠳᠤ ᠭᠦᠢᠴᠡᠳ ᠠᠭᠤᠰᠤᠯᠴᠠᠭᠤᠯᠵᠤ᠂ ︽ᠤᠯᠤᠰ ᠲᠦᠷᠦ ᠶᠢᠨ ᠵᠥᠪᠯᠡᠯᠭᠡᠨ + ᠰᠢᠭᠦᠬᠦ ᠬᠤᠷᠢᠶ᠎ᠠ + ᠨᠡᠶᠢᠭᠡᠮ ᠲᠣᠭᠤᠷᠢᠭ︾ ᠤᠨ ᠤᠯᠠᠨ ᠰᠠᠯᠠᠭ᠎ᠠ ᠮᠥᠴᠢᠷ ᠤᠨ ᠳᠡᠮᠵᠢᠯᠭᠡ ᠪᠠᠷ ᠣᠷᠣᠯᠴᠠᠬᠤ ᠠᠵᠢᠯ ᠤᠨ ᠲᠣᠭᠲᠠᠴᠠ ᠶᠢ ᠪᠦᠷᠢᠯᠳᠦᠭᠦᠯᠬᠦ ᠶᠢ ᠠᠬᠢᠭᠤᠯᠵᠤ᠂ ᠦᠨᠳᠦᠰᠦᠨ ᠱᠠᠲᠤᠨ ᠤ ᠤᠯᠠᠨ ᠡᠰᠢᠲᠦ ᠬᠠᠮᠲᠤ ᠶᠢᠨ ᠵᠠᠰᠠᠯᠲᠠ ᠳᠤ ᠣᠷᠣᠯᠴᠠᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠪᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1