ᠲᠣᠭᠲᠠᠬᠤ ᠰᠢᠶᠠᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠬᠠᠲᠤᠨ ᠭᠤᠣᠯ ᠤᠨ ᠤᠰᠤᠨ ᠭᠠᠷᠤᠯᠲᠠ ᠶᠢ ᠵᠤᠷᠰᠢᠯ ᠢᠶᠠᠷ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/4/9
      ᠣᠳᠣᠬᠠᠨ ᠳᠤ ᠮᠠᠨ ᠤ ᠰᠢᠶᠠᠨ ᠶᠠᠭ ᠰᠠᠶᠢᠬᠠᠨ ᠬᠠᠪᠤᠷ ᠤᠨ ᠤᠯᠠᠷᠢᠯ ᠤᠨ ︽ᠵᠢᠭᠠᠰᠤ︾ ᠶᠢ ᠶᠡᠭᠡ ᠬᠡᠮᠵᠢᠶ᠎ᠡ ᠪᠠᠷ ᠵᠠᠬ᠎ᠠ ᠳᠡᠯᠭᠡᠭᠦᠷ ᠲᠤ ᠭᠠᠷᠭᠠᠬᠤ ᠬᠤᠭᠤᠴᠠᠭᠠᠨ ᠳᠤ ᠣᠷᠣᠰᠢᠵᠤ ᠪᠠᠶᠢᠨ᠎ᠠ᠂ ᠤᠰᠤᠨ ᠤ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 3 ᠳ᠋ᠤᠭᠠᠷ ᠰᠠᠷ᠎ᠠ ᠶᠢᠨ 25 ᠤ ᠡᠳᠦᠷ ᠠᠴᠠ ᠡᠬᠢᠯᠡᠨ᠂ ᠲᠣᠭᠲᠠᠬᠤ ᠰᠢᠶᠠᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠠᠴᠠ ᠬᠠᠲᠤᠨ ᠭᠤᠣᠯ ᠤᠨ ᠰᠠᠶᠢᠷᠭᠠᠯ ᠣᠷᠣᠨ ᠤ ᠲᠡᠵᠢᠭᠡᠨ ᠦᠷᠡᠵᠢᠭᠦᠯᠬᠦ ᠴᠥᠭᠦᠷᠥᠮ ︱ ᠠᠵᠤ ᠠᠬᠤᠶᠢᠯᠠᠯ ︵ᠡᠷᠦᠬᠡ︶ ᠠᠴᠠ ᠤᠰᠤᠨ ᠤ ᠭᠠᠷᠤᠯᠲᠠ ᠶᠢᠨ ᠥᠯᠢᠭᠡᠷ ᠠᠪᠬᠤ ᠵᠢᠷᠤᠮᠵᠢᠯ ᠤᠨ ᠶᠣᠰᠣᠭᠠᠷ ᠥᠯᠢᠭᠡᠷ ᠠᠪᠴᠤ ᠪᠠᠶᠢᠴᠠᠭᠠᠨ ᠰᠢᠯᠭᠠᠬᠤ ᠠᠵᠢᠯ ᠢ ᠥᠷᠨᠢᠭᠦᠯᠵᠦ᠂ ᠥᠨᠥᠳᠥᠷ ᠪᠣᠯᠲᠠᠯ᠎ᠠ ᠮᠥᠷᠭᠦ ᠵᠢᠭᠠᠰᠤ᠂ ᠠᠮᠤᠷ ᠵᠢᠭᠠᠰᠤ᠂ ᠬᠡᠯᠲᠡᠭᠡ ᠵᠢᠭᠠᠰᠤ ᠪᠠ ᠠᠯᠠᠭᠠᠨ᠎ᠠ ᠰᠣᠭᠤᠰᠤ ᠵᠡᠷᠭᠡ ᠶᠢ ᠪᠠᠭᠲᠠᠭᠠᠭᠰᠠᠨ ᠨᠡᠶᠢᠲᠡ 65 ᠪᠦᠯᠦᠭ ᠤᠳᠠᠭ᠎ᠠ ᠶᠢᠨ ᠵᠢᠭᠠᠰᠤᠨ ᠤ ᠥᠯᠢᠭᠡᠷ ᠠᠪᠴᠤ ᠪᠠᠶᠢᠴᠠᠭᠠᠨ ᠰᠢᠯᠭᠠᠬᠤ ᠠᠵᠢᠯ ᠢ ᠥᠷᠨᠢᠭᠦᠯᠪᠡ᠃ ᠥᠯᠢᠭᠡᠷ ᠡᠳ᠋ ᠢ ᠰᠣᠩᠭᠤᠨ ᠠᠪᠴᠤ ᠥᠪᠥᠷ ᠮᠣᠩᠭᠤᠯ ᠤᠨ ᠤᠯᠤᠰ ᠤᠨ ᠰᠢᠨᠵᠢᠯᠡᠬᠦ ᠤᠬᠠᠭᠠᠨ ᠤ ᠪᠠᠶᠢᠴᠠᠭᠠᠨ ᠰᠢᠯᠭᠠᠬᠤ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠨᠠᠶᠢᠳᠠᠵᠤ ᠪᠠᠶᠢᠴᠠᠭᠠᠨ ᠰᠢᠯᠭᠠᠭᠤᠯᠪᠠ᠃ ᠪᠠᠶᠢᠴᠠᠭᠠᠨ ᠰᠢᠯᠭᠠᠬᠤ ᠵᠦᠢᠯᠡᠰ ᠲᠤ ᠭᠤᠣᠯᠳᠠᠭᠤ ᠬᠡᠷᠡᠭᠯᠡᠬᠦ ᠶᠢ ᠴᠠᠭᠠᠵᠠᠯᠠᠬᠤ᠂ ᠬᠡᠷᠡᠭᠯᠡᠬᠦ ᠶᠢ ᠬᠢᠵᠠᠭᠠᠷᠯᠠᠬᠤ ᠵᠢᠴᠢ ᠬᠦᠨᠳᠦ ᠲᠡᠮᠦᠷᠯᠢᠭ ᠵᠡᠷᠭᠡ ᠶᠢ ᠪᠠᠭᠲᠠᠭᠠᠨ᠎ᠠ᠃
     ᠲᠣᠰ ᠤᠳᠠᠭᠠᠨ ᠤ ᠥᠯᠢᠭᠡᠷ ᠠᠪᠴᠤ ᠰᠢᠯᠭᠠᠨ ᠪᠠᠶᠢᠴᠠᠭᠠᠬᠤ ᠪᠠᠷ ᠳᠡᠮᠵᠢᠨ᠂ ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠬᠦᠨᠳᠦ ᠶᠡᠭᠡ ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠡᠷᠡᠭ ᠡᠭᠦᠰᠬᠦ ᠶᠢ ᠡᠬᠢ ᠡᠭᠦᠰᠦᠯ ᠠᠴᠠ ᠨᠢ ᠰᠡᠷᠭᠡᠶᠢᠯᠡᠨ᠂ ᠮᠠᠨ ᠤ ᠰᠢᠶᠠᠨ ᠤ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠦᠨᠡᠨ ᠬᠦ ᠪᠠᠲᠤᠯᠠᠪᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤ᠋
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1