ᠥᠪᠥᠷ ᠮᠣᠩᠭᠤᠯ ᠤᠨ ᠶᠢᠨ ᠳ᠋ᠠ ᠸᠧᠶ ᠡᠮ ᠤᠨ ᠦᠢᠯᠡᠰ ᠤᠨ ᠬᠢᠵᠠᠭᠠᠷᠲᠤ ᠺᠣᠮᠫᠠᠨᠢ ᠨᠡᠶᠢᠯᠡᠮᠡᠯ ᠠᠮᠢᠳᠤ ᠪᠣᠳᠠᠰ ᠤᠨ ᠰᠢᠨ᠎ᠡ ᠲᠥᠷᠥᠯ ᠵᠦᠢᠯ ᠤᠨ ᠰᠠᠭᠤᠷᠢ ᠲᠠᠯᠪᠢᠬᠤ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/5/11
      5 ᠳ᠋ᠤᠭᠠᠷ ᠰᠠᠷ᠎ᠠ ᠶᠢᠨ 9 ᠤ ᠡᠳᠦᠷ᠂ ᠥᠪᠥᠷ ᠮᠣᠩᠭᠤᠯ ᠤᠨ ᠶᠢᠨ ᠳ᠋ᠠ ᠸᠧᠶ ᠡᠮ ᠤᠨ ᠦᠢᠯᠡᠰ ᠤᠨ ᠬᠢᠵᠠᠭᠠᠷᠲᠤ ᠺᠣᠮᠫᠠᠨᠢ ᠨᠡᠶᠢᠯᠡᠮᠡᠯ ᠠᠮᠢᠳᠤ ᠪᠣᠳᠠᠰ ᠤᠨ ᠰᠢᠨ᠎ᠡ ᠲᠥᠷᠥᠯ ᠵᠦᠢᠯ ᠤᠨ ᠰᠠᠭᠤᠷᠢ ᠲᠠᠯᠪᠢᠬᠤ ᠶᠣᠰᠣᠯᠠᠯ ᠲᠣᠭᠲᠠᠬᠤ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠲᠤ ᠶᠠᠪᠤᠭᠳᠠᠪᠠ᠃      ᠨᠡᠶᠢᠯᠡᠮᠡᠯ ᠠᠮᠢᠳᠤ ᠪᠣᠳᠠᠰ ᠤᠨ ᠰᠢᠨ᠎ᠡ ᠲᠥᠷᠥᠯ ᠵᠦᠢᠯ ᠤᠨ ᠶᠡᠷᠦᠩᠬᠡᠶ ᠡᠵᠡᠯᠡᠬᠦ ᠲᠠᠯᠠᠪᠠᠶ ᠨᠢ 488 ᠮᠥ ᠪᠠᠶᠢᠵᠤ᠂ ᠥᠪᠥᠷ ᠮᠣᠩᠭᠤᠯ ᠤᠨ ᠶᠢᠨ ᠳ᠋ᠡ ᠸᠧᠶ ᠡᠮ ᠤᠨ ᠦᠢᠯᠡᠰ ᠤᠨ ᠬᠢᠵᠠᠭᠠᠷᠲᠤ ᠺᠣᠮᠫᠠᠨᠢ᠂ ᠶᠢᠨ ᠳ᠋ᠠ ᠸᠧᠶ ᠪᠦᠯᠦᠭᠯᠡᠯ ᠤᠨ ᠨᠡᠶᠢᠯᠡᠮᠡᠯ ᠠᠮᠢᠳᠤ ᠪᠣᠳᠠᠰ ᠤᠨ ᠤᠬᠠᠭᠠᠨ ᠤ ᠪᠣᠬᠢᠷᠲᠤᠯ ᠥᠬᠡᠶ ᠦᠢᠯᠡᠳᠬᠦ᠂ ᠮᠢᠺᠷᠣᠪ ᠤᠨ ᠢᠰᠬᠡᠯ᠂ ᠬᠢᠮᠢ ᠶᠢᠨ ᠨᠡᠶᠢᠯᠡᠯᠭᠡ ᠵᠡᠷᠭᠡ ᠲᠠᠪᠤᠨ ᠶᠡᠭᠡ ᠭᠤᠤᠯ ᠬᠦᠷᠢᠶᠡᠨ ᠳᠠᠬᠢ ᠮᠡᠷᠭᠡᠵᠢᠯ ᠤᠨ ᠳᠠᠪᠠᠭᠤᠯᠢᠭ ᠢ ᠭᠦᠢᠴᠡᠳ ᠠᠰᠢᠭᠯᠠᠵᠤ᠂ ᠶᠢᠨ ᠳ᠋ᠠ ᠸᠧᠶ ᠠᠮᠢᠳᠤ ᠪᠣᠳᠠᠰ ᠤᠨ ᠮᠡᠷᠭᠡᠵᠢᠯ ︵ᠵᠢᠶᠠᠩᠰᠦ︶ ᠤᠨ ᠬᠢᠵᠠᠭᠠᠷᠲᠤ ᠺᠣᠮᠫᠠᠨᠢ ᠶᠢᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠲᠡᠷᠢᠭᠦᠨ ᠤ ᠠᠮᠢᠳᠤ ᠪᠣᠳᠠᠰ ᠤᠨ ᠢᠰᠬᠡᠬᠦ ᠮᠡᠷᠭᠡᠵᠢᠯ ᠲᠠᠢ ᠤᠶᠠᠯᠳᠤᠭᠤᠯᠤᠨ᠂ ᠥᠪᠥᠷ ᠮᠣᠩᠭᠤᠯ ᠤᠨ ᠶᠢᠨ ᠳ᠋ᠠ ᠸᠧᠶ ᠠᠮᠢᠳᠤ ᠪᠣᠳᠠᠰ ᠤᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠᠷ ᠭᠤᠤᠯ ᠪᠣᠯᠭᠠᠵᠤ᠂ ᠲᠥᠷᠥᠯ ᠵᠦᠢᠯ ᠤᠨ ᠦᠷ᠎ᠡ ᠪᠦᠲᠦᠭᠡᠯ ᠢ ᠠᠷᠭ᠎ᠠ ᠵᠠᠮ᠂ ᠬᠡᠷᠡᠭᠯᠡᠭᠡᠨ ᠤ ᠦᠢᠯᠡᠳᠭᠦᠨ ᠢᠶᠠᠷ ᠬᠠᠷᠠᠯᠲᠠ ᠪᠣᠯᠭᠠᠵᠤ᠂ 9 ᠳ᠋ᠦ᠋ᠭᠡᠷ  ᠣᠷᠣᠨ ᠢ ᠪᠥᠬᠦ ᠪᠥᠮᠪᠥᠷᠴᠡᠭ ᠤᠨ ᠲᠡᠷᠢᠭᠦᠨ ᠤ ᠠᠮᠢᠳᠤ ᠪᠣᠳᠠᠰ ᠤᠨ ᠰᠢᠬᠢᠷ ᠤᠨ ᠰᠢᠷᠢᠰ ᠦᠢᠯᠡᠳᠭᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ᠂ ᠢᠳᠡᠭᠡᠨ ᠬᠢᠭᠡᠳ ᠡᠷᠡᠭᠦᠯᠵᠢᠯ ᠤᠨ ᠦᠢᠯᠡᠳᠭᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ᠂ ᠡᠮᠴᠢᠯᠡᠭᠡ ᠬᠢᠭᠡᠳ ᠵᠠᠰᠠᠯ ᠴᠢᠮᠡᠭᠯᠡᠯ ᠤᠨ ᠦᠢᠯᠡᠳᠭᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠵᠢᠴᠢ ᠰᠤᠳᠤᠯᠤᠨ ᠨᠡᠭᠡᠭᠡᠬᠦ ᠲᠥᠪ ᠪᠣᠯᠭᠠᠬᠤ ᠪᠠᠷ ᠴᠢᠷᠮᠠᠶᠢᠨ᠎ᠠ᠃      ︽ᠨᠡᠶᠢᠯᠡᠮᠡᠯ ᠠᠮᠢᠳᠤ ᠪᠣᠳᠠᠰ ᠤᠨ ᠤᠬᠠᠭᠠᠨ ᠤ ᠮᠡᠷᠭᠡᠵᠢᠯ ᠨᠢ ᠨᠠᠩ ᠪᠣᠬᠢᠷᠲᠤᠯ ᠥᠬᠡᠶ᠂ ᠠᠮᠤᠷ ᠲᠦᠪᠰᠢᠨ᠂ ᠣᠷᠴᠢᠨ ᠲᠣᠭᠤᠷᠢᠨ ᠤ ᠬᠠᠮᠠᠭᠠᠯᠠᠯᠲᠠ ᠨᠢ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢᠨ ᠠᠮᠢᠳᠤᠯᠢᠭ ᠢᠯᠡᠷᠡᠯ ᠮᠥᠨ᠂ ᠺᠣᠮᠫᠠᠨᠢ ᠠᠴᠠ 3 ~ 5 ᠵᠢᠯ ᠤᠨ ᠳᠣᠲᠣᠷ᠎ᠠ 9  ᠳ᠋ᠤᠭᠡᠷ ᠣᠷᠣᠨ ᠤ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠥᠪᠥᠷ ᠮᠣᠩᠭᠤᠯ ᠤᠨ ᠶᠢᠨ ᠳ᠋ᠠ ᠸᠧᠶ ᠶᠢᠨ ᠮᠢᠺᠷᠣᠪ ᠤᠨ ᠢᠰᠬᠡᠯᠲᠡ ᠪᠠ ᠨᠡᠶᠢᠯᠡᠮᠡᠯ ᠠᠮᠢᠳᠤ ᠪᠣᠳᠠᠰ ᠤᠨ ᠮᠡᠷᠭᠡᠵᠢᠯ ᠢ ᠬᠡᠷᠡᠭᠯᠡᠵᠦ᠂ ᠨᠠᠩ ᠥᠨᠳᠥᠷ ᠪᠦᠲᠦᠮᠵᠢᠲᠡᠶ᠂ ᠨᠠᠩ ᠠᠷᠢᠭᠤᠨ ᠴᠡᠪᠡᠷ᠂ ᠨᠠᠩ ᠣᠷᠴᠢᠨ ᠲᠣᠭᠤᠷᠢᠨ ᠤ ᠬᠠᠮᠠᠭᠠᠯᠠᠯᠲᠠ᠂ ᠨᠠᠩ ᠡᠷᠡᠭᠦᠯ ᠮᠡᠨᠳᠦ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠵᠦ᠂ ᠵᠢᠱᠢᠯᠲᠡ ᠪᠠᠷ 40 ᠳ᠋ᠦᠩᠰᠢᠭᠤᠷ ᠲᠥᠭᠦᠷᠢᠭ ᠤᠨ ᠦᠢᠯᠡᠳᠭᠦᠨ ᠤ ᠥᠷᠲᠡᠭ ᠨᠡᠮᠡᠭᠳᠡᠬᠦ ᠪᠣᠯᠤᠨ᠎ᠠ︾ ᠭᠡᠵᠤ ᠶᠢᠨ ᠳ᠋ᠠ ᠸᠧᠢ ᠪᠦᠯᠦᠭᠯᠡᠯ ᠤᠨ ᠳᠡᠳ᠋ ᠶᠡᠷᠦᠩᠬᠡᠢ ᠳᠠᠭᠠᠭᠠᠮᠠᠯ᠂ ᠥᠪᠥᠷ ᠮᠣᠩᠭᠤᠯ ᠤᠨ ᠶᠢᠨ ᠳ᠋ᠠ ᠸᠧᠢ ᠡᠮ ᠤᠨ ᠦᠢᠯᠡᠰ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠨ ᠭᠤᠸᠠᠩ ᠬᠤᠸᠠᠩ ᠲᠠᠨᠢᠯᠴᠠᠭᠤᠯᠵᠠᠢ      ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠶᠢᠨ ᠳ᠋ᠠ ᠸᠧᠶ ᠡᠮ ᠤᠨ ᠦᠢᠯᠡᠰ ᠤᠨ ᠬᠢᠵᠠᠭᠠᠷᠲᠤ ᠺᠣᠮᠫᠠᠨᠢ ᠪᠣᠯ ᠤᠯᠤᠰ ᠤᠨ ᠲᠠᠰ ᠤᠨ ᠭᠤᠤᠯᠳᠠᠯᠭ᠎ᠠ ᠲᠠᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠤᠨ᠎ᠠ᠃ ᠺᠣᠮᠫᠠᠨᠢ ᠨᠢ ᠠᠮᠢᠳᠤ ᠪᠣᠳᠠᠰ ᠤᠨ ᠡᠮ ᠡᠮᠨᠡᠯᠭᠡ ᠶᠢᠨ ᠬᠦᠷᠢᠶᠡᠨ ᠳᠠᠬᠢ ᠰᠢᠨ᠎ᠡ ᠶᠢ ᠡᠭᠦᠳᠬᠦ ᠪᠠ ᠬᠥᠭᠵᠢᠭᠦᠯᠬᠦ ᠪᠠᠷ ᠬᠦᠴᠦᠯᠡᠨ ᠴᠢᠷᠮᠠᠶᠢᠵᠤ᠂ ᠦᠢᠯᠡᠳᠪᠦᠷᠢᠯᠡᠭᠰᠡᠨ ᠰᠢᠮ᠎ᠡ ᠲᠡᠵᠢᠭᠡᠯ ᠤᠨ ᠴᠢᠩᠭᠠᠷᠠᠭᠤᠯᠤᠭᠴᠢ ᠪᠠ ᠠᠮᠢᠳᠤ ᠪᠣᠳᠠᠰ ᠤᠨ ᠡᠮ ᠡᠮᠨᠡᠯᠭᠡ ᠶᠢᠨ ᠲᠦᠷᠦᠯ ᠤᠨ ᠦᠢᠯᠡᠳᠬᠦᠨ ᠨᠢ ᠪᠦᠬᠦ ᠪᠥᠮᠪᠥᠷᠴᠡᠭ ᠤᠨ ᠬᠡᠳᠦᠨ ᠠᠷᠪᠠᠨ ᠤᠯᠤᠰ ᠪᠠ ᠭᠠᠵᠠᠷ ᠣᠷᠣᠨ ᠳᠤ ᠪᠣᠷᠣᠯᠠᠭᠤᠯᠤᠭᠳᠠᠵᠤ ᠪᠠᠶᠢᠨ᠎ᠠ᠃ ᠭᠤᠣᠯ ᠪᠣᠯᠬᠤ ᠦᠢᠯᠡᠳᠬᠦᠨ ᠤ ᠳᠠᠭᠠᠯᠲᠠ ᠢᠰᠬᠡᠭᠦᠷ Q10 ᠨᠢ ᠤᠯᠤᠰ ᠤᠨ ᠲᠡᠰ ᠤᠨ ᠦᠢᠯᠡᠳᠬᠦ ᠦᠢᠯᠡᠰ ᠤᠨ ᠳᠠᠩ ᠵᠦᠢᠯ ᠤᠨ ᠮᠠᠩᠯᠠᠶᠢᠯᠠᠭᠰᠠᠨ ᠢᠶᠠᠷ ᠦᠨᠡᠯᠡᠭᠳᠡᠵᠦ᠂ ᠪᠦᠬᠦ ᠪᠥᠮᠪᠥᠷᠴᠡᠭ ᠤᠨ ᠵᠠᠬ᠎ᠠ ᠳᠡᠯᠭᠡᠭᠦᠷ ᠤᠨ ᠡᠵᠡᠯᠡᠬᠦ ᠨᠤᠷᠮ᠎ᠠ 50% ᠶᠢ ᠳᠠᠪᠠᠵᠤ᠂ ᠸᠢᠲ᠋ᠠᠮᠢᠨ K2᠂ NMN ᠦᠢᠯᠡᠳᠪᠦᠷᠢᠯᠡᠬᠦ ᠴᠢᠳᠠᠪᠤᠷᠢ ᠪᠦᠬᠦ ᠪᠥᠮᠪᠥᠷᠴᠡᠭ ᠤᠨ ᠨᠢᠭᠡᠳᠦᠭᠡᠷ ᠲᠤ ᠣᠷᠣᠵᠤ᠂ ᠲᠣᠭᠲᠠᠬᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃ ᠲᠣᠰ ᠤᠳᠠᠭᠠᠨ ᠤ ᠲᠥᠷᠥᠯ ᠵᠦᠢᠯ ᠤᠨ ᠠᠵᠢᠯ ᠡᠬᠢᠯᠡᠭᠰᠡᠨ ᠨᠢ ᠪᠥᠬᠦ ᠣᠷᠣᠨ ᠤ ᠡᠷᠡᠭᠦᠯᠵᠢᠯ ᠤᠨ ᠡᠳ᠋ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠱᠤᠭᠤᠮ ᠤᠨ ᠬᠤᠭᠤᠰᠣᠨ ᠢ ᠨᠥᠬᠦᠪᠥᠷᠢᠯᠡᠵᠦ᠂ ᠲᠣᠭᠲᠠᠬᠤ ᠰᠢᠶᠠᠨ ᠪᠥᠬᠦ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠬᠤ ᠯᠠᠪᠳᠠᠭᠤᠨ ᠪᠠᠲᠤᠲᠠᠶ ᠨᠢᠭᠡ ᠠᠯᠬᠤᠮ ᠢ ᠠᠯᠬᠤᠭᠰᠠᠨ ᠢ ᠬᠠᠷᠠᠭᠤᠯᠵᠤ ᠪᠠᠶᠢᠨ᠎ᠠ᠃      ᠣᠶᠢᠷ᠎ᠠ ᠶᠢᠨ ᠵᠢᠯ ᠠᠴᠠ ᠨᠠᠰᠢ᠂ ᠲᠣᠭᠲᠠᠬᠤ ᠰᠢᠶᠠᠨ ᠠᠮᠢᠳᠤ ᠪᠣᠳᠠᠰ ᠤᠨ ᠢᠰᠬᠡᠯᠲᠡ ᠶᠢᠨ ᠠᠵᠤ ᠦᠢᠯᠡᠰ ᠢ ᠰᠢᠨ᠎ᠡ ᠶᠢ ᠡᠭᠦᠳᠦᠨ ᠬᠥᠭᠵᠢᠭᠦᠯᠬᠦ ᠶᠢᠨ ᠲᠣᠪᠤᠶᠢᠮ᠎ᠠ ᠪᠠᠶᠢᠷᠢᠨ ᠳᠤ ᠲᠠᠯᠪᠢᠵᠤ᠂ ᠨᠡᠶᠢᠯᠡᠮᠡᠯ ᠠᠮᠢᠳᠤ ᠪᠣᠳᠠᠰ ᠤᠨ ᠭᠤᠷᠪᠠᠳᠤᠭᠠᠷ ᠦᠶ᠎ᠡ ᠶᠢᠨ ᠠᠮᠢᠳᠤ ᠪᠣᠳᠠᠰ ᠤᠨ ᠦᠢᠯᠡᠳᠬᠦ ᠮᠡᠷᠭᠡᠵᠢᠯ ᠤᠨ ᠬᠥᠭᠵᠢᠯᠲᠡ ᠶᠢᠨ ᠰᠢᠨ᠎ᠡ ᠠᠵᠠ ᠲᠣᠬᠢᠶᠠᠯ ᠢ ᠵᠠᠪᠳᠤᠨ ᠠᠳᠬᠤᠵᠤ᠂ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠢ ᠲᠦᠷᠭᠡᠳᠬᠡᠨ ᠪᠠᠶᠢᠷᠢᠰᠢᠭᠤᠯᠵᠤ ᠂ ᠲᠡᠵᠢᠭᠡᠯ ᠪᠣᠷᠳᠣᠭᠠᠨ ᠤ ᠢᠰᠬᠡᠭᠦᠷ᠂ ᠠᠵᠤ ᠦᠢᠯᠡᠳᠪᠦᠷᠢ ᠶᠢᠨ ᠢᠰᠬᠡᠭᠦᠷ᠂ ᠢᠳᠡᠭᠡᠨ ᠤ ᠢᠰᠬᠡᠭᠦᠷ᠂ ᠳᠡᠭᠡᠳᠦ ᠲᠠᠰ ᠤᠨ ᠢᠳᠡᠭᠡᠨ ᠤ ᠨᠡᠮᠡᠯᠲᠡ ᠡᠳ᠋᠂ ᠴᠢᠳᠠᠮᠵᠢ ᠶᠢᠨ ᠰᠢᠬᠢᠷ᠂ ᠰᠢᠪᠲᠦᠷᠲᠦ ᠬᠦᠴᠢᠯ᠂ ᠬᠢᠮᠡᠯ ᠮᠢᠬ᠎ᠠ᠂ ᠬᠢᠮᠡᠯ ᠤᠭᠤᠷᠠᠭ᠂ ᠬᠢᠮᠡᠯ ᠠᠷᠠᠰᠤ᠂ ᠠᠮᠢᠳᠤ ᠪᠣᠳᠠᠰ ᠤᠨ ᠰᠠᠭᠤᠷᠢ ᠮᠠᠲ᠋ᠧᠷᠢᠶᠠᠯ ᠵᠡᠷᠭᠡ ᠠᠵᠤ ᠦᠶᠢᠯᠡᠰᠵᠢᠯᠲᠡ ᠶᠢᠨ ᠲᠥᠷᠥᠯ ᠵᠦᠢᠯ ᠢ ᠶᠡᠬᠡᠪᠡᠷ ᠬᠥᠭᠵᠢᠭᠦᠯᠵᠦ᠂ ᠪᠥᠬᠦ ᠤᠯᠤᠰ ᠤᠨ ᠬᠠᠮᠤᠭ ᠤᠨ ᠶᠡᠭᠡ ᠠᠮᠢᠳᠤ ᠪᠣᠳᠠᠰ ᠤᠨ ᠢᠰᠬᠡᠯᠲᠡ ᠶᠢᠨ ᠰᠠᠭᠤᠷᠢᠨ ᠭᠠᠵᠠᠷ ᠪᠣᠯᠤᠨ ᠨᠡᠶᠢᠯᠡᠮᠡᠯ ᠠᠮᠢᠳᠤ ᠪᠣᠳᠠᠰ ᠤᠨ ᠰᠤᠳᠤᠯᠤᠯ ᠤᠨ ᠦᠷ᠎ᠡ ᠪᠦᠲᠦᠭᠡᠯ ᠢ ᠬᠤᠪᠢᠷᠠᠭᠤᠯᠬᠤ ᠰᠠᠭᠤᠷᠢᠨ ᠭᠠᠵᠠᠷ ᠢ ᠪᠣᠶ ᠪᠣᠯᠭᠠᠪᠠ᠃ ᠣᠲᠣ ᠪᠣᠯᠲᠠᠯ᠎ᠠ᠂ ᠪᠥᠬᠦ ᠰᠢᠶᠠᠨ ᠳᠤ ᠠᠮᠢᠳᠤ ᠪᠣᠳᠠᠰ ᠤᠨ ᠡᠮ ᠡᠮᠨᠡᠯᠭᠡ ᠪᠠ ᠠᠵᠤ ᠦᠢᠯᠡᠰ ᠤᠨ ᠬᠡᠯᠬᠢᠶ᠎ᠡ ᠶᠢᠨ ᠠᠵᠤ ᠠᠬᠤᠶᠢᠯᠠᠯ ᠨᠡᠶᠢᠲᠡ 19 ᠪᠠᠶᠢᠵᠤ᠂ ᠢᠰᠬᠡᠭᠰᠡᠨ ᠶᠡᠷᠦᠩᠬᠡᠶ ᠪᠠᠭᠲᠠᠭᠠᠮᠵᠢ ᠨᠢ 4.1 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠡᠶ᠃ ᠠᠮᠢᠳᠤ ᠪᠣᠳᠠᠰ ᠤᠨ ᠢᠰᠬᠡᠯᠲᠡ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠶᠢᠨ ᠲᠥᠯᠥᠭᠡ᠂ ᠲᠣᠭᠲᠠᠬᠤ ᠰᠢᠶᠠᠨ ︽ᠤᠯᠤᠰ ᠤᠨ ᠲᠠᠰ ᠤᠨ ᠠᠮᠢᠳᠤ ᠪᠣᠳᠠᠰ ᠤᠨ ᠢᠰᠬᠡᠯᠲᠡ ᠶᠢᠨ ᠠᠵᠤ ᠦᠢᠯᠡᠰ ᠤᠨ ᠪᠣᠬᠢᠷᠲᠤᠯ ᠥᠬᠡᠶ ᠦᠢᠯᠡᠳᠬᠦ ᠰᠠᠭᠤᠷᠢᠨ ᠭᠠᠵᠠᠷ ᠬᠢᠭᠡᠳ ᠠᠮᠢᠳᠤ ᠪᠣᠳᠠᠰ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠡᠳᠬᠦᠬᠦ ᠲᠥᠷᠥ ᠶᠢᠨ ᠪᠣᠳᠣᠯᠭ᠎ᠠ︾ ᠶᠢ ᠲᠣᠭᠲᠠᠭᠠᠵᠤ᠂ ︽ᠵᠢᠷᠭᠤᠭ᠎ᠠ ᠶᠢ ᠪᠠᠭᠤᠷᠠᠭᠤᠯᠵᠤ ᠨᠢᠭᠡ ᠶᠢ ᠨᠥᠬᠦᠪᠥᠷᠢᠯᠡᠵᠦ ᠣᠷᠴᠢᠨ ᠲᠣᠭᠤᠷᠢᠨ ᠢ ᠰᠢᠯᠢᠳᠡᠭᠵᠢᠭᠦᠯᠬᠦ︾ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ᠂ ᠮᠠᠰᠢᠨ ᠬᠡᠷᠡᠭᠯᠡᠬᠦ᠂ ᠪᠣᠬᠢᠷ ᠤᠰᠤ ᠶᠢ ᠰᠢᠢᠳᠪᠦᠷᠢᠯᠡᠬᠦ ᠵᠡᠷᠭᠡ ᠬᠦᠴᠦᠨ ᠵᠦᠢᠯ ᠤᠨ ᠥᠪᠡᠷ ᠤᠨ ᠥᠷᠲᠡᠭ ᠦᠷᠭᠦᠯᠵᠢᠯᠡᠨ ᠪᠠᠭᠤᠷᠠᠬᠤ ᠶᠢ ᠳᠥᠯᠭᠢᠨ ᠠᠬᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠳᠤ ᠬᠠᠷᠢᠴᠠᠯᠠᠰᠢᠭᠦᠶ ᠥᠷᠢᠰᠥᠯᠳᠦᠭᠡᠨ ᠤ ᠳᠠᠪᠠᠭᠤᠯᠢᠭ ᠢ ᠪᠣᠶ ᠪᠣᠯᠭᠠᠪᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ    
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1