ᠳᠤᠮᠳᠠᠳᠤ ᠧᠦ᠋ᠷᠣᠫᠠ ᠶᠢᠨ ᠵᠢᠱᠢᠶᠠᠨ ᠤ ᠭᠠᠯᠲᠤ ᠲᠡᠷᠭᠡ ︵ᠬᠥᠬᠡᠬᠤᠲᠠ︶ ᠶᠢᠨ ᠲᠡᠭᠡᠭᠡᠪᠦᠷᠢ ᠶᠢᠨ ᠬᠡᠮᠵᠢᠶ᠎ᠡ ᠨᠡᠶᠢᠲᠡ 1 ᠲᠦᠮᠡᠨ ᠪᠠᠷᠢᠮᠵᠢᠶᠠᠲᠤ ᠠᠪᠳᠠᠷ᠎ᠠ ᠶᠢ ᠳᠠᠪᠠᠪᠠ
ᠨᠡᠶᠢᠲᠡᠯᠡᠭᠰᠡᠨ ᠴᠠᠭ᠄
2024/5/11
      ︵ᠰᠤᠷᠪᠤᠯᠵᠢᠯᠠᠭᠴᠢ ᠶᠦᠨ ᠶᠠᠨ ᠹᠠᠩ︶ ᠣᠶᠢᠷ᠎ᠠ ᠳᠤ᠂ ᠰᠤᠷᠪᠤᠯᠵᠢᠯᠠᠭᠴᠢ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠨᠢ᠂ 2021 ᠣᠨ ᠤ 12 ᠳ᠋ᠤᠭᠠᠷ ᠰᠠᠷ᠎ᠠ ᠳᠤ ᠬᠥᠬᠡᠬᠤᠲᠠ ᠠᠩᠬ᠎ᠠ ᠤᠳᠠᠭ᠎ᠠ ᠳᠤᠮᠳᠠᠳᠤ ᠧᠦ᠋ᠷᠣᠫᠠ ᠶᠢᠨ ᠵᠢᠱᠢᠶᠠᠨ ᠤ ᠭᠠᠯᠲᠤ ᠲᠡᠷᠭᠡ ᠶᠢ ᠠᠶᠠᠯᠠᠭᠤᠯᠤᠭᠠᠳ ᠡᠨᠡ ᠵᠢᠯ ᠤᠨ 4 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠨᠡᠶᠢᠲᠡ 1 ᠲᠦᠮᠡᠨ ᠪᠠᠷᠢᠮᠵᠢᠶᠠᠲᠤ ᠠᠪᠳᠠᠷ᠎ᠠ ᠶᠢ ᠳᠠᠪᠠᠵᠤ᠂ ︽ᠲᠡᠭ︾ ᠠᠴᠠ ᠲᠦᠮᠡ ᠬᠦᠷᠬᠦ ᠶᠢ ᠪᠡᠶᠡᠯᠡᠭᠦᠯᠪᠡ᠃ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠨᠡᠪᠲᠡᠷᠡᠭᠰᠡᠨ ᠠᠴᠠ ᠨᠠᠭᠠᠰᠢ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠰᠠᠶᠢᠬᠠᠨ ᠪᠣᠭᠤᠮᠲᠠ᠂ ᠥᠪᠥᠷ ᠮᠣᠩᠭᠤᠯ ᠤᠨ ᠤᠯᠤᠰ ᠤᠨ ᠠᠷᠠᠯᠵᠢᠶᠠᠨ ᠤ ᠪᠦᠯᠦᠭᠯᠡᠯ ᠵᠡᠷᠭᠡ ᠡᠯ᠎ᠡ ᠲᠠᠯ᠎ᠠ ᠶᠢᠨ ᠬᠢᠨ ᠢ ᠢᠳᠡᠪᠬᠢᠲᠡᠶ ᠵᠣᠬᠢᠴᠠᠭᠤᠯᠵᠤ᠂ ᠮᠠᠨ ᠤ ᠬᠤᠲᠠ ᠶᠢᠨ ᠳᠤᠮᠳᠠᠳᠤ ᠧᠦ᠋ᠷᠣᠫᠠ ᠶᠢᠨ ᠵᠢᠱᠢᠶᠠᠨ ᠤ ᠭᠠᠯᠲᠤ ᠲᠡᠷᠭᠡ ᠵᠢᠯ ᠳᠠᠷᠠᠭᠠᠯᠠᠨ ᠰᠢᠨ᠎ᠡ ᠲᠡᠮᠳᠡᠭᠯᠡᠯ ᠢ ᠡᠭᠦᠳᠬᠦ ᠶᠢ ᠠᠬᠢᠭᠤᠯᠵᠤ᠂ 2022 ᠤᠨ ᠪᠠ 2023 ᠣᠨ ᠳᠤ ᠲᠣᠰ ᠲᠣᠰ 12 ᠴᠤᠪᠤᠭ᠎ᠠ ᠪᠠ 50 ᠴᠤᠪᠤᠭ᠎ᠠ ᠲᠡᠷᠭᠡ ᠠᠶᠠᠯᠠᠵᠤ᠂ ᠡᠨᠡ ᠵᠢᠯ ᠤᠨ 1 — 4 ᠳ᠋ᠦ᠋ᠭᠡᠷ ᠰᠠᠷ᠎ᠠ ᠳᠤ ᠨᠢᠭᠡᠨᠲᠡ 41 ᠴᠤᠪᠤᠭ᠎ᠠ ᠲᠡᠷᠭᠡ ᠨᠡᠪᠲᠡᠷᠡᠵᠦ᠂ ᠠᠳᠠᠯᠢ ᠬᠤᠭᠤᠴᠠᠭᠠᠨ ᠤ ᠬᠢ ᠠᠴᠠ 241.7% ᠪᠠᠷ ᠨᠡᠮᠡᠭᠳᠡᠵᠦ᠂ ᠨᠡᠶᠢᠲᠡ 1 ᠲᠦᠮᠡᠨ ᠪᠠᠷᠢᠮᠵᠢᠶᠠᠲᠤ ᠬᠠᠶᠢᠷᠴᠠᠭ ᠢ ᠳᠠᠪᠠᠭᠰᠠᠨ ᠪᠠᠶᠢᠨ᠎ᠠ᠃      ᠪᠠᠷᠠᠭ᠎ᠠ ᠡᠳᠦᠷ ᠢᠷᠡᠬᠦᠶ᠎ᠡ ᠤᠷᠤᠨ ᠨᠤᠲᠤᠭ ᠤᠨ ᠪᠣᠯᠵᠤ ᠬᠤᠪᠢᠷᠠᠪᠠ᠃ ᠶᠡᠪᠤᠭᠤᠯᠬᠤ ᠪᠠᠷᠠᠭᠠᠨ ᠤ ᠢᠷᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ︵ᠬᠥᠬᠡᠬᠤᠲᠠ︶᠂ ᠱᠠᠨᠳᠦ᠋ᠩ᠂ ᠠᠨᠾᠦ᠋ᠢ᠂ ᠪᠡᠭᠡᠵᠢᠩ ᠲᠢᠶᠠᠨᠵᠢᠨ ᠾᠧᠪᠸᠢ ᠵᠡᠷᠭᠡ ᠭᠠᠵᠠᠷ ᠠᠴᠠ ᠪᠠᠷᠠᠭ᠎ᠠ ᠴᠤᠭᠯᠠᠭᠤᠯᠵᠤ ᠪᠠᠶᠢᠭᠰᠠᠨ ᠠᠴᠠ ᠪᠠᠨ ᠬᠥᠭᠵᠢᠭᠡᠳ ᠥᠪᠥᠷ ᠮᠣᠩᠭᠤᠯ ᠤᠨ ᠲᠣᠰ ᠭᠠᠵᠠᠷ ᠤᠨ ᠴᠤᠸᠠᠩ ᠸᠧᠢ ᠲᠧᠯᠸᠢᠰ᠂ ᠨᠡᠷᠡᠨ ᠬᠤᠸᠠᠷ ᠤᠨ ᠦᠷ᠎ᠡ᠂ ᠯᠠᠩᠭᠤᠸᠠ ᠶᠢᠨ ᠦᠷ᠎ᠡ ᠵᠡᠷᠭᠡ ᠶᠢ ᠪᠠᠭᠲᠠᠭᠠᠵᠤ᠂ ᠲᠣᠰ ᠭᠠᠵᠠᠷ ᠣᠷᠣᠨ ᠤ ᠤᠨᠴᠠᠯᠢᠭᠳᠤ ᠪᠠᠷᠠᠭᠠᠨ ᠤ ᠢᠷᠡᠯᠲᠡ ᠶᠢ ᠨᠠᠩ ᠥᠷᠭᠡᠨ ᠢᠶᠠᠷ ᠠᠭᠤᠳᠠᠯᠵᠤ᠂ ᠬᠥᠬᠡᠬᠤᠲᠠ ᠶᠢᠨ ᠭᠠᠳᠠᠭᠠᠳᠤ ᠨᠡᠭᠡᠭᠡᠯᠲᠡ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠪᠡ᠃ ᠤᠷᠤᠭᠤᠯᠬᠤ ᠪᠠᠷᠠᠭᠠᠨ ᠤ ᠢᠷᠡᠯᠲᠡ ᠶᠢᠨ ᠲᠠᠯ᠎ᠠ ᠪᠠᠷ᠂ ᠳᠤᠮᠳᠠ ᠠᠽᠢᠶ᠎ᠠ ᠶᠢᠨ ᠺᠠᠽᠠᠭᠰᠲ᠋ᠠᠨ ᠤ ᠪᠤᠭᠤᠳᠠᠢ ᠶᠢᠨ ᠬᠡᠪᠡᠭ ᠤᠨ ᠮᠥᠬᠦᠯᠢᠭ᠂ ᠪᠣᠷᠳᠤᠭ᠎ᠠ ᠳᠤ ᠬᠡᠷᠡᠭᠯᠡᠬᠦ ᠪᠣᠭᠤᠳᠠᠶ ᠶᠢᠨ ᠭᠤᠯᠢᠷ ᠢᠶᠠᠷ ᠭᠤᠣᠯ ᠢᠷᠡᠯᠲᠡ ᠪᠣᠯᠭᠠᠵᠤ᠂ ᠬᠥᠬᠡᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠲᠡᠵᠢᠭᠡᠯ ᠪᠣᠷᠳᠤᠭ᠎ᠠ ᠡᠳ᠋ᠰᠢᠭᠦᠯᠬᠦ ᠠᠵᠢᠯ ᠲᠥᠷᠥᠯ ᠤᠨ ᠲᠦᠭᠦᠬᠡᠶ ᠮᠠᠲ᠋ᠧᠷᠢᠶᠠᠯ ᠤᠨ ᠬᠡᠷᠡᠭᠴᠡᠭᠡ ᠶᠢ ᠬᠠᠩᠭᠠᠵᠤ᠂ ᠳᠣᠲᠣᠭᠠᠳᠤ ᠭᠠᠳᠠᠭᠠᠳᠤ ᠬᠤᠯᠪᠣᠭᠠᠯᠠᠨ ᠬᠥᠳᠡᠯᠦᠯᠴᠡᠭᠰᠡᠨ᠂ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠤᠭᠰᠠᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠪᠡ᠃      ᠵᠠᠮ ᠱᠤᠭᠤᠮ ᠬᠤᠤᠰ ᠴᠢᠭᠯᠡᠯ ᠢᠶᠠᠷ ᠬᠠᠷᠢᠯᠴᠠᠨ ᠨᠡᠪᠲᠡᠷᠡᠪᠡ᠃ 2023 ᠣᠨ ᠤ 10 ᠳ᠋ᠤᠭᠠᠷ ᠰᠠᠷ᠎ᠠ ᠳᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ︵ᠬᠥᠬᠡᠬᠤᠲᠠ︶ ᠪᠤᠴᠠᠵᠤ ᠢᠷᠡᠬᠦ ᠵᠢᠰᠢᠶᠠᠨ ᠤ ᠭᠠᠯᠲᠤ ᠲᠡᠷᠭᠡ ᠪᠠᠨ ᠠᠮᠵᠢᠯᠲᠠ ᠲᠠᠢ ᠠᠶᠠᠯᠠᠭᠤᠯᠤᠭᠰᠠᠨ ᠨᠢ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ︵ᠬᠥᠬᠡᠬᠤᠲᠠ︶ ᠳᠠᠬᠢᠨᠲᠠ ᠴᠢᠬᠤᠯᠠ ᠶᠡᠭᠡ ᠰᠢᠪᠲᠤᠯᠤᠯᠲᠠ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠃ ᠭᠠᠳᠠᠭᠠᠳᠤ ᠳᠤ ᠭᠠᠷᠭᠠᠬᠤ ᠪᠠᠷᠠᠭᠠᠨ ᠤ ︽ᠲᠤᠭ᠎ᠠ ᠬᠡᠮᠵᠢᠶ᠎ᠡ ᠶᠠᠰᠤ ᠴᠢᠨᠠᠷ ᠤᠨ ᠬᠤᠣᠰ ᠳᠡᠭᠡᠭᠰᠢᠯᠡᠯᠲᠡ︾ ᠶᠢᠨ ᠰᠠᠭᠤᠷᠢᠨ ᠳᠡᠭᠡᠷ᠎ᠡ᠂ ᠪᠤᠴᠠᠬᠤ ᠵᠢᠰᠢᠶᠠᠨ ᠤ ᠭᠠᠯᠲᠤ ᠲᠡᠷᠭᠡ ᠶᠢ ᠬᠠᠶᠢᠨ ᠰᠦᠪᠡᠭᠴᠢᠯᠡᠵᠦ ᠠᠰᠢᠭᠯᠠᠨ ᠲᠣᠰ ᠭᠠᠵᠠᠷ ᠤᠨ ᠠᠵᠤ ᠦᠢᠯᠡᠰ ᠵᠢᠴᠢ ᠵᠠᠮ ᠳᠠᠭᠠᠤ ᠶᠢᠨ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠬᠡᠷᠡᠭᠴᠡᠭᠡ ᠶᠢ ᠬᠠᠩᠭᠠᠵᠤ᠂ ᠬᠤᠯᠪᠣᠭᠳᠠᠯ ᠪᠥᠬᠦᠶ ᠬᠦᠷᠢᠶ᠎ᠡ ᠴᠠᠷᠠᠭ᠎ᠠ ᠪᠠ ᠠᠵᠢᠯ ᠲᠥᠷᠥᠯ ᠤᠨ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠶ ᠪᠠᠷ ᠵᠣᠯᠭᠠᠭᠤᠯᠤᠨ᠂ ᠵᠢᠰᠢᠶᠠᠨ ᠤ ᠭᠠᠯᠲᠤ ᠲᠡᠷᠭᠡ ᠶᠢᠨ ᠪᠤᠴᠠᠬᠤ ᠪᠠᠷᠠᠭᠠᠨ ᠤ ᠢᠷᠡᠯᠲᠡ ᠶᠢ ᠪᠠᠶᠠᠯᠢᠭᠵᠢᠭᠤᠯᠵᠤ᠂ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠢ ᠬᠠᠶᠢᠨ ᠰᠦᠪᠡᠭᠴᠢᠯᠡᠪᠡ᠃ ᠣᠳᠣᠬᠠᠨ ᠪᠣᠯᠲᠠᠯ᠎ᠠ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ︵ᠬᠥᠬᠡᠬᠤᠲᠠ︶ ᠶᠢᠨ ᠪᠤᠴᠠᠵᠤ ᠢᠷᠡᠬᠦ ᠵᠢᠰᠢᠶᠠᠨ ᠤ ᠭᠠᠯᠲᠤ ᠲᠡᠷᠭᠡ ᠨᠢᠭᠡᠨᠲᠡ 14 ᠴᠤᠪᠤᠭ᠎ᠠ ᠠᠶᠠᠯᠠᠪᠠ᠃      ︽ᠵᠢᠰᠢᠶᠠᠨ ᠤ ᠭᠠᠯᠲᠤ ᠲᠡᠷᠭᠡ +︾ ᠶᠢᠨ ᠵᠠᠭᠪᠤᠷ ᠤᠨ ᠰᠢᠨ᠎ᠡ ᠶᠢ ᠡᠭᠦᠳᠦᠨ ᠬᠥᠭᠵᠢᠪᠡ᠃ ᠬᠥᠬᠡᠬᠤᠲᠠ ᠶᠢᠨ ᠣᠯᠠᠨ ᠤᠯᠤᠰ ᠤᠨ ᠡᠬᠡ ᠬᠠᠭᠤᠷᠠᠶ ᠶᠢᠨ ᠭᠠᠷᠠᠮ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠳᠠᠪᠠᠭᠤᠯᠢᠭ ᠲᠤ ᠲᠦᠰᠢᠭᠯᠡᠨ᠂ ᠼᠠᠢ ᠨᠢᠶᠣᠣ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠲᠠᠢ ᠬᠠᠮᠲᠤᠷᠠᠯᠴᠠᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢ ᠡᠬᠢᠯᠡᠭᠦᠯᠪᠡ᠃ ᠲᠤᠰ ᠭᠠᠵᠠᠷ ᠤᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠵᠦ᠂ ᠴᠤᠸᠠᠩ ᠸᠧᠢ ᠲᠧᠯᠸᠢᠰ ᠤᠨ ᠲᠣᠭᠲᠠᠭᠰᠠᠨ ᠵᠢᠰᠢᠶᠠᠨ ᠤ ᠭᠠᠯᠲᠤ ᠲᠡᠷᠭᠡ ᠶᠢ ᠨᠡᠪᠲᠡᠷᠡᠭᠦᠯᠪᠡ᠃ ᠵᠢᠰᠢᠶᠠᠨ ᠤ ᠭᠠᠯᠲᠤ ᠲᠡᠷᠭᠡ ᠬᠢᠭᠡᠳ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠪᠥᠬᠦ ᠣᠷᠣᠨ ᠳᠤ ᠠᠩᠬ᠎ᠠ ᠤᠳᠠᠭ᠎ᠠ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠢᠰᠢᠶᠠᠨ ᠤ ᠭᠠᠯᠲᠤ ᠲᠡᠷᠭᠡ ᠶᠢ ᠡᠬᠢᠯᠡᠭᠦᠯᠪᠡ᠃ ᠳᠤᠮᠳᠠ ᠠᠽᠢᠶ᠎ᠠ ᠶᠢᠨ 8 ᠴᠤᠪᠤᠭ᠎ᠠ ᠭᠠᠯᠲᠤ ᠲᠡᠷᠭᠡ ᠶᠢ ᠠᠶᠠᠯᠠᠭᠤᠯᠵᠤ᠂ ᠪᠠᠷᠠᠭ᠎ᠠ ᠶᠢ ᠠᠳᠠᠯᠢ ᠪᠤᠰᠤ ᠤᠯᠤᠰ᠂ ᠣᠯᠠᠨ ᠥᠷᠲᠡᠭᠡ ᠴᠡᠭ ᠲᠤ ᠬᠦᠷᠭᠡᠬᠦ ︽ᠲᠡᠷᠭᠡ ᠨᠡᠶᠢᠯᠡᠭᠦᠯᠬᠦ︾ ᠵᠠᠭᠪᠤᠷ ᠢ ᠠᠩᠬ᠎ᠠ ᠤᠳᠠᠭ᠎ᠠ ᠪᠡᠶᠡᠯᠡᠭᠦᠯᠪᠡ᠃ ᠵᠠᠭᠪᠤᠷ ᠤᠨ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠭᠠᠷᠭᠠᠯᠲᠠ ᠳᠤ ᠲᠥᠬᠦᠮ ᠦᠵᠡᠭᠦᠯᠬᠦ ᠲᠡᠭᠡᠭᠡᠪᠦᠷᠢ ᠶᠢᠨ ᠲᠥᠰᠦᠯ ᠢ ᠰᠦᠪᠡᠭᠴᠢᠯᠡᠵᠦ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ︵ᠬᠥᠬᠡᠬᠤᠲᠠ︶ ᠶᠢᠨ ᠠᠵᠢᠯᠯᠠᠭᠠᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠪᠡ᠃      ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ︵ᠬᠥᠬᠡᠬᠤᠲᠠ︶ ᠶᠢᠨ ᠲᠦᠷᠭᠡᠨ ᠬᠥᠭᠵᠢᠯᠲᠡ ᠪᠣᠯ ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠴᠢᠬᠤᠯᠠ ᠢᠯᠡᠷᠡᠯ ᠪᠣᠯᠬᠤ ᠪᠠᠷ ᠪᠠᠷᠠᠬᠤ ᠦᠭᠡᠢ᠂ ᠪᠤᠰᠤᠳ ᠤᠯᠤᠰ ᠯᠤᠭ᠎ᠠ ᠶᠢᠨ ᠬᠤᠭᠤᠷᠣᠨᠳᠣᠬᠢ ᠠᠷᠠᠯᠵᠢᠶᠠᠨ ᠤ ᠶᠠᠪᠤᠯᠴᠠᠭ᠎ᠠ ᠪᠣᠯᠣᠨ ᠠᠵᠤ ᠠᠬᠤᠢ ᠶᠢᠨ ᠬᠠᠮᠲᠤᠷᠠᠯᠴᠠᠭ᠎ᠠ ᠳᠤ ᠨᠡᠩ ᠥᠨᠳᠥᠷ ᠪᠦᠲᠦᠮᠵᠢᠲᠡᠢ᠂ ᠳᠥᠭᠦᠮ ᠳᠥᠲᠡ ᠪᠠᠷᠠᠭᠠᠨ ᠤ ᠭᠦᠢᠯᠭᠡᠭᠡᠨ ᠤ ᠦᠢᠯᠡᠴᠢᠯᠡᠭᠡ ᠬᠠᠩᠭᠠᠵᠠᠢ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠦᠷᠭᠦᠯᠵᠢᠯᠡᠨ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠦᠢᠯᠡᠴᠢᠯᠡᠭᠡ ᠪᠠᠨ ᠲᠠᠰᠤᠷᠠᠯᠲᠠ ᠥᠬᠡᠶ ᠰᠢᠯᠢᠳᠡᠭᠵᠢᠭᠦᠯᠦᠨ᠂ ᠲᠡᠭᠡᠭᠡᠪᠦᠷᠢ ᠶᠢᠨ ᠲᠠᠪᠴᠠᠩ ᠯᠤᠭ᠎ᠠ ᠶᠢᠨ ᠵᠣᠬᠢᠴᠠᠭᠤᠯᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠎ᠡ᠃ ᠬᠥᠬᠡᠬᠤᠲᠠ ᠶᠢᠨ ᠣᠨᠴᠠᠯᠢᠭᠲᠤ ᠪᠦᠲᠦᠭᠡᠭᠳᠡᠬᠦᠨ ᠢ ᠢᠳᠡᠪᠬᠢᠲᠡᠢ ᠰᠦᠪᠡᠭᠴᠢᠯᠡᠨ ᠠᠭᠤᠳᠠᠯᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ︵ᠬᠥᠬᠡᠬᠤᠲᠠ︶ ᠶᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠭᠠᠵᠠᠷ ᠣᠷᠣᠨ ᠤ ᠦᠯᠢᠭᠡᠷ ᠳᠠᠭᠤᠷᠢᠶᠠᠯ ᠪᠣᠯᠭᠠᠬᠤ ᠪᠠᠷ ᠴᠢᠷᠮᠠᠶᠢᠵᠤ᠂ ᠬᠥᠭᠵᠢᠯᠲᠡ ᠶᠢ ᠪᠠᠶᠢᠩᠭᠤᠵᠢᠭᠰᠠᠨ᠂ ᠴᠢᠨᠠᠷ ᠰᠠᠶᠢᠲᠠᠶ᠂ ᠥᠨᠳᠥᠷ ᠦᠷ᠎ᠡ ᠪᠦᠲᠦᠮᠵᠢᠲᠡᠶ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠮ ᠪᠣᠯᠭᠠᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1