2024 ᠣᠨ ᠤ 1- 4 ᠳ᠋ᠤᠭᠡᠷ ᠰᠠᠷ᠎ᠠ ᠳᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ  ᠵᠢᠵᠢᠭᠯᠡᠨ ᠬᠤᠳᠠᠯᠳᠤᠬᠤ ᠦᠢᠯᠡᠰ ᠪᠠ ᠬᠤᠨᠤᠭ ᠪᠠᠭᠤᠳᠠᠯ ᠢᠳᠡᠭᠡᠨ ᠤᠮᠳᠠᠭᠠᠨ ᠤ ᠦᠢᠯᠡᠰ ᠤᠨ ᠪᠣᠷᠤᠯᠠᠭᠤᠯᠭ᠎ᠠ ᠶᠢᠨ ᠡᠵᠡᠩᠨᠡᠯᠲᠡ ᠶᠢᠨ ᠪᠠᠶᠢᠳᠠᠯ
ᠨᠡᠶᠢᠲᠡᠯᠡᠭᠰᠡᠨ ᠴᠠᠭ᠄
2024/5/12
ᠢᠷᠡᠯᠲᠡ᠄ ᠲᠤᠭ᠎ᠠ ᠪᠦᠷᠢᠳᠬᠡᠯ ᠤᠨ ᠲᠣᠪᠴᠢᠶ᠎ᠠ        2024 ᠣᠨ ᠤ 4 ᠳ᠋ᠤᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠰᠢᠶᠠᠨ ᠤ ᠨᠢᠭᠡᠳᠦᠯᠲᠡᠢ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ  ᠵᠢᠵᠢᠭᠯᠡᠨ ᠬᠤᠳᠠᠯᠳᠤᠬᠤ ᠠᠵᠤ ᠠᠬᠤᠶᠢᠯᠠᠯ ᠨᠡᠶᠢᠲᠡ 27 ᠡᠷᠦᠬᠡ ᠪᠠᠶᠢᠵᠤ᠂ 1- 4 ᠳ᠋ᠤᠭᠡᠷ ᠰᠠᠷ᠎ᠠ ᠶᠢᠨ ᠪᠣᠷᠣᠯᠠᠭᠤᠯᠤᠯᠲᠠ ᠶᠢᠨ ᠲᠤᠭ᠎ᠠ ᠨᠡᠶᠢᠲᠡ 254598.6 ᠲᠦᠮᠡᠨ ᠲᠥᠭᠦᠷᠢᠭ ᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 151.5% ᠪᠠᠷ ᠨᠡᠮᠡᠭᠳᠡᠪᠡ︔ 4 ᠳ᠋ᠤᠭᠡᠷ ᠰᠠᠷ᠎ᠠ ᠳᠤ ᠲᠣᠰ ᠰᠠᠷ᠎ᠠ ᠶᠢᠨ ᠪᠣᠷᠣᠯᠠᠭᠤᠯᠤᠯᠲᠠ ᠶᠢᠨ ᠲᠤᠭ᠎ᠠ 64597.3 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 249.8% ᠪᠠᠷ ᠨᠡᠮᠡᠭᠳᠡᠵᠡᠢ᠃ ᠡᠭᠦᠨ ᠤ ᠳᠣᠲᠣᠷ᠎ᠠ᠄      1. ᠬᠡᠪᠴᠢᠶᠡᠵᠢᠯ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠦᠢᠯᠡᠰ ᠨᠡᠶᠢᠲᠡ 23 ᠡᠷᠦᠬᠡ ᠪᠠᠶᠢᠨ᠎ᠠ᠄ 1- 4 ᠳ᠋ᠤᠭᠡᠷ ᠰᠠᠷ᠎ᠠ ᠶᠢᠨ ᠪᠣᠷᠣᠯᠠᠭᠤᠯᠤᠯᠲᠠ ᠶᠢᠨ ᠬᠡᠮᠵᠢᠶ᠎ᠡ ᠨᠡᠶᠢᠲᠡ 247665.4 ᠲᠦᠮᠡᠨ ᠲᠥᠭᠦᠷᠢᠭ ᠬᠦᠷᠴᠦ ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 163.7% ᠪᠠᠷ ᠨᠡᠮᠡᠭᠳᠡᠪᠡ︔ 4 ᠳ᠋ᠤᠭᠡᠷ ᠰᠠᠷ᠎ᠠ ᠳᠤ ᠲᠣᠰ ᠰᠠᠷ᠎ᠠ ᠶᠢᠨ ᠪᠣᠷᠣᠯᠠᠭᠤᠯᠤᠯᠲᠠ ᠶᠢᠨ ᠲᠤᠭ᠎ᠠ 62972.5 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 270.5% ᠪᠠᠷ ᠨᠡᠮᠡᠭᠳᠡᠪᠡ︔      2. ᠬᠡᠪᠴᠢᠶᠡᠵᠢᠯ ᠠᠴᠠ ᠳᠡᠭᠡᠭᠰᠢᠬᠢ ᠵᠢᠵᠢᠭᠯᠡᠨ ᠬᠤᠳᠠᠯᠳᠤᠬᠤ ᠦᠢᠯᠡᠰ ᠨᠡᠶᠢᠲᠡ 4 ᠡᠷᠦᠬᠡ ᠪᠠᠶᠢᠨ᠎ᠠ᠄ 1- 4 ᠳ᠋ᠤᠭᠡᠷ ᠰᠠᠷ᠎ᠠ ᠶᠢᠨ ᠪᠣᠷᠣᠯᠠᠭᠤᠯᠤᠯᠲᠠ ᠶᠢᠨ ᠲᠤᠭ᠎ᠠ ᠨᠡᠶᠢᠲᠡ 6933.2 ᠲᠦᠮᠡᠨ ᠲᠥᠭᠦᠷᠢᠭ ᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 5.1% ᠪᠠᠷ ᠪᠠᠭᠤᠷᠠᠪᠠ︔ 4  ᠳ᠋ᠤᠭᠡᠷ ᠰᠠᠷ᠎ᠠ ᠳᠤ ᠲᠣᠰ ᠰᠠᠷ᠎ᠠ ᠶᠢᠨ ᠪᠣᠷᠣᠯᠠᠭᠤᠯᠤᠯᠲᠠ ᠶᠢᠨ ᠲᠤᠭ᠎ᠠ 1624.8 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 10.5% ᠪᠠᠷ ᠨᠡᠮᠡᠭᠳᠡᠪᠡ︔      2024 ᠣᠨ ᠤ 4 ᠳ᠋ᠤᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠰᠢᠶᠠᠨ ᠤ ᠨᠢᠭᠡᠳᠦᠯᠲᠡᠢ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ  ᠬᠤᠨᠤᠬᠤ ᠪᠠ ᠢᠳᠡᠭᠡᠨ ᠤᠮᠳᠠᠭᠠᠨ ᠤ ᠠᠵᠤ ᠠᠬᠤᠶᠢᠯᠠᠯ ︵ᠲᠣᠮᠣ ᠬᠤᠪᠢ ᠶᠢᠨ ᠢᠳᠡᠭᠡᠨ ᠤᠮᠳᠠᠭᠠᠨ ᠤ ᠦᠢᠯᠡᠰ ᠪᠠᠭᠲᠠᠨ᠎ᠠ︶  ᠨᠡᠶᠢᠲᠡ 9 ᠡᠷᠦᠬᠡ ᠪᠣᠶ᠃ ᠡᠭᠦᠨ ᠤ ᠳᠣᠲᠣᠷ᠎ᠠ᠄      1. ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠠᠤᠯᠢ ᠶᠢᠨ ᠡᠷᠬᠡᠲᠡᠨ ᠤ ᠬᠤᠭᠤᠯᠠ  ᠤᠮᠳᠠᠭᠠᠨ ᠤ ᠠᠵᠤ ᠠᠬᠤᠶᠢᠯᠠᠯ 4 ᠡᠷᠦᠬᠡ᠃ 1- 4 ᠳ᠋ᠤᠭᠡᠷ ᠰᠠᠷ᠎ᠠ ᠶᠢᠨ ᠡᠵᠡᠩᠨᠡᠯᠲᠡ ᠶᠢᠨ ᠨᠣᠷᠮ᠎ᠠ ᠨᠡᠶᠢᠲᠡ 578.8 ᠲᠦᠮᠡᠨ ᠲᠥᠭᠦᠷᠢᠭ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 122% ᠢᠶᠠᠷ ᠨᠡᠮᠡᠭᠳᠡᠪᠡ︔ 4 ᠳ᠋ᠤᠭᠡᠷ ᠰᠠᠷ᠎ᠠ ᠳᠤ ᠲᠣᠰ ᠰᠠᠷ᠎ᠠ ᠶᠢᠨ ᠡᠵᠡᠩᠨᠡᠯᠲᠡ ᠶᠢᠨ ᠨᠣᠷᠮ᠎ᠠ ᠨᠢ 80.2 ᠲᠦᠮᠡᠨ ᠲᠥᠭᠦᠷᠢᠭ ᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 8.5% ᠪᠠᠷ ᠨᠡᠮᠡᠭᠳᠡᠪᠡ︔      2. ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠪᠢ ᠶᠢᠨ ᠬᠤᠭᠤᠯᠠ  ᠤᠮᠳᠠᠭᠠᠨ ᠤ ᠲᠣᠮᠣ ᠠᠵᠤ ᠠᠬᠤᠶᠢᠯᠠᠯ 5 ᠡᠷᠦᠬᠡ᠃ 1- 4 ᠳ᠋ᠤᠭᠡᠷ ᠰᠠᠷ᠎ᠠ ᠶᠢᠨ ᠡᠵᠡᠩᠨᠡᠯᠲᠡ ᠶᠢᠨ ᠨᠣᠷᠮ᠎ᠠ ᠨᠡᠶᠢᠲᠡ 364.7 ᠲᠦᠮᠡᠨ ᠲᠥᠭᠦᠷᠢᠭ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 344% ᠪᠠᠷ ᠨᠡᠮᠡᠭᠳᠡᠪᠡ︔ 4 ᠳ᠋ᠤᠭᠡᠷ ᠰᠠᠷ᠎ᠠ ᠳᠤ ᠲᠣᠰ ᠰᠠᠷ᠎ᠠ ᠶᠢᠨ ᠡᠵᠡᠩᠨᠡᠯᠲᠡ ᠶᠢᠨ ᠨᠣᠷᠮ᠎ᠠ 68.1 ᠲᠦᠮᠡᠨ ᠲᠥᠭᠦᠷᠢᠭ ᠬᠦᠷᠴᠦ᠂  ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 45% ᠪᠠᠷ ᠨᠡᠮᠡᠭᠳᠡᠪᠡ ︵ᠲᠣᠰ ᠵᠢᠯ ᠳᠤ ᠰᠢᠨ᠎ᠡ ᠪᠠᠷ ᠬᠥᠮᠥᠷᠭᠡ ᠳᠤ ᠣᠷᠣᠭᠤᠯᠤᠭᠰᠠᠨ ᠭᠤᠷᠪᠠᠨ ᠬᠤᠪᠢ ᠶᠢᠨ ᠡᠷᠦᠬᠡ ᠳᠤ ᠨᠢᠳᠤᠨᠤᠨ ᠤ ᠠᠳᠠᠯᠢ ᠬᠤᠭᠤᠴᠠᠭᠠᠨ ᠤ ᠲᠤᠭ᠎ᠠ ᠪᠠᠶᠢᠬᠤ ᠦᠭᠡᠢ ᠂ ᠡᠶᠢᠮᠦ ᠠᠴᠠ 1- 4 ᠳ᠋ᠤᠭᠡᠷ ᠰᠠᠷ᠎ᠠ ᠶᠢᠨ ᠡᠵᠡᠩᠨᠡᠯᠲᠡ ᠶᠢᠨ ᠨᠣᠷᠮ᠎ᠠ ᠨᠢ ᠠᠳᠠᠯᠢ ᠬᠤᠭᠤᠴᠠᠭᠠᠨ ᠤ ᠬᠢ ᠠᠴᠠ ᠨᠡᠯᠢᠶᠡᠳ ᠥᠨᠳᠥᠷ︶︔
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1