ᠲᠣᠭᠲᠠᠬᠤ ᠰᠢᠶᠠᠨ᠄ ᠬᠠᠤᠯᠢ ᠴᠠᠭᠠᠵᠠ ᠶᠢᠨ ᠲᠤᠰᠠᠯᠠᠮᠵᠢ ᠶᠢ ᠬᠥᠳᠡᠭᠡ ᠲᠣᠰᠬᠤᠨ ᠳᠤ ᠪᠠᠭᠤᠯᠭᠠᠵᠤ ᠬᠠᠤᠯᠢ ᠪᠠᠷ ᠵᠠᠰᠠᠬᠤ ᠠᠷᠠᠳ ᠲᠤ ᠲᠥᠬᠦᠮ ᠦᠵᠡᠭᠦᠯᠵᠦ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/5/13
      ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠨᠡᠶᠢᠭᠡᠮ ᠤᠨ ᠮᠡᠳᠡᠬᠦ ᠨᠣᠷᠮ᠎ᠠ᠂ ᠬᠠᠷᠢᠶ᠎ᠠ ᠣᠷᠣᠨ ᠤ ᠳᠣᠲᠣᠷᠠᠬᠢ ᠣᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠪᠣᠯᠤᠨ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠴᠢᠳᠠᠪᠤᠷᠢ ᠶᠢ ᠲᠡᠭᠡᠭᠰᠢᠯᠡᠭᠦᠯᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ᠶᠢ ᠤᠯᠠᠮ ᠨᠢᠭᠡ ᠠᠯᠬᠤᠮ ᠤᠬᠠᠭᠤᠯᠤᠨ ᠲᠤᠤᠱᠯᠠᠭᠤᠯᠵᠤ᠂ ᠠᠵᠤ ᠠᠬᠤᠶ ᠶᠢᠨ ᠬᠦᠴᠢᠷᠳᠡᠯᠲᠡᠶ ᠣᠯᠠᠨ ᠲᠦᠮᠡᠨ ᠪᠣᠯᠤᠨ ᠪᠠᠭᠤᠷᠠᠶᠢᠴᠤᠤᠯ ᠤᠨ ᠬᠠᠤᠯᠢ ᠶᠣᠰᠣᠨ ᠤ ᠡᠷᠬᠡ ᠠᠰᠢᠭ ᠢ ᠪᠦᠬᠦ ᠲᠠᠯ᠎ᠠ ᠪᠠᠷ ᠬᠠᠮᠠᠭᠠᠯᠠᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠣᠯᠠᠨ ᠲᠦᠮᠡᠨ ᠤ ᠬᠤᠭᠤᠷᠣᠨᠳᠣᠬᠢ ᠵᠠᠶ ᠦᠭᠡᠢ ᠪᠠᠶᠢᠬᠤ ᠶᠢ  ᠪᠡᠶᠡᠯᠡᠭᠦᠯᠬᠦ ᠶᠢᠨ ᠲᠤᠰᠠᠳᠠ᠂ 5 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠲᠣᠭᠲᠠᠬᠤ ᠰᠢᠶᠠᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠰᠢᠨ᠎ᠡ ᠶᠢᠩᠽᠢ ᠪᠠᠯᠭᠠᠰᠤᠨ ᠳᠤ ᠬᠦᠷᠴᠦ᠂ ︽ᠬᠠᠤᠯᠢ ᠴᠠᠭᠠᠵᠠ ᠶᠢᠨ ᠲᠤᠰᠠᠯᠠᠮᠵᠢ ᠶᠢ ᠬᠥᠳᠡᠭᠡ ᠲᠣᠰᠬᠤᠨ ᠳᠤ ᠪᠠᠭᠤᠯᠭᠠᠵᠤ᠂ ᠬᠠᠤᠯᠢ ᠪᠠᠷ ᠵᠠᠰᠠᠵᠤ ᠠᠷᠠᠳ ᠲᠤ ᠳᠥᠭᠦᠮ ᠦᠵᠡᠭᠦᠯᠵᠦ ᠬᠥᠮᠥᠰ ᠤᠨ ᠰᠡᠳᠬᠢᠯ ᠢ ᠲᠤᠯᠠᠭᠠᠴᠠᠭᠤᠯᠤᠶ᠎ᠠ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃
     ᠠᠵᠢᠯᠯᠠᠭ᠎ᠠ ᠶᠢᠨ ᠳᠤᠮᠳᠠ᠂ ᠠᠵᠢᠯᠲᠠᠳ ᠬᠥᠨᠳᠡᠯᠡᠨ ᠪᠢᠴᠢᠭᠡᠰᠦ ᠡᠯᠭᠦᠬᠦ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠠᠰᠠᠭᠤᠨ ᠯᠠᠪᠯᠠᠬᠤ ᠬᠠᠷᠢᠭᠤᠯᠲᠠ ᠥᠭᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠭᠤᠤᠯᠳᠠᠭᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ᠵᠢᠴᠢ ᠨᠠᠰᠤᠲᠠᠶᠢᠴᠤᠳ ᠤᠨ ᠡᠷᠬᠡ ᠠᠰᠢᠭ ᠤᠨ ᠪᠠᠲᠤᠯᠠᠭ᠎ᠠ᠂ ᠠᠵᠢᠯᠲᠠᠨ ᠠᠵᠢᠯᠴᠢᠨ ᠬᠥᠯᠥᠰᠥᠨ ᠠᠵᠢᠯᠴᠢᠨ ᠤ ᠬᠠᠤᠯᠢ ᠴᠠᠭᠠᠵᠠ ᠶᠢᠨ ᠲᠤᠰᠠᠯᠠᠮᠵᠢ ᠵᠡᠷᠭᠡ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠲᠦᠭᠡᠮᠡᠯᠵᠢᠭᠦᠯᠵᠡᠢ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠳᠤᠷᠠᠴᠤᠳ ᠠᠴᠠ ᠣᠯᠠᠨ ᠲᠦᠮᠡᠨ ᠳᠤ ᠬᠠᠤᠯᠢ ᠴᠠᠭᠠᠵᠠ ᠶᠢᠨ ᠲᠤᠰᠠᠯᠠᠮᠵᠢ ᠶᠢᠨ ᠦᠨᠳᠦᠰᠦᠨ ᠮᠡᠳᠡᠯᠭᠡ᠂ ᠭᠤᠶᠤᠴᠢᠯᠠᠬᠤ ᠨᠥᠬᠦᠴᠡᠯ᠂ ᠬᠥᠯᠥᠰᠥᠨ ᠠᠵᠢᠯᠴᠢᠨ ᠤ ᠠᠵᠢᠯ ᠬᠢᠬᠦ ᠳᠤ ᠠᠩᠬᠠᠷᠬᠤ ᠵᠦᠢᠯ ᠵᠢᠴᠢ ᠬᠠᠤᠯᠢ ᠴᠠᠭᠠᠵᠠ ᠶᠢᠨ ᠲᠤᠰᠠᠯᠠᠮᠵᠢ ᠶᠢᠨ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠲᠠᠶᠢᠯᠪᠤᠷᠢᠯᠠᠨ ᠥᠭᠴᠦ᠂ ᠬᠠᠷᠢᠶᠠᠲᠤ ᠣᠷᠣᠨ ᠤ ᠣᠯᠠᠨ ᠲᠦᠮᠡᠨ ᠳᠤ ᠨᠠᠩ ᠣᠯᠠᠨ ᠬᠠᠤᠯᠢ ᠴᠠᠭᠠᠵᠠ ᠶᠢᠨ ᠲᠤᠰᠠᠯᠠᠮᠵᠢ ᠶᠢᠨ ᠮᠡᠳᠡᠯᠭᠡ ᠶᠢ ᠤᠶᠢᠯᠠᠭᠠᠨ ᠡᠵᠡᠮᠰᠢᠭᠦᠯᠵᠦ᠂ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠨᠥᠬᠦᠴᠡᠯ ᠪᠠ ᠶᠠᠪᠤᠴᠠ ᠶᠢ ᠲᠣᠳᠣᠷᠬᠠᠶ ᠣᠶᠢᠯᠠᠭᠠᠭᠰᠠᠨ ᠰᠠᠭᠤᠷᠢᠨ ᠳᠡᠭᠡᠷ᠎ᠡ᠂ ᠡᠷᠬᠡ ᠪᠠᠨ ᠬᠠᠮᠠᠭᠠᠯᠠᠬᠤ ᠠᠷᠭ᠎ᠠ ᠵᠠᠮ ᠤᠨ ᠣᠯᠠᠨ ᠶᠠᠩᠵᠤᠲᠤ ᠴᠢᠨᠠᠷ ᠢ ᠣᠶᠢᠯᠠᠭᠠᠵᠤ᠂ ᠵᠢᠭᠤᠷᠠᠯᠳᠤᠭᠠᠨ ᠡᠭᠦᠰᠬᠦ ᠦᠶ᠎ᠡ ᠳᠤ ᠣᠨᠣᠪᠴᠢᠲᠠᠶ᠂ ᠣᠶᠤᠨᠴᠢ ᠪᠠᠷ ᠲᠣᠬᠢᠷᠠᠮᠵᠢᠲᠠᠶ ᠰᠢᠢᠳᠪᠦᠷᠢᠯᠡᠬᠦ ᠠᠷᠭ᠎ᠠ ᠮᠠᠶ᠋ᠢᠭ ᠢ ᠰᠣᠩᠭᠤᠵᠤ ᠴᠢᠳᠠᠬᠤ ᠪᠣᠯᠭᠠᠪᠠ᠃
     ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠣᠯᠠᠨ ᠲᠦᠮᠡᠨ ᠤ ᠬᠠᠤᠯᠢ ᠶᠣᠰᠣᠭᠠᠷ ᠥᠪᠡᠷ ᠤᠨ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠪᠠ ᠴᠢᠳᠠᠪᠤᠷᠢ ᠪᠠᠨ ᠨᠡᠮᠡᠭᠳᠡᠭᠦᠯᠵᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠣᠯᠠᠨ ᠲᠦᠮᠡᠨ ᠤ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠴᠠᠭᠠᠵᠠ ᠶᠢᠨ ᠠᠷᠭ᠎ᠠ ᠪᠠᠷᠢᠯ ᠢᠶᠠᠷ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠵᠤ᠂ ᠬᠠᠤᠯᠢ ᠴᠠᠭᠠᠵᠠ ᠶᠢᠨ ᠲᠤᠰᠠᠯᠠᠮᠵᠢ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠬᠥᠭᠵᠢᠭᠦᠯᠵᠦ᠂ ᠦᠨᠳᠦᠰᠦᠨ ᠱᠠᠲᠤ ᠲᠡᠰᠢ ᠬᠥᠭᠵᠢᠭᠦᠯᠦᠨ᠂ ᠬᠠᠷᠢᠶ᠎ᠠ ᠣᠷᠣᠨ ᠤ ᠣᠯᠠᠨ ᠲᠦᠮᠡᠨ ᠳᠤ ᠬᠠᠤᠯᠢ ᠴᠠᠭᠠᠵᠠ ᠶᠢᠨ ᠲᠤᠰᠠᠯᠠᠮᠵᠢ ᠶᠢ ᠣᠶᠢᠯᠠᠭᠠᠭᠤᠯᠤᠨ᠂ ᠬᠠᠤᠯᠢ ᠴᠠᠭᠠᠵᠠ ᠶᠢᠨ ᠲᠤᠰᠠᠯᠠᠮᠵᠢ ᠳᠤ ᠣᠷᠣᠯᠴᠠᠭᠤᠯᠵᠤ᠂ ᠬᠠᠤᠯᠢ ᠴᠠᠭᠠᠵᠠ ᠶᠢᠨ ᠲᠤᠰᠠᠯᠠᠮᠵᠢ ᠳᠤ ᠠᠰᠢᠭ ᠬᠦᠷᠲᠡᠭᠡᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠲᠤᠰ ᠲᠥᠪ ᠨᠢ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ᠶᠢ ᠰᠤᠷᠤᠯᠴᠠᠬᠤ᠂ ᠤᠬᠠᠭᠤᠯᠬᠤ ᠪᠠ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠦᠨ ᠂ ᠤᠯᠠᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ ᠢ ᠳᠡᠭᠡᠭᠰᠢᠯᠡᠭᠦᠯᠵᠦ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ︽ᠡᠳᠦᠷ ᠲᠤᠳᠤᠮ ᠤᠨ ᠬᠠᠤᠯᠢ ᠶᠢ ᠰᠤᠷᠤᠯᠴᠠᠬᠤ᠂ ᠠᠵᠢᠯ ᠶᠠᠪᠤᠳᠠᠯ ᠭᠦᠢᠴᠡᠳᠬᠡᠬᠦ ᠳᠤ ᠬᠠᠤᠯᠢ ᠶᠣᠰᠣᠭᠠᠷ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠨᠠᠮᠳᠠᠭᠤᠯᠬᠤ ᠳᠤ ᠬᠠᠤᠯᠢ ᠳᠤ ᠲᠦᠰᠢᠭᠯᠡᠬᠦ︾ ᠬᠠᠤᠯᠢᠵᠢᠯ ᠤᠨ ᠦᠵᠡᠯᠲᠡ ᠪᠠ ᠬᠠᠤᠯᠢ ᠴᠠᠭᠠᠵᠠ ᠶᠢᠨ ᠰᠡᠳᠬᠢᠬᠦᠢ ᠶᠢ ᠪᠤᠢ ᠪᠣᠯᠭᠠᠨ᠎ᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1