ᠬᠥᠬᠡᠬᠤᠲᠠ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠮᠴᠢᠯᠡᠭᠡᠨ ᠤ ᠪᠠᠶᠢᠭᠤᠯᠤᠮᠵᠢ ᠶᠢᠨ ᠲᠣᠭᠲᠠᠭᠰᠠᠨ ᠴᠡᠭ ᠤᠨ ᠬᠢᠷᠢ ᠬᠡᠮ ᠢ ᠦᠨᠡᠯᠡᠨ ᠵᠢᠱᠢᠭᠰᠡᠨ ᠦᠷ᠎ᠡ ᠳ᠋ᠦᠩ ᠤᠨ ᠲᠤᠬᠠᠶ ᠢᠦᠶ ᠴᠢᠤᠸᠠᠨ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠵᠠᠷ ︵ᠢᠦᠶ ᠴᠢᠤᠸᠠᠨ ᠲᠣᠭᠤᠷᠢᠭ ᠤᠨ 2024 ᠣᠨ ᠤ ᠳᠥᠷᠪᠡᠳᠦᠭᠡᠷ ᠪᠦᠯᠦᠭ︶
ᠨᠡᠶᠢᠲᠡᠯᠡᠭᠰᠡᠨ ᠴᠠᠭ᠄
2024/5/13
      ᠨᠢᠭᠡ᠂ ᠢᠯᠡ ᠨᠡᠶᠢᠲᠡᠯᠡᠬᠦ ᠠᠭᠤᠯᠭ᠎ᠠ      ︽ᠡᠮᠴᠢᠯᠡᠭᠡᠨ ᠤ ᠪᠠᠶᠢᠭᠤᠯᠤᠮᠵᠢ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠭᠲᠠᠭᠰᠠᠨ ᠴᠡᠭ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠵᠠᠷᠯᠢᠭ  2 ᠳ᠋ᠤᠭᠠᠷ ᠲᠣᠭᠠᠲᠤ︶᠂ ︽ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠭᠲᠠᠭᠰᠠᠨ ᠴᠡᠭ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠵᠠᠷᠯᠢᠭ  3 ᠳ᠋ᠤᠭᠠᠷ ᠲᠣᠭᠠᠲᠤ︶ ᠪᠠ ︽ᠬᠥᠬᠡᠬᠤᠲᠠ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠵᠥᠪᠳᠡᠯᠴᠡᠨ ᠬᠠᠮᠢᠶᠠᠷᠬᠤ ᠬᠤᠯᠪᠣᠭᠳᠠᠯ ᠪᠥᠬᠦᠶ ᠤᠴᠢᠷ ᠶᠠᠪᠤᠳᠠᠯ ᠤᠨ ᠲᠤᠬᠠᠶ ᠬᠥᠬᠡᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠮᠡᠳᠡᠭᠳᠡᠯ︾ ︵ᠬᠥᠬᠡᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠠᠷᠬᠠᠭᠠᠭᠰᠠᠨ ﹇2019﹈ 58 ᠳ᠋ᠤᠭᠠᠷ ᠲᠣᠭᠠᠲᠤ︶ ᠵᠢᠴᠢ ︽ᠬᠥᠬᠡᠬᠤᠲᠠ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠮᠴᠢᠯᠡᠭᠡᠨ ᠤ ᠪᠠᠶᠢᠭᠤᠯᠤᠮᠵᠢ ᠶᠢᠨ ᠲᠣᠭᠲᠠᠭᠰᠠᠨ ᠴᠡᠭ ᠤᠨ ᠬᠢᠷᠢ ᠬᠡᠮ ᠢ ᠮᠡᠳᠡᠭᠦᠯᠬᠦ ᠬᠤᠯᠪᠣᠭᠳᠠᠯ ᠪᠥᠬᠦᠶ ᠤᠴᠢᠷ ᠶᠠᠪᠤᠳᠠᠯ ᠤᠨ ᠲᠤᠬᠠᠶ ᠮᠡᠳᠡᠭᠳᠡᠯ︾ ︵ᠬᠥᠬᠡᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠠᠷᠬᠠᠭᠠᠭᠰᠠᠨ ﹇2021﹈ 28 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠬᠤᠯᠪᠣᠭᠳᠠᠯ ᠪᠥᠬᠦᠶ ᠵᠣᠷᠢᠭ ᠰᠠᠨᠠᠭ᠎ᠠ ᠶᠢ ᠦᠨᠳᠦᠰᠦᠯᠡᠨ᠂ ᠢᠦᠶ ᠴᠢᠤᠸᠠᠨ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠨᠡᠶᠢᠲᠡ 14 ᠬᠤᠪᠢ ᠲᠣᠭᠲᠠᠭᠰᠠᠨ ᠴᠡᠭ ᠤᠨ ᠬᠢᠷᠢ ᠬᠡᠮ ᠤᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠤᠯᠪᠠ᠃ 2024 ᠣᠨ ᠤ 4 ᠳ᠋ᠤᠭᠡᠷ ᠰᠠᠷ᠎ᠠ ᠶᠢᠨ 30 ᠤ ᠡᠳᠦᠷ᠂ ᠢᠦᠶ ᠴᠢᠤᠸᠠᠨ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠲᠥᠪ ᠤᠨ ᠡᠷᠬᠢᠯᠡᠭᠴᠢ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠪᠦᠯᠬᠦᠮ ᠳᠠᠭᠠᠭᠤᠯᠵᠤ ᠴᠠᠭ ᠲᠤᠬᠠᠶ ᠳᠤᠨᠢ ᠬᠠᠶᠢᠨ ᠰᠢᠯᠭᠠᠵᠤ ᠦᠨᠡᠯᠡᠨ ᠵᠢᠱᠢᠵᠦ᠂ 2024 ᠣᠨ ᠤ 4 ᠳ᠋ᠤᠭᠡᠷ ᠰᠠᠷ᠎ᠠ ᠶᠢᠨ 30 ᠤ ᠡᠳᠦᠷ ᠢᠦᠶ ᠴᠢᠤᠸᠠᠨ ᠲᠣᠭᠤᠷᠢᠭ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠮᠴᠢᠯᠡᠭᠡᠨ ᠤ ᠪᠠᠶᠢᠭᠤᠯᠤᠮᠵᠢ ᠶᠢᠨ ᠲᠣᠭᠲᠠᠭᠰᠠᠨ ᠴᠡᠭ ᠤᠨ ᠬᠢᠷᠢ ᠬᠡᠮ ᠢ ᠭᠤᠶᠤᠴᠢᠯᠠᠨ ᠮᠡᠳᠡᠭᠦᠯᠵᠦ ᠦᠨᠡᠯᠡᠨ ᠵᠢᠱᠢᠬᠦ ᠠᠵᠢᠯ ᠤᠨ ᠳᠤᠭᠤᠶᠢᠯᠠᠩ ᠢᠶᠠᠷ ᠳᠡᠮᠵᠢᠨ ᠦᠨᠡᠯᠡᠨ ᠵᠢᠱᠢᠵᠦ ᠬᠢᠨᠠᠨ ᠵᠥᠪᠯᠡᠵᠦ᠂ 14 ᠡᠮᠴᠢᠯᠡᠭᠡᠨ ᠤ ᠪᠠᠶᠢᠭᠤᠯᠤᠮᠵᠢ ᠮᠠᠨ ᠤ ᠬᠤᠲᠠ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠠᠵᠢᠯᠲᠠᠨ ᠤ ᠬᠤᠪᠢ ᠬᠥᠮᠦᠨ ᠤ ᠲᠠᠩᠰᠠᠨ ᠡᠷᠦᠬᠡ ᠶᠢᠨ ᠺᠠᠷᠲ ᠰᠢᠷᠪᠢᠬᠦ ᠪᠠᠷᠢᠮᠵᠢᠶ᠎ᠠ ᠳᠤ ᠨᠡᠶᠢᠴᠡᠪᠡ᠃      ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ      2024 ᠣᠨ ᠤ 5 ᠳ᠋ᠤᠭᠠᠷ ᠰᠠᠷ᠎ᠠ ᠶᠢᠨ 9 ᠤ ᠡᠳᠦᠷ  — 2024 ᠣᠨ ᠤ 5 ᠳ᠋ᠤᠭᠠᠷ ᠰᠠᠷ᠎ᠠ ᠶᠢᠨ 16 ᠤ ᠡᠳᠦᠷ      ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ      ᠨᠢᠭᠡᠴᠢ ᠪᠠ ᠬᠤᠪᠢ ᠬᠥᠮᠦᠨ ᠰᠤᠷᠪᠤᠯᠵᠢᠯᠠᠬᠤ᠂ ᠵᠠᠬᠢᠳᠠᠯ ᠢᠷᠡᠭᠦᠯᠬᠦ᠂ ᠤᠲᠠᠰᠤ ᠠᠪᠬᠤ ᠵᠡᠷᠭᠡ ᠬᠡᠯᠪᠡᠷᠢ ᠪᠠᠷ ᠵᠠᠷᠯᠠᠨ ᠨᠡᠶᠢᠲᠡᠯᠡᠬᠦ ᠡᠲᠡᠭᠡᠳ ᠤᠨ ᠬᠤᠯᠪᠣᠭᠳᠠᠯ ᠪᠥᠬᠦᠶ ᠪᠠᠶᠢᠳᠠᠯ ᠤᠨ ᠠᠰᠠᠭᠤᠳᠠᠯ ᠢ ᠲᠤᠰᠬᠠᠵᠤ ᠪᠣᠯᠤᠨ᠎ᠠ᠃ ᠠᠰᠠᠭᠤᠳᠠᠯ ᠢ ᠲᠤᠰᠬᠠᠬᠤ ᠳᠤ ᠪᠠᠶᠢᠴᠠᠭᠠᠭᠰᠠᠨ ᠭᠡᠷᠡᠴᠢ ᠵᠢᠴᠢ ᠪᠤᠰᠤᠳ ᠬᠤᠯᠪᠣᠭᠳᠠᠯ ᠪᠦᠬᠦᠢ ᠰᠦᠪᠡᠭᠴᠢ ᠶᠢ ᠬᠠᠩᠭᠠᠬᠤ ᠬᠡᠷᠡᠭᠲᠡᠶ᠃ ᠪᠢᠳᠡ ᠠᠰᠠᠭᠤᠳᠠᠯ ᠢ ᠲᠤᠰᠬᠠᠭᠴᠢᠳ ᠤᠨ ᠨᠢᠭᠤᠴᠠ ᠶᠢ ᠴᠢᠩᠭ᠋᠎ᠠ ᠬᠠᠮᠠᠭᠠᠯᠠᠨ᠎ᠠ᠃      ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ 0471 — 3980179      ᠣᠨᠴᠠᠭᠠᠶᠢᠯᠠᠨ ᠵᠠᠷᠯᠠᠪᠠ
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1