ᠲᠣᠭᠲᠠᠬᠤ ᠰᠢᠶᠠᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠪᠠ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2024/5/13
ᠢᠷᠡᠯᠲᠡ᠄ ᠡᠳ᠋ ᠤᠨ ᠵᠠᠰᠠᠭ ᠤᠨ ᠲᠣᠪᠴᠢᠶ᠎ᠠ      2024 ᠣᠨ ᠤ 1 ︱ 4 ᠳ᠋ᠤᠭᠡᠷ ᠰᠠᠷ᠎ᠠ ᠳᠤ᠂ ᠲᠣᠭᠲᠠᠬᠤ ᠰᠢᠶᠠᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠨᠡᠶᠢᠲᠡ 30203 ᠲᠦᠮᠡᠨ ᠲᠥᠭᠦᠷᠢᠭ ᠢ ᠪᠡᠶᠡᠯᠡᠭᠦᠯᠵᠦ᠂ ᠣᠨ ᠤ ᠲᠥᠰᠥᠪ ᠤᠨ ᠡᠭᠦᠷᠭᠡ ᠶᠢ 98900 ᠲᠦᠮᠡᠨ ᠲᠥᠭᠦᠷᠢᠭ ᠤᠨ 30.5% ᠪᠠᠷ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2925 ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠵᠦ᠂ 10.7% ᠪᠠᠷ ᠨᠡᠮᠡᠭᠳᠡᠪᠡ᠃ ᠡᠭᠦᠨ ᠳᠤ᠄ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠣᠷᠣᠯᠭ᠎ᠠ ᠶᠢᠨ ᠪᠡᠶᠡᠯᠡᠭᠦᠯᠦᠭᠰᠡᠨ ᠣᠷᠣᠯᠭ᠎ᠠ ᠨᠡᠶᠢᠲᠡ 26428 ᠲᠦᠮᠡᠨ ᠲᠥᠭᠦᠷᠢᠭ ᠲᠤ ᠬᠦᠷᠴᠦ᠂ 21.3% ᠪᠠᠷ ᠨᠡᠮᠡᠭᠳᠡᠪᠡ︔ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠭᠠᠶᠢᠯᠢ ᠶᠢᠨ ᠪᠤᠰᠤ ᠣᠷᠣᠯᠭ᠎ᠠ ᠶᠢ ᠨᠡᠶᠢᠲᠡ 3775 ᠲᠦᠮᠡᠨ ᠲᠥᠭᠦᠷᠢᠭ  ᠢ ᠪᠡᠶᠡᠯᠡᠭᠦᠯᠵᠦ᠂ -31.3% ᠪᠠᠷ  ᠪᠠᠭᠤᠷᠠᠪᠠ᠃      2024 ᠣᠨ ᠤ 1 ︱ 4 ᠳ᠋ᠤᠭᠡᠷ ᠰᠠᠷ᠎ᠠ ᠳᠤ᠂ ᠲᠣᠭᠲᠠᠬᠤ ᠰᠢᠶᠠᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠨᠡᠶᠢᠲᠡ 72894 ᠲᠦᠮᠡᠨ ᠲᠥᠭᠦᠷᠢᠭ ᠲᠤ ᠬᠦᠷᠴᠦ᠂ 30.7% ᠪᠠᠷ ᠨᠡᠮᠡᠭᠳᠡᠪᠡ᠃ ᠵᠠᠷᠤᠯᠭ᠎ᠠ ᠨᠢ ᠭᠤᠣᠯᠳᠠᠭᠤ ᠪᠦᠬᠦ ᠰᠢᠶᠠᠨ ᠤ ᠵᠠᠰᠠᠭ ᠵᠠᠬᠢᠷᠭ᠎ᠠ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠴᠠᠯᠢᠩ᠂ ᠳᠠᠭᠠᠳᠬᠠᠯ᠂  ᠡᠯ᠎ᠡ ᠠᠵᠢᠯᠯᠠᠭ᠎ᠠ᠂ ᠠᠷᠠᠳ‌‍ᠤᠨ ᠠᠮᠢᠳᠤᠷᠠᠯ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠥᠷᠢ ᠥᠭᠴᠡᠭᠡ ᠶᠢ ᠠᠷᠢᠯᠭᠠᠬᠤ ᠵᠡᠷᠭᠡ ᠪᠣᠯᠣᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1